ᠬᠠᠮᠢᠶᠠᠷᠤᠯᠲᠠ ᠶᠢᠨ ᠣᠷᠣᠨ ᠤ ᠡᠳ᠋ ᠤᠨ ᠵᠠᠰᠠᠭ ᠤᠨ ᠲᠣᠪᠴᠢᠶ᠎ᠠ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠣᠷᠣᠯᠴᠠᠨ ᠣᠬᠠᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/8/27

    ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ

ᠰᠠᠨᠠᠭ᠎ᠠ ᠶᠢ ᠪᠦᠬᠦ ᠲᠠᠯ᠎ᠠ ᠪᠠᠷ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶᠢᠨ ᠲᠥᠯᠥᠭᠡ᠂ 8 ᠰᠠᠷ᠎ᠠ ᠶᠢᠨ 23 ᠤ

ᠡᠳᠦᠷ᠂ ᠡᠳ᠋ ᠤᠨ ᠵᠠᠰᠠᠭ ᠤᠨ ᠲᠣᠪᠴᠢᠶ᠎ᠠ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ

ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠤᠬᠠᠭᠤᠯᠤᠨ ᠲᠠᠶᠢᠯᠪᠤᠷᠢᠯᠠᠬᠤ  ᠠᠵᠢᠯᠯᠠᠭ᠎ᠠ

ᠥᠷᠨᠢᠭᠦᠯᠪᠡ᠃ ᠤᠯᠠᠭᠠᠢ ᠬᠠᠮᠢᠶᠠᠷᠤᠯᠲᠠ ᠶᠢᠨ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠨ᠂

ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ ᠢᠦᠢ ᠸᠠᠨ ᠬᠠᠢ ᠨᠥᠬᠦᠷ ᠤᠬᠠᠭᠤᠯᠤᠨ ᠲᠠᠶᠢᠯᠪᠤᠷᠢᠯᠠᠬᠤ

ᠮᠡᠳᠡᠭᠦᠯᠦᠯᠲᠡ ᠬᠢᠪᠡ᠃

    ᠮᠡᠳᠡᠭᠦᠯᠦᠯᠲᠡ ᠶᠢᠨ ᠬᠤᠷᠠᠯ ᠳᠡᠭᠡᠷ᠎ᠡ᠂ ᠢᠦᠢ ᠸᠠᠨ ᠬᠠᠢ ︽ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ

ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠤᠶ᠎ᠠ︾ ᠭᠡᠬᠦ ᠭᠤᠣᠯ

ᠰᠡᠳᠦᠪ ᠢᠶᠠᠷ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ

ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠡᠵᠡᠮᠰᠢᠬᠦ ᠶᠢᠨ ᠲᠣᠭᠤᠷᠢᠨ ᠳᠤ᠂ ᠨᠠᠮ ᠤᠨ ᠬᠤᠷᠢᠳᠤᠭᠠᠷ

ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠬᠦᠳᠡ ᠬᠤᠷᠠᠯ ᠠᠴᠠ ᠨᠠᠭᠠᠰᠢᠬᠢ ᠨᠠᠮ ᠪᠣᠯᠣᠨ ᠤᠯᠤᠰ ᠤᠨ

ᠠᠵᠢᠯ ᠦᠢᠯᠡᠰ ᠤᠨ ᠣᠯᠣᠭᠰᠠᠨ ᠴᠢᠬᠤᠯᠠ ᠶᠡᠭᠡ ᠠᠮᠵᠢᠯᠲᠠ ᠶᠢ ᠭᠦᠨᠵᠡᠭᠡᠢ ᠡᠵᠡᠮᠳᠡᠵᠦ᠂ ᠥᠭᠡᠷᠡᠴᠢᠯᠡᠯᠲᠡ ᠶᠢ

ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠴᠢᠬᠤᠯᠠ ᠴᠢᠨᠠᠷ᠂ ᠴᠢᠬᠤᠯᠠ ᠶᠡᠭᠡ ᠵᠠᠷᠴᠢᠮ᠂ ᠴᠢᠬᠤᠯᠠ ᠶᠡᠭᠡ

ᠪᠠᠶᠢᠷᠢᠯᠠᠭᠤᠯᠤᠯᠲᠠ᠂ ᠴᠢᠬᠤᠯᠠ ᠶᠡᠭᠡ ᠠᠷᠭ᠎ᠠ ᠬᠡᠮᠵᠢᠶ᠎ᠡ ᠶᠢ ᠭᠦᠨᠵᠡᠭᠡᠢ ᠡᠵᠡᠮᠳᠡᠵᠦ᠂ ᠥᠪᠡᠷᠲᠡᠭᠡᠨ ᠵᠠᠰᠠᠬᠤ ᠣᠷᠣᠨ ᠤ

ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ

ᠭᠦᠨᠵᠡᠭᠡᠢ ᠲᠤᠭᠤᠰᠢᠯᠠᠭᠤᠯᠬᠤ ᠵᠡᠷᠭᠡ ᠲᠠᠯ᠎ᠠ ᠪᠠᠷ ᠰᠢᠰᠲ᠋ᠧᠮ ᠲᠠᠢ ᠤᠬᠠᠭᠤᠯᠤᠨ ᠲᠠᠶᠢᠯᠪᠤᠷᠢᠯᠠᠪᠠ᠃ ᠪᠥᠬᠦ ᠺᠠᠳ᠋ᠷ

ᠠᠵᠢᠯᠲᠠᠨ ᠠᠵᠢᠯᠴᠢᠨ ᠰᠠᠨᠠᠯ ᠨᠢᠭᠡᠲᠡᠢ ᠢᠯᠡᠷᠬᠡᠶᠢᠯᠡᠬᠦ ᠳᠡᠭᠡᠨ᠂  ᠲᠣᠰ  ᠤᠳᠠᠭᠠᠨ ᠤ ᠤᠬᠠᠭᠤᠯᠤᠨ ᠲᠠᠶᠢᠯᠪᠤᠷᠢᠯᠠᠬᠤ  

ᠭᠤᠣᠯ ᠰᠡᠳᠦᠪ ᠨᠢ ᠢᠯᠡ ᠲᠣᠳᠣ᠂ ᠠᠭᠤᠯᠭ᠎ᠠ ᠨᠢ ᠪᠠᠶᠠᠯᠢᠭ ᠪᠠᠶᠢᠵᠤ᠂ ᠪᠢᠳᠡᠨ ᠤ ᠨᠠᠮ ᠤᠨ ᠬᠤᠷᠢᠳᠤᠭᠠᠷ

ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭᠠᠨ ᠤ ᠪᠠᠶᠠᠯᠢᠭ

ᠠᠭᠤᠯᠤᠭᠳᠠᠬᠤᠨ᠂ ᠮᠥᠨ ᠴᠢᠨᠠᠷ ᠤᠨ ᠴᠢᠬᠤᠯᠠ ᠠᠭᠤᠯᠭ᠎ᠠ ᠶᠢ ᠪᠥᠬᠦ ᠲᠠᠯ᠎ᠠ ᠪᠠᠷ ᠣᠶᠢᠯᠠᠭᠠᠬᠤ ᠪᠠ ᠣᠨᠣᠪᠴᠢᠲᠠᠶ

ᠡᠵᠡᠮᠰᠢᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ ᠭᠡᠵᠡᠢ᠃

    ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ

ᠬᠤᠷᠠᠯ ᠠᠴᠠ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠴᠠᠭ ᠦᠶ᠎ᠡ ᠶᠢᠨ ᠵᠢᠷᠤᠭ ᠲᠥᠯᠥᠪᠯᠡᠭᠡ ᠶᠢ

ᠤᠯᠠᠮ ᠴᠢᠨᠠᠭᠰᠢᠳᠠ ᠵᠢᠷᠤᠭᠯᠠᠬᠤ ᠠᠴᠢ ᠬᠤᠯᠪᠣᠭᠳᠠᠯ ᠲᠠᠢ ᠶᠤᠮ᠂ ᠨᠠᠮ ᠤᠨ ᠬᠤᠷᠢᠳᠤᠭᠠᠷ ᠬᠤᠭᠤᠴᠠᠭᠠᠨ ᠤ

ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠪᠣᠯ

ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠣᠨ᠎ᠠ᠂

ᠨᠢᠭᠡ ᠳᠤ᠂ ᠡᠷᠬᠡᠪᠰᠢ ᠭᠦᠨᠵᠡᠭᠡᠢ ᠰᠤᠷᠤᠯᠴᠠᠵᠤ᠂ ᠭᠦᠨᠵᠡᠭᠡᠢ ᠣᠶᠢᠯᠠᠭᠠᠬᠤ  ᠬᠡᠷᠡᠭᠲᠡᠢ︔ ᠬᠤᠶᠠᠷ ᠲᠤ᠂ ᠨᠠᠮ ᠤᠨ

ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ

ᠲᠤᠭᠤᠰᠢᠯᠠᠭᠤᠯᠬᠤ ᠶᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ

ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠬᠤ ᠲᠠᠢ ᠨᠢᠭᠲᠠ ᠤᠶᠠᠯᠳᠤᠭᠤᠯᠬᠤ ᠬᠡᠷᠡᠭᠲᠡᠢ︔ ᠭᠤᠷᠪᠠ ᠳᠤ᠂ ᠨᠠᠮ ᠤᠨ

ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠲᠠᠢ ᠨᠢᠭᠲᠠ

ᠤᠶᠠᠯᠳᠤᠭᠤᠯᠵᠤ᠂ ᠡᠳ᠋ ᠤᠨ ᠵᠠᠰᠠᠭ ᠤᠨ ᠪᠣᠳᠠᠲᠠᠢ  ᠠᠵᠢᠯ  ᠲᠠᠢ ᠤᠶᠠᠯᠳᠤᠭᠤᠯᠵᠤ᠂ ᠲᠥᠰᠥᠪ ᠤᠨ ᠠᠮᠵᠢᠯᠲᠠ

ᠪᠦᠲᠦᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠡᠳ᠋ ᠤᠨ ᠵᠠᠰᠠᠭ ᠤᠨ  ᠪᠡᠯᠡ  ᠮᠥᠩᠭᠦ  ᠶᠢᠨ ᠬᠡᠷᠡᠭᠯᠡᠯᠲᠡ ᠶᠢᠨ

ᠦᠷ᠎ᠡ ᠠᠰᠢᠭ ᠢ ᠳᠡᠭᠡᠭᠰᠢᠯᠡᠭᠦᠯᠵᠦ᠂ ︽ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ ᠦᠨᠡᠨᠬᠦ ᠪᠠᠲᠤ ᠰᠠᠬᠢᠵᠤ᠂

︽ᠭᠤᠷᠪᠠ ᠶᠢ ᠪᠠᠲᠤᠯᠠᠬᠤ︾ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃

 
ᠢᠷᠡᠯᠲᠡ᠄ ᠤᠯᠠᠭᠠᠶ ᠬᠠᠮᠢᠶᠠᠷᠤᠯᠲᠠ ᠶᠢᠨ ᠣᠷᠣᠨ ᠤ ᠵᠠᠰᠠᠭ ᠤᠨ ᠶᠠᠪᠤᠳᠠᠯ ᠤᠨ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号