ᠣᠶᠢᠷ᠎ᠠ ᠶᠢᠨ ᠵᠢᠯ ᠳᠤ᠂ ᠠᠶᠢᠮᠠᠭ ᠤᠨ ᠵᠡᠮᠳᠡᠭᠴᠦᠳ ᠤᠨ ᠬᠤᠯᠪᠣᠭ᠎ᠠ ᠶᠢᠨ ᠬᠢᠨ ᠵᠡᠮᠳᠡᠭᠴᠦᠳ ᠲᠤ ᠠᠵᠢᠯ | ᠣᠯᠭᠤᠬᠤ ᠠᠷᠭ᠎ᠠ ᠵᠠᠮ ᠢ ᠢᠳᠡᠪᠬᠢᠲᠡᠢ ᠥᠷᠭᠡᠳᠬᠡᠵᠦ᠂ ᠠᠵᠤ ᠦᠢᠯᠡᠰ ᠤᠨ ᠦᠢᠯᠡᠳᠦᠯ᠂ ᠭᠥᠯᠢᠶᠡᠨ ᠠᠪᠴᠤ ᠠᠵᠢᠯ | ᠣᠯᠭᠤᠬᠤ᠂ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠬᠦᠷᠲᠡᠭᠡᠬᠦ᠂ ᠣᠨᠴᠠᠯᠢᠭᠲᠤ ᠨᠠᠷᠠᠲᠤ ᠲᠡᠮᠳᠡᠭ ᠢ ᠡᠭᠦᠳᠬᠦ ᠵᠡᠷᠭᠡ | ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠡᠮᠳᠡᠭᠴᠦᠳ ᠤᠨ ᠭᠦᠢᠴᠡᠳ ᠠᠵᠢᠯ ᠣᠯᠬᠤ ᠶᠢ ᠠᠬᠢᠭᠤᠯᠪᠠ᠃ ᠥᠩᠭᠡᠷᠡᠬᠦ ᠵᠢᠯ᠂ | ᠪᠥᠬᠦ ᠠᠶᠢᠮᠠᠭ ᠤᠨ ᠬᠢᠨ 465 ᠵᠡᠮᠳᠡᠭᠴᠦᠳ ᠲᠤ ᠰᠢᠨ᠎ᠡ ᠪᠠᠷ ᠠᠵᠢᠯ ᠣᠯᠭᠤᠵᠤ᠂ ᠡᠭᠦᠷᠭᠡ ᠪᠠᠨ | ᠪᠡᠶᠡᠯᠡᠭᠦᠯᠦᠭᠰᠡᠨ ᠨᠣᠷᠮ᠎ᠠ 125.07% ᠳᠤ ᠬᠥᠷᠪᠡ᠃ | ᠠᠶᠢᠮᠠᠭ ᠤᠨ ᠵᠡᠮᠳᠡᠭᠴᠦᠳ ᠤᠨ ᠬᠤᠯᠪᠣᠭ᠎ᠠ ᠶᠢᠨ ᠬᠢᠨ ᠠᠪᠠᠭ᠎ᠠ ᠬᠤᠰᠢᠭᠤ᠂ ᠰᠥᠨᠢᠳ ᠪᠠᠷᠠᠭᠤᠨ ᠬᠤᠰᠢᠭᠤ᠂ | ᠵᠡᠭᠦᠨ ᠦᠵᠦᠮᠦᠴᠢᠨ ᠬᠤᠰᠢᠭᠤ᠂ ᠰᠢᠯᠤᠭᠤᠨ ᠬᠥᠬᠡ ᠬᠤᠰᠢᠭᠤᠨ ᠳᠤ ᠨᠠᠶᠢᠳᠠᠨ ᠮᠠᠯᠵᠢᠭᠤᠯᠵᠤ ᠨᠠᠶᠢᠳᠠᠨ | ᠬᠠᠮᠢᠶᠠᠷᠤᠭᠤᠯᠬᠤ 4 ᠲᠥᠷᠥᠯ ᠵᠦᠢᠯ ᠢ ᠲᠤᠷᠰᠢᠨ ᠥᠷᠨᠢᠭᠦᠯᠵᠦ᠂ ᠲᠤᠬᠠᠢ ᠶᠢᠨ ᠭᠠᠵᠠᠷ ᠤᠨ ᠳᠠᠭᠠᠭᠤᠯᠤᠭᠴᠢ ᠠᠵᠤ | ᠠᠬᠤᠶᠢᠯᠠᠯ᠂ ᠲᠡᠵᠢᠭᠡᠨ ᠦᠷᠡᠵᠢᠭᠦᠯᠬᠦ ᠬᠤᠷᠰᠢᠶᠠᠵᠢᠯ᠂ ᠭᠡᠷ ᠪᠦᠯᠢ ᠶᠢᠨ ᠮᠠᠯᠵᠢᠯ ᠤᠨ ᠲᠠᠯᠠᠪᠠᠶ ᠠᠴᠠ ᠵᠡᠮᠳᠡᠭᠴᠦᠳ ᠲᠠᠢ | ᠮᠠᠯ ᠤᠨᠤᠭ᠎ᠠ ᠶᠢ ᠨᠠᠶᠢᠳᠠᠨ ᠮᠠᠯᠵᠢᠭᠤᠯᠵᠤ ᠨᠠᠶᠢᠳᠠᠨ ᠬᠠᠮᠢᠶᠠᠷᠤᠭᠤᠯᠬᠤ ᠵᠥᠪᠳᠡᠯᠴᠡᠭᠡᠷ ᠲᠣᠭᠲᠠᠵᠤ᠂ ᠵᠢᠯ ᠤᠨ | ᠡᠴᠦᠰ ᠲᠤ ᠣᠷᠣᠭᠤᠯᠤᠭᠰᠠᠨ ᠦᠢᠯᠡᠳᠪᠦᠷᠢᠯᠡᠯ ᠤᠨ ᠬᠡᠷᠡᠭᠰᠡᠯ ᠤᠨ ᠡᠬᠡ ᠮᠥᠩᠭᠦ ᠶᠢᠨ 20% -25% ᠪᠠᠷ ᠠᠰᠢᠭ | ᠬᠤᠪᠢᠶᠠᠷᠢᠯᠠᠬᠤ ᠠᠷᠭ᠎ᠠ ᠬᠡᠯᠪᠡᠷᠢ ᠶᠢ ᠠᠪᠴᠤ᠂ ᠨᠡᠶᠢᠲᠡ 55 ᠵᠡᠮᠳᠡᠭ ᠬᠥᠮᠥᠨ ᠨᠠᠶᠢᠳᠠᠨ ᠮᠠᠯᠵᠢᠭᠤᠯᠵᠤ ᠨᠠᠶᠢᠳᠠᠨ | ᠬᠠᠮᠢᠶᠠᠷᠤᠭᠤᠯᠬᠤ ᠵᠥᠪᠳᠡᠯᠴᠡᠭᠡᠷ ᠲᠣᠭᠲᠠᠵᠤ᠂ ᠵᠢᠯ ᠳᠤ ᠬᠥᠮᠥᠨ ᠳᠤᠮᠳᠠᠴᠢ ᠶᠢᠨ ᠣᠷᠣᠯᠭ᠎ᠠ ᠪᠠᠨ 3000 ᠭᠠᠷᠤᠢ | ᠲᠥᠭᠦᠷᠢᠭ ᠨᠡᠮᠡᠭᠳᠡᠭᠦᠯᠵᠡᠢ᠃ ᠠᠶᠢᠮᠠᠭ ᠤᠨ ᠵᠡᠮᠳᠡᠭᠴᠦᠳ ᠤᠨ ᠬᠤᠯᠪᠣᠭ᠎ᠠ ᠶᠢᠨ ᠬᠢᠨ ᠪᠠᠰᠠ ᠲᠠᠶᠢᠹᠤᠰᠧ ᠬᠤᠰᠢᠭᠤ᠂ | ᠰᠢᠯᠤᠭᠤᠨ ᠬᠥᠪᠡᠭᠡᠲᠦ ᠴᠠᠭᠠᠨ ᠬᠤᠰᠢᠭᠤ ᠵᠡᠷᠭᠡ ᠭᠠᠵᠠᠷ ᠲᠠᠢ ᠲᠤᠷᠰᠢᠨ ᠬᠠᠮᠲᠤᠷᠠᠯᠴᠠᠵᠤ᠂ 35 ᠵᠡᠮᠳᠡᠭᠴᠦᠳ ᠤᠨ | ᠬᠦᠷᠢᠶᠡᠯᠡᠩ ᠲᠣᠭᠤᠷᠢᠭ ᠤᠨ ᠠᠵᠤ ᠠᠬᠤᠢ ᠶᠢ ᠬᠥᠭᠵᠢᠭᠦᠯᠬᠦ ᠶᠢ ᠳᠡᠮᠵᠢᠵᠦ᠂ ᠵᠢᠯ ᠳᠤ ᠬᠥᠮᠥᠨ ᠳᠤᠮᠳᠠᠴᠢ ᠶᠢᠨ | ᠤᠷᠤᠯᠭ᠎ᠠ ᠶᠢ 6000 ᠭᠠᠷᠤᠢ ᠲᠥᠭᠦᠷᠢᠭ ᠨᠡᠮᠡᠭᠳᠡᠭᠦᠯᠵᠡᠢ᠃ ᠣᠳᠣᠬᠠᠨ ᠪᠣᠯᠲᠠᠯ᠎ᠠ᠂ ᠪᠥᠬᠦ ᠠᠶᠢᠮᠠᠭ ᠤᠨ ᠬᠢᠨ | ᠵᠡᠮᠳᠡᠭᠴᠦᠳ ᠢ ᠲᠤᠰᠠᠯᠠᠬᠤ ᠲᠥᠷᠥᠯ ᠵᠦᠢᠯ ᠳᠤ ᠨᠡᠶᠢᠲᠡ 298 ᠲᠦᠮᠡᠨ ᠲᠥᠭᠦᠷᠢᠭ ᠤᠨ ᠪᠡᠯᠡ ᠮᠥᠩᠭᠦ | ᠣᠷᠣᠭᠤᠯᠵᠤ᠂ ᠮᠠᠯᠵᠢᠬᠤ ᠲᠠᠷᠢᠶᠠᠯᠠᠬᠤ ᠣᠷᠣᠨ ᠤ 81 ᠵᠡᠮᠳᠡᠭᠴᠦᠳ ᠲᠤ ᠠᠵᠢᠯ ᠣᠯᠭᠤᠵᠤ᠂ ᠠᠵᠤ ᠦᠢᠯᠡᠰ ᠢᠶᠠᠷ | ᠳᠠᠮᠵᠢᠨ 122 ᠵᠡᠮᠳᠡᠭᠴᠦᠳ ᠲᠤ ᠲᠤᠰᠠᠯᠠᠮᠵᠢ ᠦᠵᠡᠭᠦᠯᠵᠡᠢ᠃ | ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠵᠢᠴᠢ ᠤᠯᠤᠰ ᠤᠨ ᠥᠮᠴᠢᠯᠡᠯ ᠤᠨ ᠠᠵᠤ ᠠᠬᠤᠶᠢᠯᠠᠯ | ᠲᠦᠷᠦᠭᠦᠯᠡᠨ ᠵᠡᠮᠳᠡᠭᠴᠦᠳ ᠲᠤ ᠠᠵᠢᠯ ᠣᠯᠭᠤᠬᠤ᠂ ᠬᠤᠲᠠ ᠪᠠᠯᠭᠠᠰᠤᠨ ᠤ ᠵᠡᠮᠳᠡᠭᠴᠦᠳ ᠲᠤ ᠳᠡᠮᠵᠢᠯᠭᠡ ᠶᠢᠨ | ᠴᠢᠨᠠᠷᠲᠠᠢ ᠠᠵᠢᠯ ᠣᠯᠭᠤᠬᠤ ᠲᠠᠯᠠᠪᠤᠷ ᠭᠠᠵᠠᠷ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠵᠡᠮᠳᠡᠭᠴᠦᠳ ᠲᠤ ᠠᠵᠢᠯ ᠤᠨ ᠪᠠᠶᠢᠷᠢ ᠬᠠᠩᠭᠠᠪᠠ᠃ ᠣᠳᠣᠬᠠᠨ ᠪᠣᠯᠲᠠᠯ᠎ᠠ᠂ ᠪᠦᠬᠦ ᠠᠶᠢᠮᠠᠭ ᠤᠨ 93 ᠠᠯᠪᠠᠨ | ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠪᠣᠯᠣᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠲᠦᠷᠦᠭᠦᠯᠡᠨ | 319 ᠵᠡᠮᠳᠡᠭᠴᠦᠳ ᠲᠤ ᠠᠵᠢᠯ ᠣᠯᠭᠤᠵᠤ᠂ 131 ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠲᠠᠶᠢᠴᠢᠯᠠᠨ | 298 ᠵᠡᠮᠳᠡᠭᠴᠦᠳ ᠲᠤ ᠠᠵᠢᠯ ᠣᠯᠭᠤᠵᠠᠢ᠂ ᠡᠭᠦᠨ ᠠᠴᠠ ᠭᠠᠳᠠᠨ᠎ᠠ᠂ 270 ᠲᠦᠮᠡᠨ ᠲᠥᠭᠦᠷᠢᠭ ᠤᠨ ᠪᠡᠯᠡ ᠮᠥᠩᠭᠦ | ᠣᠷᠣᠭᠤᠯᠵᠤ ᠬᠤᠳᠠ ᠪᠠᠯᠭᠠᠰᠤᠨ ᠤ ᠵᠡᠮᠳᠡᠭᠴᠦᠳ ᠤᠨ ᠳᠡᠮᠵᠢᠯᠭᠡ ᠶᠢᠨ ᠴᠢᠨᠠᠷᠲᠠᠢ ᠠᠵᠢᠯ ᠣᠯᠭᠤᠯᠲᠠ ᠶᠢᠨ ᠲᠠᠯᠠᠪᠤᠷ | ᠭᠠᠵᠠᠷ 10 ᠶᠢ ᠪᠠᠶᠢᠭᠤᠯᠵᠤ᠂ ᠨᠡᠶᠢᠳᠡ 147 ᠵᠡᠮᠳᠡᠭᠴᠦᠳ ᠢ ᠲᠣᠬᠢᠷᠠᠭᠤᠯᠤᠨ ᠠᠵᠢᠯ ᠣᠯᠭᠤᠵᠠᠢ᠃ | ᠠᠶᠢᠮᠠᠭ ᠤᠨ ᠵᠡᠮᠳᠡᠭᠴᠦᠳ ᠤᠨ ᠬᠤᠯᠪᠣᠭ᠎ᠠ ᠨᠢ ᠰᠢᠯᠢ ᠶᠢᠨ ᠭᠤᠣᠯ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠲᠠᠢ ᠬᠠᠮᠲᠤᠷᠠᠨ ᠵᠡᠮᠳᠡᠭ ᠣᠶᠤᠲᠠᠳ ᠲᠤ ᠠᠵᠢᠯ ᠣᠯᠭᠤᠬᠤ ᠳᠠᠳᠤᠯᠭ᠎ᠠ ᠪᠣᠯᠪᠠᠰᠤᠷᠠᠯ ᠤᠨ ᠰᠠᠭᠤᠷᠢᠨ | ᠭᠠᠵᠠᠷ ᠢ ᠪᠠᠶᠢᠭᠤᠯᠵᠤ᠂ ᠰᠢᠯᠢ ᠶᠢᠨ ᠭᠤᠣᠯ ᠠᠶᠢᠮᠠᠭ ᠤᠨ ᠠᠳᠤᠭᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ᠂ | ᠬᠥᠪᠡᠭᠡᠲᠦ ᠰᠢᠷ᠎ᠠ ᠬᠤᠰᠢᠭᠤᠨ ᠤ ᠴᠠᠭᠠᠨ ᠢᠳᠡᠭᠡ ᠡᠳ᠋ᠰᠢᠭᠦᠯᠬᠦ ᠬᠦᠷᠢᠶᠡᠯᠡᠩ ᠲᠣᠭᠤᠷᠢᠭ ᠵᠡᠷᠭᠡ ᠭᠤᠷᠪᠠᠳᠠᠭᠢ | ᠡᠲᠡᠭᠡᠳ ᠲᠠᠢ ᠬᠠᠮᠲᠤᠷᠠᠨ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠳᠠᠳᠤᠯᠭ᠎ᠠ ᠪᠣᠯᠪᠠᠰᠤᠷᠠᠯ ᠤᠨ ᠰᠠᠭᠤᠷᠢᠨ | ᠭᠠᠵᠠᠷ ᠢ ᠬᠠᠮᠲᠤᠪᠠᠷ ᠪᠠᠶᠢᠭᠤᠯᠵᠤ᠂ ᠪᠣᠯᠪᠠᠰᠤᠷᠠᠯ ᠳᠤ ᠤᠷᠤᠯᠴᠠᠬᠰᠠᠨ ᠨᠣᠷᠮ᠎ᠠ 100% ᠳᠤ ᠬᠦᠷᠪᠡ᠃ ᠡᠭᠦᠨ ᠠᠴᠠ | ᠭᠠᠳᠠᠨ᠎ᠠ᠂ ᠠᠶᠢᠮᠠᠭ ᠤᠨ ᠵᠡᠮᠳᠡᠭᠴᠦᠳ ᠲᠤ ᠠᠵᠢᠯ ᠣᠯᠭᠤᠵᠤ ᠦᠢᠯᠡᠰ ᠪᠣᠰᠬᠠᠬᠤ ᠬᠥᠪᠥᠷᠡᠭᠦᠯᠬᠦ ᠬᠦᠷᠢᠶᠡᠯᠡᠩ | ᠲᠣᠭᠤᠷᠢᠭ ᠢᠶᠠᠷ ᠲᠦᠰᠢᠭ ᠪᠣᠯᠭᠠᠵᠤ᠂ ᠵᠡᠮᠳᠡᠭ ᠦᠢᠯᠡᠰ ᠪᠣᠰᠬᠠᠭᠴᠢ ᠠᠴᠠ ᠲᠣᠭᠲᠠᠭᠰᠠᠨ ᠬᠤᠭᠤᠴᠠᠭᠠᠨ ᠳᠤ ᠭᠡᠷ ᠤᠨ | ᠲᠦᠷᠢᠶᠡᠰᠦ ᠠᠪᠬᠤ ᠦᠭᠡᠢ ᠮᠥᠷᠲᠡᠭᠡᠨ ᠦᠢᠯᠡᠰ ᠪᠣᠰᠬᠠᠬᠤ ᠨᠥᠬᠦᠪᠦᠷᠢ᠂ ᠲᠤᠰᠬᠠᠢ ᠮᠡᠷᠭᠡᠵᠢᠯ ᠤᠨ ᠵᠢᠯᠣᠭᠤᠳᠤᠯᠭ᠎ᠠ | ᠬᠠᠩᠭᠠᠵᠤ᠂ ᠨᠢᠳᠤᠨᠤᠨ ᠨᠡᠶᠢᠲᠡ 19 ᠵᠡᠮᠳᠡᠭᠴᠦᠳ ᠢ ᠲᠣᠬᠢᠷᠠᠭᠤᠯᠤᠨ ᠠᠵᠢᠯ ᠣᠯᠭᠤᠵᠠᠢ᠃ |