ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠬᠢᠭᠡᠳ ᠣᠷᠣᠰ ᠤᠨ ᠠᠷᠤ ᠪᠠᠶᠢᠭᠠᠯ ᠤᠨ ᠬᠢᠯᠢ ᠬᠢᠵᠠᠭᠠᠷ ᠣᠷᠣᠨ ᠤ ᠵᠠᠰᠠᠭ ᠤᠨ ᠣᠷᠳᠣᠨ ᠤ ᠬᠤᠭᠤᠷᠣᠨᠳᠤᠬᠢ ᠲᠣᠭᠲᠠᠮᠠᠯ ᠬᠤᠭᠤᠴᠠᠭᠠᠲᠤ ᠠᠭᠤᠯᠵᠠᠯᠲᠠ ᠶᠢᠨ ᠲᠣᠭᠲᠠᠴᠠ ᠶᠢᠨ ᠳᠥᠷᠪᠡᠳᠦᠭᠡᠷ ᠤᠳᠠᠭ᠎ᠠ ᠶᠢᠨ ᠠᠭᠤᠯᠵᠠᠯᠲᠠ ᠶᠠᠪᠤᠭᠳᠠᠪᠠ  ᠮᠢᠷᠠᠬᠠᠶᠢᠳᠠᠯᠣᠹ · ᠮ᠊ · ᠹ᠊ ᠪᠣᠯᠣᠨ ᠶᠠᠩ ᠶᠢᠨ ᠬᠤᠷᠠᠯ ᠳᠤ ᠣᠷᠣᠯᠴᠠᠵᠠᠢ
ᠨᠡᠶᠢᠲᠡᠯᠡᠭᠰᠡᠨ ᠴᠠᠭ᠄
2024/8/22

    8 ᠰᠠᠷ᠎ᠠ ᠶᠢᠨ 20 ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ

ᠬᠢᠭᠡᠳ ᠣᠷᠣᠰ ᠤᠨ ᠠᠷᠤ ᠪᠠᠶᠢᠭᠠᠯ ᠤᠨ ᠬᠢᠯᠢ ᠬᠢᠵᠠᠭᠠᠷ ᠣᠷᠣᠨ ᠤ ᠵᠠᠰᠠᠭ ᠤᠨ ᠣᠷᠳᠣᠨ ᠤ ᠬᠤᠭᠤᠷᠣᠨᠳᠤᠬᠢ

ᠲᠣᠭᠲᠠᠮᠠᠯ ᠬᠤᠭᠤᠴᠠᠭᠠᠲᠤ ᠠᠭᠤᠯᠵᠠᠯᠲᠠ ᠶᠢᠨ ᠲᠣᠭᠲᠠᠴᠠ ᠶᠢᠨ ᠳᠥᠷᠪᠡᠳᠦᠭᠡᠷ ᠤᠳᠠᠭ᠎ᠠ ᠶᠢᠨ ᠠᠭᠤᠯᠵᠠᠯᠲᠠ

ᠬᠥᠬᠡᠬᠤᠲᠠ ᠳᠤ ᠶᠠᠪᠤᠭᠳᠠᠵᠠᠢ᠃

    ᠣᠷᠣᠰ ᠤᠨ ᠠᠷᠤ ᠪᠠᠶᠢᠭᠠᠯ ᠤᠨ ᠬᠢᠯᠢ ᠬᠢᠵᠠᠭᠠᠷ ᠣᠷᠣᠨ ᠤ ᠵᠠᠰᠠᠭ ᠤᠨ ᠣᠷᠳᠣᠨ ᠤ ᠨᠢᠭᠡᠳᠦᠭᠡᠷ ᠳᠡᠳ᠋

ᠲᠡᠷᠢᠭᠦᠯᠡᠭᠴᠢ᠂ ᠵᠠᠰᠠᠭ ᠵᠠᠬᠢᠷᠭᠠᠨ ᠤ ᠳᠠᠷᠤᠭ᠎ᠠ ᠶᠢᠨ ᠠᠯᠪᠠᠨ ᠲᠢᠩᠬᠢᠮ ᠤᠨ ᠡᠷᠬᠢᠯᠡᠭᠴᠢ ᠮᠢᠷᠠᠬᠠᠶᠢᠳᠠᠯᠣᠹ · ᠮ᠊ · ᠹ᠊

ᠪᠣᠯᠣᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠶᠠᠩ ᠶᠢᠨ ᠬᠤᠷᠠᠯ ᠳᠤ

ᠣᠷᠣᠯᠴᠠᠭᠰᠠᠨ ᠪᠥᠭᠡᠳ ᠠᠭᠤᠯᠵᠠᠯᠲᠠ ᠶᠢᠨ ᠲᠣᠪᠴᠢ ᠲᠡᠮᠳᠡᠭᠯᠡᠯ ᠳᠤ ᠭᠠᠷ ᠤᠨ ᠦᠰᠦᠭ ᠵᠢᠷᠤᠪᠠ᠃ ᠬᠤᠶᠠᠷ

ᠭᠠᠵᠠᠷ ᠤᠨ ᠬᠢᠨ ᠬᠤᠶᠠᠷ ᠤᠯᠤᠰ ᠤᠨ ᠲᠡᠷᠢᠭᠦᠨ ᠤ ᠴᠢᠬᠤᠯᠠ ᠬᠠᠮᠲᠤ ᠶᠢᠨ ᠲᠠᠨᠢᠯᠲᠠ ᠶᠢ ᠬᠠᠮᠲᠤ ᠪᠠᠷ ᠰᠠᠶᠢᠲᠤᠷ

ᠨᠠᠶᠢᠳᠠᠪᠤᠷᠢᠵᠢᠭᠤᠯᠵᠤ᠂ ᠠᠵᠤ ᠠᠬᠤᠢ ᠠᠷᠠᠯᠵᠢᠶ᠎ᠠ᠂ ᠬᠢᠯᠢ ᠶᠢᠨ ᠪᠣᠭᠤᠮᠲᠠ ᠶᠢᠨ ᠪᠦᠲᠦᠭᠡᠨ ᠪᠠᠶᠢᠭᠤᠯᠤᠯᠲᠠ᠂ ᠰᠣᠶᠣᠯ

ᠢᠷᠭᠡᠨᠰᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠡᠷᠭᠡ ᠬᠦᠷᠢᠶᠡᠨ ᠳᠤ ᠪᠣᠳᠠᠲᠠᠢ ᠶᠢ ᠡᠷᠬᠢᠮᠯᠡᠭᠰᠡᠨ ᠰᠣᠯᠢᠯᠴᠠᠭ᠎ᠠ

ᠬᠠᠮᠲᠤᠷᠠᠯᠴᠠᠭ᠎ᠠ ᠪᠠᠨ ᠦᠷᠭᠦᠯᠵᠢᠯᠡᠨ ᠥᠷᠨᠢᠭᠦᠯᠬᠦ ᠪᠣᠯᠣᠨ᠎ᠠ᠃

    ᠥᠪᠥᠷ ᠮᠣᠩᠭᠤᠯ ᠬᠢᠭᠡᠳ ᠣᠷᠣᠰ ᠤᠨ ᠠᠷᠤ ᠪᠠᠶᠢᠭᠠᠯ ᠤᠨ ᠬᠢᠯᠢ ᠬᠢᠵᠠᠭᠠᠷ ᠣᠷᠣᠨ ᠬᠥᠷᠰᠢ ᠵᠡᠷᠭᠡᠯᠡᠳᠡᠭᠡ

ᠪᠠᠶᠢᠷᠢᠯᠠᠵᠤ᠂ ᠣᠶᠢᠷ᠎ᠠ ᠶᠢᠨ ᠵᠢᠯ ᠠᠴᠠ ᠬᠤᠶᠠᠷ ᠭᠠᠵᠠᠷ ᠤᠨ ᠬᠢᠨ ᠰᠣᠯᠢᠯᠴᠠᠭ᠎ᠠ ᠶᠠᠪᠤᠯᠴᠠᠭ᠎ᠠ ᠪᠠᠨ ᠲᠠᠰᠤᠷᠠᠯᠲᠠ ᠦᠭᠡᠢ

ᠭᠦᠨᠵᠡᠭᠡᠶᠢᠷᠡᠭᠦᠯᠵᠦ᠂ ᠥᠷᠭᠡᠨ ᠬᠦᠷᠢᠶ᠎ᠡ ᠴᠠᠷᠠᠭ᠎ᠠ᠂ ᠣᠯᠠᠨ ᠳᠡᠰ ᠳᠠᠪᠬᠤᠷᠭ᠎ᠠ ᠶᠢᠨ ᠨᠥᠬᠦᠷᠰᠡᠭ ᠬᠠᠮᠲᠤᠷᠠᠯᠴᠠᠭᠠᠨ ᠤ

ᠪᠠᠶᠢᠳᠠᠯ ᠢ ᠠᠯᠬᠤᠮ ᠠᠯᠬᠤᠮ ᠢᠶᠠᠷ ᠪᠦᠷᠢᠯᠳᠦᠭᠦᠯᠵᠡᠢ᠃

 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号