ᠣᠶᠢᠷ᠎ᠠ ᠳᠤ ᠶᠠᠪᠤᠭᠳᠠᠭᠰᠠᠨ 2024 ᠣᠨ ᠤ ᠲᠣᠭᠠᠴᠢᠯᠠᠭᠰᠠᠨ ᠵᠠᠰᠠᠭ ᠤᠨ ᠣᠷᠳᠣᠨ ᠤ ᠶᠠᠷᠢᠶᠠᠨ ᠤ | ᠲᠠᠪᠴᠠᠩ ᠳᠡᠭᠡᠷ᠎ᠡ᠂ ᠳᠤᠮᠳᠠᠳᠤ ᠤᠯᠤᠰ ᠤᠨ ᠮᠡᠳᠡᠭᠡ ᠵᠠᠩᠭᠢ ᠶᠢᠨ ᠨᠡᠶᠢᠭᠡᠮᠯᠢᠭ ᠠᠴᠠ ︽2024 ᠣᠨ ᠤ | ᠲᠣᠭᠠᠴᠢᠯᠠᠭᠰᠠᠨ ᠵᠠᠰᠠᠭ ᠤᠨ ᠣᠷᠳᠣᠨ ᠤ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠬᠢᠭᠡᠳ ᠦᠢᠯᠡᠳᠦᠯᠭᠡ ᠶᠢᠨ | ᠵᠢᠱᠢᠶ᠎ᠡ ᠳᠤ ᠰᠣᠩᠭᠤᠭᠳᠠᠭᠰᠠᠨ ᠲᠤᠬᠠᠢ ᠲᠣᠭᠲᠠᠭᠠᠯ︾ ᠢ ᠨᠡᠶᠢᠲᠡᠯᠡᠵᠦ᠂ ᠮᠠᠨ ᠤ ᠠᠶᠢᠮᠠᠭ ᠤᠨ ᠵᠠᠰᠠᠭ ᠤᠨ | ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠮᠡᠳᠡᠭᠦᠯᠦᠭᠰᠡᠨ ︽ | ᠰᠢᠯᠢ ᠶᠢᠨ ᠭᠤᠣᠯ ᠠᠶᠢᠮᠠᠭ ᠤᠨ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠨᠡᠶᠢᠳᠬᠡᠵᠦ | ᠬᠠᠮᠲᠤ ᠪᠠᠷ ᠡᠳ᠋ᠯᠡᠬᠦ ᠨᠡᠭᠡᠭᠡᠯᠲᠡᠲᠤ ᠬᠡᠷᠡᠭᠯᠡᠭᠡᠨ ᠤ ᠰᠢᠨ᠎ᠡ ᠶᠢ ᠡᠭᠦᠳᠦᠭᠰᠡᠨ ᠵᠢᠱᠢᠶ᠎ᠡ︾ ᠨᠢ ︽2024 ᠣᠨ ᠤ | ᠲᠣᠭᠠᠴᠢᠯᠠᠭᠰᠠᠨ ᠵᠠᠰᠠᠭ ᠤᠨ ᠣᠷᠳᠣᠨ ᠤ ᠬᠠᠮᠢᠶᠠᠷᠤᠯᠲᠠ ᠶᠢᠨ ᠰᠢᠨ᠎ᠡ ᠶᠢ ᠡᠭᠦᠳᠦᠭᠰᠡᠨ ᠲᠥᠷᠥᠯ︾ ᠤᠨ ᠨᠡᠶᠢᠲᠡᠯᠢᠭ | ᠵᠢᠱᠢᠶ᠎ᠡ ᠳᠤ ᠠᠮᠵᠢᠯᠲᠠ ᠲᠠᠢ ᠪᠠᠷ ᠰᠣᠩᠭᠤᠭᠳᠠᠵᠠᠢ᠃ | ᠮᠠᠨ ᠤ ᠠᠶᠢᠮᠠᠭ ᠠᠶᠢᠮᠠᠭ ᠬᠤᠰᠢᠭᠤ ᠬᠤᠶᠠᠷ ᠱᠠᠲᠤᠨ ᠤ ᠡᠭᠦᠯᠡᠨ ᠡᠬᠢ ᠪᠠᠶᠠᠯᠢᠭ ᠤᠨ ᠲᠥᠪ ᠪᠠ ᠠᠶᠢᠮᠠᠭ | ᠬᠤᠰᠢᠭᠤ ᠰᠢᠶᠠᠨ ᠤ ᠬᠡᠪᠴᠢᠶᠡᠨ ᠤ ᠵᠠᠰᠠᠭ ᠤᠨ ᠶᠠᠪᠤᠳᠠᠯ ᠤᠨ ᠰᠦᠯᠵᠢᠶ᠎ᠡ ᠳᠤ ᠲᠦᠰᠢᠭᠯᠡᠨ᠂ ︽4+2︾ ᠤᠨ ᠲᠤᠭ᠎ᠠ | ᠪᠠᠷᠢᠮᠲᠠ ᠶᠢ ᠬᠠᠮᠲᠤ ᠪᠠᠷ ᠡᠳ᠋ᠯᠡᠬᠦ ᠨᠡᠭᠡᠭᠡᠯᠲᠡᠲᠤ ᠲᠠᠪᠴᠠᠩ ᠤᠨ ᠰᠢᠰᠲ᠋ᠧᠮ ᠢ ᠪᠥᠬᠦ ᠣᠷᠣᠨ ᠳᠤ ᠤᠷᠢᠳ ᠢᠶᠠᠷ | ᠪᠠᠶᠢᠭᠤᠯᠵᠤ᠂ 63 ᠰᠠᠯᠠᠭ᠎ᠠ ᠮᠥᠴᠢᠷ ᠤᠨ 1711 ᠲᠥᠷᠥᠯ ᠤᠨ 17.36 ᠳ᠋ᠦᠩᠰᠢᠭᠤᠷ ᠵᠤᠷᠪᠤᠰ ᠲᠤᠭ᠎ᠠ | ᠪᠠᠷᠢᠮᠲᠠ ᠶᠢ ᠨᠡᠶᠢᠳᠬᠡᠪᠡ᠃ ᠣᠷᠣᠨ ᠤ ᠰᠢᠭᠤᠳ ᠬᠠᠷᠢᠶ᠎ᠠ 13 ᠰᠠᠯᠠᠭ᠎ᠠ ᠮᠥᠴᠢᠷ ᠤᠨ 34 ᠲᠤᠬᠠᠶᠢᠯᠠᠭᠰᠠᠨ | ᠠᠵᠢᠯ ᠤᠨ ᠰᠢᠰᠲ᠋ᠧᠮ ᠢ ᠨᠠᠪᠲᠠᠷᠡᠭᠦᠯᠵᠦ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ᠂ | ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ | ᠬᠢᠨᠠᠨ ᠵᠥᠪᠰᠢᠶᠡᠷᠡᠬᠦ ᠵᠡᠷᠭᠡ ᠠᠶᠢᠮᠠᠭ ᠤᠨ ᠱᠠᠲᠤᠨ ᠤ ᠥᠪᠡᠰᠦᠪᠡᠨ ᠪᠠᠶᠢᠭᠤᠯᠤᠭᠰᠠᠨ ᠥᠨᠳᠥᠷ ᠳᠠᠪᠲᠠᠮᠵᠢᠲᠤ | ᠲᠤᠬᠠᠶᠢᠯᠠᠭᠰᠠᠨ ᠠᠵᠢᠯ ᠤᠨ ᠲᠠᠪᠴᠠᠩ ᠬᠢᠭᠡᠳ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠲᠠᠪᠴᠠᠩ ᠢ ᠴᠥᠮ | ᠨᠡᠶᠢᠳᠬᠡᠵᠦ ᠬᠤᠯᠪᠤᠭᠠᠯᠠᠨ ᠨᠡᠪᠲᠡᠷᠡᠭᠦᠯᠬᠦ ᠶᠢ ᠪᠡᠶᠡᠯᠡᠭᠦᠯᠵᠦ᠂ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ | ᠬᠤᠲᠠ ᠭᠤᠷᠪᠠᠨ ᠱᠠᠲᠤᠨ ᠤ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠭᠰᠡᠨ ᠵᠠᠰᠠᠭ ᠤᠨ ᠶᠠᠪᠤᠳᠠᠯ ᠤᠨ | ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠰᠣᠯᠢᠯᠴᠠᠬᠤ ᠰᠢᠰᠲ᠋ᠧᠮ ᠢ ᠪᠦᠷᠢᠯᠳᠦᠭᠦᠯᠪᠡ᠃ | ︽4+2︾ ᠤᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠨᠡᠭᠡᠭᠡᠯᠲᠡᠲᠤ ᠲᠠᠪᠴᠠᠩ ᠢ ᠪᠠᠶᠢᠭᠤᠯᠵᠤ᠂ | ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠨᠡᠶᠢᠳᠬᠡᠵᠦ ᠬᠠᠮᠲᠤ ᠪᠠᠷ ᠡᠳ᠋ᠯᠡᠬᠦ ᠨᠡᠭᠡᠭᠡᠯᠲᠡᠲᠤ | ᠬᠡᠷᠡᠭᠯᠡᠭᠡᠨ ᠤ ᠰᠢᠨ᠎ᠡ ᠶᠢ ᠡᠭᠦᠳᠦᠭᠰᠡᠨ ᠨᠢ ᠮᠠᠨ ᠤ ᠠᠶᠢᠮᠠᠭ ᠤᠨ ᠲᠣᠭᠠᠴᠢᠯᠠᠭᠰᠠᠨ ᠵᠠᠰᠠᠭ ᠤᠨ ᠣᠷᠳᠣᠨ ᠤ | ᠪᠠᠶᠢᠭᠤᠯᠤᠯᠲᠠ ᠶᠢ ᠠᠬᠢᠭᠤᠯᠬᠤ ᠲᠠᠯ᠎ᠠ ᠪᠠᠷ ᠣᠯᠣᠭᠰᠠᠨ ᠪᠣᠳᠠᠲᠠᠢ ᠦᠷ᠎ᠡ ᠪᠦᠲᠦᠮᠵᠢ ᠶᠢᠨ ᠨᠢᠭᠡ ᠪᠣᠯᠣᠨ᠎ᠠ᠃ | ᠣᠶᠢᠷ᠎ᠠ ᠶᠢᠨ ᠵᠢᠯ ᠤᠳ ᠲᠤ᠂ ᠮᠠᠨ ᠤ ᠠᠶᠢᠮᠠᠭ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ | ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ | ᠵᠠᠰᠠᠯᠲᠠ ᠶᠢ ᠰᠢᠯᠢᠳᠡᠭᠵᠢᠭᠦᠯᠬᠦ᠂ ᠵᠠᠭᠪᠤᠷ ᠤᠨ ᠰᠢᠨ᠎ᠡ ᠶᠢ ᠡᠭᠦᠳᠬᠦ ᠪᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ | ᠴᠢᠳᠠᠪᠤᠷᠢ ᠶᠢ ᠳᠡᠭᠡᠭᠰᠢᠯᠡᠭᠦᠯᠬᠦ ᠶᠢ ᠪᠥᠬᠦ ᠲᠠᠯ᠎ᠠ ᠪᠠᠷ ᠠᠬᠢᠭᠤᠯᠵᠤ᠂ ᠪᠥᠬᠦ ᠠᠶᠢᠮᠠᠭ ᠤᠨ ᠲᠣᠭᠠᠴᠢᠯᠠᠭᠰᠠᠨ᠂ | ᠣᠶᠤᠨᠴᠢᠯᠠᠭᠰᠠᠨ ᠵᠠᠰᠠᠭ ᠤᠨ ᠣᠷᠳᠣᠨ ᠤ ᠠᠵᠢᠯᠯᠠᠭᠠᠨ ᠤ ᠰᠢᠨ᠎ᠡ ᠬᠡᠯᠪᠡᠷᠢ ᠪᠠᠶᠢᠳᠠᠯ ᠢ ᠪᠣᠶ ᠪᠣᠯᠭᠠᠪᠠ᠃ | ᠣᠶᠢᠯᠠᠭᠠᠭᠰᠠᠨ ᠢᠶᠠᠷ᠂ ᠣᠳᠣᠬᠠᠨ ᠪᠣᠯᠲᠠᠯ᠎ᠠ᠂ ᠪᠥᠬᠦ ᠠᠶᠢᠮᠠᠭ ᠤᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ | ᠰᠣᠯᠢᠯᠴᠠᠬᠤ ᠲᠠᠪᠴᠠᠩ ᠨᠢ ᠨᠢᠭᠡᠨᠲᠡ ᠥᠪᠡᠷᠲᠡᠭᠡᠨ ᠵᠠᠰᠠᠬᠤ ᠣᠷᠣᠨ ᠤ ᠲᠠᠪᠴᠠᠩ ᠳᠤ 2.8 ᠳ᠋ᠦᠩᠰᠢᠭᠤᠷ ᠭᠠᠷᠤᠢ | ᠵᠤᠷᠪᠤᠰ ᠲᠤᠭ᠎ᠠ ᠪᠠᠷᠢᠮᠲᠠ ᠶᠢ ᠴᠤᠭᠯᠠᠭᠤᠯᠵᠤ᠂ ᠨᠡᠶᠢᠲᠡ 48 ᠰᠠᠯᠠᠭ᠎ᠠ ᠮᠥᠴᠢᠷ ᠤᠨ 626 ᠲᠥᠷᠥᠯ ᠤᠨ 207 | ᠲᠦᠮᠡ ᠭᠠᠷᠤᠢ ᠵᠤᠷᠪᠤᠰ ᠲᠤᠭ᠎ᠠ ᠪᠠᠷᠢᠮᠲᠠ ᠶᠢ ᠨᠡᠶᠢᠲᠡᠯᠡᠨ᠂ ᠲᠤᠭ᠎ᠠ ᠪᠠᠷᠢᠮᠲᠠ ᠶᠢ ᠰᠢᠯᠵᠢᠭᠦᠯᠦᠨ ᠬᠡᠷᠡᠭᠯᠡᠭᠰᠡᠨ ᠪᠠᠶᠢᠳᠠᠯ | 91.31 ᠲᠦᠮᠡ ᠭᠠᠷᠤᠢ ᠤᠳᠠᠭ᠎ᠠ ᠪᠠᠶᠢᠵᠤ᠂ 179 ᠲᠥᠷᠥᠯ ᠤᠨ 18 ᠲᠦᠮᠡ ᠭᠠᠷᠤᠢ ᠵᠤᠷᠪᠤᠰ ᠲᠤᠭ᠎ᠠ | ᠪᠠᠷᠢᠮᠲᠠ ᠶᠢ ᠨᠡᠭᠡᠭᠡᠯᠲᠡ ᠲᠠᠢ ᠪᠣᠯᠭᠠᠪᠠ᠃ | ᠲᠣᠭᠠᠴᠢᠯᠠᠭᠰᠠᠨ ᠠᠵᠤ ᠠᠬᠤᠢ ᠶᠢᠨ ᠡᠯ᠎ᠡ ᠬᠦᠷᠢᠶᠡᠨ ᠳᠤ ᠲᠦᠷᠭᠡᠨ ᠨᠡᠪᠴᠢᠬᠦ ᠶᠢ ᠳᠠᠭᠠᠯᠳᠤᠨ᠂ ᠮᠠᠨ ᠤ | ᠤᠯᠤᠰ ᠤᠨ ᠤᠮᠠᠷᠠᠲᠤ ᠶᠢᠨ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠤᠯᠪᠠᠰᠤᠷᠠᠭᠤᠯᠵᠦ | ᠭᠠᠳᠠᠭᠰᠢ ᠭᠠᠷᠭᠠᠬᠤ ᠴᠢᠬᠤᠯᠠ ᠰᠠᠭᠤᠷᠢᠨ ᠭᠠᠵᠠᠷ ᠪᠣᠯᠤᠭᠰᠠᠨ ᠤ ᠬᠤᠪᠢ ᠳᠤ᠂ ᠮᠠᠨ ᠤ ᠠᠶᠢᠮᠠᠭ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠢᠶᠠᠷ ᠮᠠᠯ ᠠᠵᠤ ᠠᠬᠤᠢ ᠳᠤ ᠬᠦᠴᠦᠨ ᠨᠡᠮᠡᠷᠢᠯᠡᠵᠦ ᠪᠤᠢ᠃ ᠥᠪᠥᠷ ᠮᠣᠩᠭᠤᠯ ᠤᠨ ᠢ ᠮᠦ ᡁᠢ | ᠯᠢᠶᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ︽ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ + ᠮᠥᠩᠭᠦᠨ ᠭᠦᠢᠯᠭᠡᠭᠡ︾ ᠪᠠᠷ ᠲᠣᠰ ᠭᠠᠵᠠᠷ ᠣᠷᠣᠨ ᠤ ᠪᠠᠨ ᠮᠠᠯ ᠠᠵᠤ ᠠᠬᠤᠢ ᠳᠤ ᠰᠢᠨ᠎ᠡ | ᠠᠮᠢᠵᠢᠷᠠᠯ ᠤᠨ ᠬᠦᠴᠦᠨ ᠣᠯᠭᠤᠵᠤ᠂ ᠮᠠᠯ ᠠᠵᠤ ᠠᠬᠤᠢ ᠶᠢᠨ ᠲᠣᠭᠠᠴᠢᠯᠠᠭᠰᠠᠨ ᠠᠵᠤ ᠦᠢᠯᠡᠰ ᠤᠨ ᠬᠡᠯᠬᠢᠶ᠎ᠡ ᠶᠢᠨ | ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ ᠪᠠᠶᠢᠭᠤᠯᠬᠤ ᠪᠠᠷ ᠳᠠᠮᠵᠢᠭᠤᠯᠤᠨ᠂ ᠮᠡᠳᠡᠭᠡ ᠵᠠᠩᠭᠢ ᠶᠢᠨ ᠲᠤᠭ᠎ᠠ | ᠪᠠᠷᠢᠮᠲᠠ ᠪᠠᠷ ᠰᠠᠭᠤᠷᠢ ᠪᠣᠯᠭᠠᠵᠤ᠂ ᠲᠡᠵᠢᠭᠡᠨ ᠦᠷᠡᠵᠢᠭᠦᠯᠬᠦ ᠡᠷᠦᠬᠡ ᠳᠤ ᠮᠡᠷᠭᠡᠵᠢᠯ᠂ ᠡᠵᠡᠩᠨᠡᠨ ᠪᠣᠷᠣᠯᠠᠭᠤᠯᠤᠯᠲᠠ ᠪᠠ | ᠮᠥᠩᠭᠦᠨ ᠭᠦᠢᠯᠭᠡᠭᠡ ᠵᠡᠷᠭᠡ ᠶᠢᠨ ᠦᠢᠯᠡᠴᠢᠯᠡᠭᠡ ᠬᠠᠩᠭᠠᠵᠤ ᠪᠠᠶᠢᠨ᠎ᠠ᠃ ᠣᠳᠣᠬᠠᠨ ᠪᠣᠯᠲᠠᠯ᠎ᠠ᠂ ᠲᠣᠰ ᠺᠣᠮᠫᠠᠨᠢ | ᠨᠡᠶᠢᠲᠡ 18420 ᠮᠠᠯᠴᠢᠨ ᠲᠠᠷᠢᠶᠠᠴᠢᠨ ᠡᠷᠦᠬᠡ᠂ 10 ᠪᠣᠷᠳᠣᠨ ᠲᠠᠷᠭᠤᠯᠠᠭᠤᠯᠬᠤ ᠠᠵᠤ ᠠᠬᠤᠶᠢᠯᠠᠯ᠂ 47 ᠡᠪᠡᠰᠦ | ᠪᠣᠷᠳᠤᠭ᠎ᠠ ᠶᠢᠨ ᠬᠠᠩᠭᠠᠯᠭ᠎ᠠ ᠶᠢᠨ ᠬᠤᠳᠠᠯᠳᠤᠭᠠᠴᠢᠨ ᠳᠤ ᠦᠢᠯᠡᠴᠢᠯᠡᠵᠦ᠂ ᠲᠡᠵᠢᠭᠡᠨ ᠦᠷᠡᠵᠢᠭᠦᠯᠬᠦ ᠡᠷᠦᠬᠡ ᠪᠦᠷᠢ ᠶᠢᠨ | ᠥᠪᠡᠷ ᠤᠨ ᠥᠷᠲᠡᠭ ᠢ ᠳᠤᠮᠳᠠᠴᠢ ᠪᠠᠷ 1.6 ᠲᠦᠮᠡᠨ ᠲᠥᠭᠦᠷᠢᠭ ᠪᠠᠭᠤᠷᠠᠭᠤᠯᠵᠤ᠂ 2 ᠲᠦᠮᠡᠨ ᠲᠥᠭᠦᠷᠢᠭ ᠤᠨ | ᠦᠷ᠎ᠡ ᠠᠰᠢᠭ ᠢ ᠨᠡᠮᠡᠭᠳᠡᠭᠦᠯᠵᠡᠢ᠃ | ᠮᠠᠨ ᠤ ᠠᠶᠢᠮᠠᠭ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠣᠯᠠᠨ ᠨᠡᠶᠢᠲᠡ ᠶᠢᠨ ᠠᠮᠤᠷ ᠲᠦᠪᠰᠢᠨ ᠤ | ᠪᠠᠲᠤᠯᠠᠭ᠎ᠠ ᠵᠡᠷᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠲᠣᠭᠠᠴᠢᠯᠠᠭᠰᠠᠨ᠂ ᠣᠶᠤᠨᠴᠢᠯᠠᠭᠰᠠᠨ | ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠵᠦ᠂ ᠠᠷᠠᠳ ᠣᠯᠠᠨ ᠳᠤ ᠨᠡᠶᠢᠳᠡᠮ ᠠᠰᠢᠭ ᠬᠦᠷᠲᠡᠭᠡᠵᠦ ᠪᠠᠶᠢᠨ᠎ᠠ᠃ | ᠪᠥᠬᠦ ᠠᠶᠢᠮᠠᠭ ᠤᠨ ᠬᠢᠨ ᠡᠷᠡᠭᠦᠯ ᠮᠡᠨᠳᠦ ᠶᠢᠨ ᠦᠨᠡᠮᠯᠡᠯ ᠵᠡᠷᠭᠡ 252 ᠲᠥᠷᠥᠯ ᠤᠨ 158 ᠲᠦᠮᠡᠨ ᠦᠨᠡᠮᠯᠡᠯ ᠢ | ᠪᠡᠶᠡᠯᠡᠭᠦᠯᠵᠦ᠂ 472 ᠵᠦᠢᠯ ᠤᠨ ᠤᠴᠢᠷ ᠶᠠᠪᠤᠳᠠᠯ ᠢ ︽ᠰᠦᠯᠵᠢᠶᠡᠨ ᠳᠡᠭᠡᠷ᠎ᠡ ᠨᠡᠶᠢᠳᠡᠮ ᠭᠦᠢᠴᠡᠳᠬᠡᠬᠦ︾ ᠶᠢ | ᠪᠡᠶᠡᠯᠡᠭᠦᠯᠵᠡᠢ᠃ |