ᠬᠠᠮᠢᠶᠠᠷᠤᠯᠲᠠ ᠶᠢᠨ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠵᠥᠪᠯᠡᠯ ᠤᠨ ᠪᠠᠶᠢᠴᠠᠭᠠᠨ ᠰᠤᠳᠤᠯᠬᠤ ᠳᠤᠭᠤᠶᠢᠯᠠᠩ ᠬᠠᠮᠢᠶᠠᠷᠤᠯᠲᠠ ᠶᠢᠨ ᠣᠷᠣᠨ ᠤ ᠪᠠᠶᠠᠨᠬᠤᠰᠢᠭᠤ ᠢᠯᠴᠢ ᠬᠠᠩᠭᠠᠬᠤ ᠬᠢᠵᠠᠭᠠᠷᠲᠤ ᠺᠣᠮᠫᠠᠨᠢ ᠳᠤ ᠬᠦᠷᠴᠦ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/8/27

    8 ᠰᠠᠷ᠎ᠠ ᠶᠢᠨ 23 ᠤ ᠡᠳᠦᠷ᠂ ᠬᠠᠮᠢᠶᠠᠷᠤᠯᠲᠠ ᠶᠢᠨ ᠣᠷᠣᠨ ᠤ ᠡᠳ᠋ ᠤᠨ ᠵᠠᠰᠠᠭ ᠤᠨ ᠲᠣᠪᠴᠢᠶᠠᠨ ᠤ ᠨᠠᠮ ᠤᠨ

ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ

ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠢᠦᠢ ᠸᠠᠨ ᠬᠠᠢ ᠨᠠᠷ ᠤᠯᠠᠭᠠᠢ ᠬᠠᠮᠢᠶᠠᠷᠤᠯᠲᠠ ᠶᠢᠨ

ᠣᠷᠣᠨ ᠤ ᠪᠠᠶᠠᠨᠬᠤᠰᠢᠭᠤ ᠢᠯᠴᠢ ᠬᠠᠩᠭᠠᠬᠤ ᠬᠢᠵᠠᠭᠠᠷᠲᠤ ᠺᠣᠮᠫᠠᠨᠢ ᠳᠤ ᠬᠦᠷᠴᠦ ᠰᠤᠳᠤᠯᠤᠯ ᠬᠢᠭᠰᠡᠨ ᠪᠥᠭᠡᠳ

ᠰᠠᠭᠤᠳᠠᠯ ᠤᠨ ᠬᠤᠷᠠᠯ ᠬᠤᠷᠠᠯᠳᠤᠪᠠ᠃

    ᠪᠠᠶᠢᠴᠠᠭᠠᠨ ᠰᠤᠳᠤᠯᠤᠯᠲᠠ ᠶᠢᠨ ᠳᠤᠮᠳᠠ᠂ ᠤᠷᠢᠳ ᠬᠤᠵᠢᠳ ᠬᠥᠭᠡᠷᠭᠡ ᠶᠢᠨ ᠭᠡᠷ᠂35T᠂ 40T

ᠵᠤᠤᠬ᠎ᠠ ᠶᠢᠨ ᠦᠢᠯᠡᠳᠪᠦᠷᠢ ᠶᠢᠨ ᠲᠠᠰᠤᠭ᠂ ᠭᠤᠣᠯ ᠡᠵᠡᠮᠳᠡᠬᠦ ᠲᠠᠰᠤᠭ ᠵᠡᠷᠭᠡ ᠵᠠᠩᠭᠢᠯᠠᠭ᠎ᠠ ᠶᠢᠨ ᠲᠠᠯᠠᠪᠤᠷ ᠭᠠᠵᠠᠷ ᠲᠤ

ᠭᠦᠨᠵᠡᠭᠡᠶᠢᠷᠡᠵᠦ᠂ ᠢᠯᠴᠢ ᠬᠠᠩᠭᠠᠬᠤ ᠳᠤᠯᠠᠭᠠᠯᠠᠭ᠎ᠠ ᠶᠢᠨ ᠲᠥᠬᠦᠭᠡᠷᠦᠮᠵᠢ ᠶᠢ ᠪᠠᠶᠢᠴᠠᠭᠠᠨ ᠵᠠᠰᠠᠬᠤ ᠠᠵᠢᠯᠯᠠᠭᠠᠨ ᠤ

ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠺᠣᠮᠫᠠᠨᠢ ᠶᠢᠨ ᠬᠠᠷᠢᠭᠤᠴᠠᠯᠭᠠᠲᠠᠨ ᠤ ᠬᠤᠭᠤᠯᠠᠢ ᠲᠣᠣᠷ ᠢ ᠰᠡᠯᠪᠢᠨ

ᠵᠠᠰᠠᠵᠤ ᠥᠭᠡᠷᠡᠴᠢᠯᠡᠬᠦ᠂ ᠲᠥᠬᠦᠭᠡᠷᠦᠮᠵᠢ ᠶᠢ ᠪᠠᠶᠢᠴᠠᠭᠠᠨ ᠵᠠᠰᠠᠵᠤ  ᠲᠣᠬᠢᠷᠠᠭᠤᠯᠤᠨ ᠲᠤᠷᠰᠢᠬᠤ᠂ ᠣᠶᠤᠨᠲᠤ ᠢᠯᠴᠢ

ᠬᠠᠩᠭᠠᠬᠤ ᠬᠠᠮᠢᠶᠠᠷᠤᠯᠲᠠ᠂ ᠨᠡᠭᠦᠷᠡᠰᠦᠨ ᠤ ᠨᠥᠭᠡᠴᠡ ᠵᠢᠴᠢ ᠢᠯᠴᠢ ᠶᠢᠨ ᠰᠦᠢᠳᠬᠡᠯ ᠬᠤᠷᠢᠶᠠᠬᠤ ᠦᠢᠯᠡᠴᠢᠯᠡᠭᠡ

ᠵᠡᠷᠭᠡ ᠬᠤᠯᠪᠣᠭᠳᠠᠯ ᠪᠦᠬᠦᠢ ᠪᠠᠶᠢᠳᠠᠯ ᠢ ᠨᠠᠷᠢᠨ ᠬᠢᠨᠠᠮᠠᠭᠠᠢ ᠰᠣᠨᠣᠰᠴᠠᠢ᠃

    ᠶᠠᠷᠢᠯᠴᠠᠬᠤ ᠬᠤᠷᠠᠯ ᠳᠡᠭᠡᠷ᠎ᠡ᠂ ᠢᠦᠢ ᠸᠠᠨ ᠬᠠᠢ ᠢᠯᠡᠷᠬᠡᠶᠢᠯᠡᠬᠦ ᠳᠡᠭᠡᠨ᠂ ᠡᠪᠦᠯ ᠤᠨ ᠤᠯᠠᠷᠢᠯ ᠤᠨ ᠢᠯᠴᠢ

ᠬᠠᠩᠭᠠᠯᠭ᠎ᠠ ᠲᠦᠭ ᠲᠦᠮᠡᠨ ᠠᠶᠢᠯ ᠡᠷᠦᠬᠡ ᠳᠤ ᠬᠤᠯᠪᠣᠭᠳᠠᠵᠤ᠂ ᠠᠷᠠᠳ ᠤᠨ ᠠᠮᠢᠳᠤᠷᠠᠯ ᠤᠨ ᠳᠤᠯᠠᠭᠠᠨ

ᠡᠪᠦᠯᠵᠢᠬᠦ ᠲᠠᠢ ᠬᠤᠯᠪᠣᠭᠳᠠᠬᠤ ᠪᠣᠯᠬᠤᠷ ᠡᠷᠬᠡᠪᠰᠢ ᠠᠶᠤᠯᠭᠦᠢ ᠦᠢᠯᠡᠳᠪᠦᠷᠢᠯᠡᠯ ᠤᠨ ᠰᠠᠭᠤᠷᠢᠨ ᠳᠡᠭᠡᠷ᠎ᠡ ᠳᠤᠯᠠᠭᠠᠯᠠᠭ᠎ᠠ

ᠬᠠᠩᠭᠠᠬᠤ ᠲᠥᠬᠦᠭᠡᠷᠦᠮᠵᠢ ᠶᠢᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠦᠨᠡᠨ ᠬᠦ ᠪᠠᠲᠤᠯᠠᠬᠤ  

ᠬᠡᠷᠡᠭᠲᠡᠢ ᠭᠡᠵᠡᠢ᠃

    ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ ᠢᠯᠴᠢ ᠬᠠᠩᠭᠠᠬᠤ ᠰᠢᠰᠲ᠋ᠧᠮ ᠤᠨ ᠤᠰᠤ ᠣᠷᠣᠭᠤᠯᠬᠤ᠂

ᠲᠤᠷᠰᠢᠨ ᠳᠠᠷᠤᠬᠤ ᠶᠢ ᠤᠷᠢᠳᠴᠢᠯᠠᠨ ᠪᠡᠶᠡᠯᠡᠭᠦᠯᠵᠦ᠂ ᠰᠢᠰᠲ᠋ᠧᠮ ᠤᠨ ᠬᠦᠢᠲᠡᠨ ᠠᠵᠢᠯᠯᠠᠭᠠᠨ ᠢ ᠰᠢᠯᠭᠠᠨ ᠪᠠᠶᠢᠴᠠᠭᠠᠬᠤ

ᠠᠵᠢᠯ ᠢ ᠳᠡᠰ  ᠳᠡᠪᠰᠢᠭᠦᠯᠬᠦ  ᠬᠡᠷᠡᠭᠲᠡᠢ᠃ ᠠᠶᠤᠯ ᠦᠭᠡᠢ ᠦᠢᠯᠡᠳᠪᠦᠷᠢᠯᠡᠬᠦ ᠪᠠ ᠢᠯᠴᠢ ᠬᠠᠩᠭᠠᠬᠤ ᠠᠵᠢᠯ  ᠢ

ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠲᠥᠬᠦᠭᠡᠷᠦᠮᠵᠢ ᠶᠢᠨ ᠬᠤᠭᠤᠯᠠᠢ ᠭᠤᠤᠷᠰᠤ ᠶᠢᠨ ᠱᠤᠭᠤᠮ  ᠢ

ᠬᠠᠮᠠᠭᠠᠯᠠᠬᠤ ᠪᠠ ᠲᠣᠬᠢᠷᠠᠭᠤᠯᠤᠨ ᠲᠤᠷᠰᠢᠬᠤ ᠶᠢ ᠤᠯᠠᠮ ᠨᠢᠭᠡ ᠠᠯᠬᠤᠮ ᠴᠢᠩᠭᠠᠳᠬᠠᠨ᠂ ᠨᠡᠭᠦᠷᠡᠰᠦ ᠨᠥᠭᠡᠴᠡᠯᠡᠬᠦ ᠪᠠ

ᠬᠠᠩᠭᠠᠬᠤ ᠶᠢ ᠪᠠᠲᠤᠯᠠᠵᠤ᠂ ᠢᠯᠴᠢ ᠬᠠᠩᠭᠠᠬᠤ ᠪᠡᠯᠡᠳᠬᠡᠮᠵᠢ ᠶᠢᠨ ᠬᠡᠪ ᠤᠨ ᠠᠵᠢᠯᠯᠠᠭᠠᠨ  ᠢ ᠦᠨᠡᠨᠬᠦ ᠪᠠᠲᠤᠯᠠᠬᠤ

ᠬᠡᠷᠡᠭᠲᠡᠢ᠃ ᠬᠤᠶᠠᠷ ᠲᠤ᠂ ᠠᠶᠤᠯᠭᠦᠢ ᠦᠢᠯᠡᠳᠪᠦᠷᠢᠯᠡᠯ ᠪᠠ ᠢᠯᠴᠢ ᠬᠠᠩᠭᠠᠬᠤ ᠶᠠᠰᠤ ᠴᠢᠨᠠᠷ ᠢ ᠪᠠᠲᠤᠯᠠᠬᠤ ᠪᠠᠷ

ᠬᠠᠷᠠᠯᠲᠠ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠳᠦᠷᠢᠮ ᠪᠠ ᠠᠵᠤ ᠠᠬᠤᠶᠢᠯᠠᠯ ᠤᠨ ᠳᠣᠲᠣᠭᠠᠳᠤ ᠶᠢᠨ

ᠬᠠᠮᠢᠶᠠᠷᠤᠯᠲᠠ ᠶᠢᠨ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠠᠮᠢᠶ᠎ᠠ ᠪᠦᠬᠦᠢ ᠳᠦᠷᠢᠮ ᠤᠨ

ᠨᠠᠶᠢᠳᠠᠪᠤᠷᠢᠵᠢᠭᠤᠯᠤᠯᠲᠠ ᠶᠢ ᠴᠠᠭ ᠲᠤᠬᠠᠢ ᠳᠤᠨᠢ ᠠᠬᠢᠭᠤᠯᠵᠤ᠂ ᠬᠠᠮᠢᠶᠠᠷᠤᠯᠲᠠ ᠶᠢᠨ ᠣᠷᠣᠨ ᠤ ᠢᠯᠴᠢ ᠬᠠᠩᠭᠠᠬᠤ

ᠬᠡᠷᠡᠭᠯᠡᠭᠴᠢ ᠶᠢᠨ ᠲᠠᠭᠠᠯᠠᠮᠵᠢᠲᠠᠢ ᠳᠤᠯᠠᠭᠠᠨ ᠭᠡᠷ ᠪᠠᠶᠢᠰᠢᠩ ᠢ ᠦᠨᠡᠨ ᠬᠦ ᠪᠠᠲᠤᠯᠠᠬᠤ ᠬᠡᠷᠡᠭᠲᠡᠢ᠃ ᠭᠤᠷᠪᠠ ᠳᠤ᠂

ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠠᠷᠢᠭᠤᠴᠠᠯᠭ᠎ᠠ ᠡᠭᠦᠷᠭᠡᠯᠡᠯ ᠢ ᠪᠠᠳᠠᠷᠠᠭᠤᠯᠵᠤ᠂ ᠢᠯᠴᠢ ᠬᠠᠩᠭᠠᠬᠤ

ᠦᠢᠯᠡᠴᠢᠯᠡᠭᠡᠨ ᠤ ᠲᠦᠪᠰᠢᠨ ᠢᠶᠠᠨ ᠴᠢᠨᠠᠭᠰᠢᠳᠠ ᠳᠡᠭᠡᠭᠰᠢᠯᠡᠭᠦᠯᠵᠦ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠳᠤ

ᠴᠠᠭ ᠲᠤᠬᠠᠢ ᠳᠤᠨᠢ ᠬᠠᠷᠢᠭᠤᠯᠲᠠ ᠥᠭᠴᠦ᠂ ᠬᠠᠮᠢᠶᠠᠷᠤᠯᠲᠠ ᠶᠢᠨ ᠣᠷᠣᠨ ᠤ ᠤᠯᠠᠨ ᠲᠦᠮᠡᠨ ᠤ ᠳᠤᠯᠠᠭᠠᠨ ᠪᠦᠯᠢᠶᠡᠨ

ᠡᠪᠦᠯᠵᠢᠬᠦ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃

 
ᠢᠷᠡᠯᠲᠡ᠄ ᠤᠯᠠᠭᠠᠶ ᠬᠠᠮᠢᠶᠠᠷᠤᠯᠲᠠ ᠶᠢᠨ ᠣᠷᠣᠨ ᠤ ᠵᠠᠰᠠᠭ ᠤᠨ ᠶᠠᠪᠤᠳᠠᠯ ᠤᠨ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号