︽ᠳᠤᠮᠳᠠᠳᠤ ᠶᠢᠨ ᠵᠡᠭᠦᠳᠦ · ᠬᠥᠳᠡᠯᠮᠦᠷᠢ ᠭᠤᠸ᠎ᠠ ᠰᠠᠶᠢᠬᠠᠨ︾ 2024 ᠣᠨ ᠤ ᠤᠯᠠᠭᠠᠢ ᠬᠠᠮᠢᠶᠠᠷᠤᠯᠲᠠ ᠶᠢᠨ ᠣᠷᠣᠨ ᠤ ︽ᠬᠥᠳᠡᠯᠮᠦᠷᠢᠴᠢᠨ ᠬᠤᠨᠳᠠᠭᠠᠲᠤ︾ ᠠᠵᠢᠯᠲᠠᠨ ᠠᠵᠢᠯᠴᠢᠨ ᠤ ᠰᠠᠭᠰᠤᠨ ᠪᠥᠮᠪᠦᠭᠡ ᠶᠢᠨ ᠤᠷᠤᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2024/8/27

    8 ᠰᠠᠷ᠎ᠠ ᠶᠢᠨ 24  ᠤ ᠡᠳᠦᠷ︽ᠳᠤᠮᠳᠠᠳᠤ ᠶᠢᠨ ᠬᠦᠰᠡᠯ · ᠬᠥᠳᠡᠯᠮᠦᠷᠢ ᠭᠤᠶᠣᠰᠠᠶᠢᠬᠠᠨ︾ 2024 ᠣᠨ ᠤ

ᠤᠯᠠᠭᠠᠢ ᠬᠠᠮᠢᠶᠠᠷᠤᠯᠲᠠ ᠶᠢᠨ ᠣᠷᠣᠨ ᠤ︽ᠬᠥᠳᠡᠯᠮᠦᠷᠢᠴᠢᠨ ᠬᠤᠨᠳᠠᠭᠠᠲᠤ︾ ᠠᠵᠢᠯᠲᠠᠨ ᠠᠵᠢᠯᠴᠢᠨ ᠤ ᠰᠠᠭᠰᠤᠨ

ᠪᠥᠮᠪᠦᠭᠡ ᠶᠢᠨ ᠠᠩᠬᠠᠳᠤᠭᠠᠷ ᠬᠤᠭᠤᠴᠠᠭᠠᠨ ᠤ ᠤᠷᠤᠯᠳᠤᠭᠠᠨ ᠡᠬᠢᠯᠡᠪᠡ᠃ ᠲᠣᠰ ᠤᠳᠠᠭᠠᠨ ᠤ ᠤᠷᠤᠯᠳᠤᠭᠠᠨ ᠢ

ᠤᠯᠠᠭᠠᠢ ᠬᠠᠮᠢᠶᠠᠷᠤᠯᠲᠠ ᠶᠢᠨ ᠣᠷᠣᠨ ᠤ ᠨᠢᠭᠡᠳᠦᠮᠡᠯ ᠹᠷᠣᠨᠲ ᠤᠨ ᠬᠡᠯᠲᠡᠰ᠂ ᠰᠢᠭᠤᠳ ᠬᠠᠷᠢᠶ᠎ᠠ ᠪᠠᠶᠢᠭᠤᠯᠭ᠎ᠠ ᠶᠢᠨ

ᠨᠠᠮ ᠤᠨ ᠠᠵᠢᠯᠯᠠᠬᠤ ᠬᠤᠷᠢᠶ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ ᠠᠴᠠ ᠭᠤᠣᠯᠯᠠᠨ ᠡᠷᠬᠢᠯᠡᠵᠦ᠂

ᠬᠠᠮᠢᠶᠠᠷᠤᠯᠲᠠ ᠶᠢᠨ ᠣᠷᠣᠨ ᠤ ᠡᠯ᠎ᠡ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠠᠴᠠ ᠢᠷᠡᠭᠰᠡᠨ

15 ᠲᠥᠯᠥᠭᠡᠯᠡᠭᠴᠢᠳ ᠤᠨ ᠠᠩᠭᠢ ᠶᠢᠨ ᠵᠠᠭᠤ ᠭᠠᠷᠤᠢ ᠰᠠᠭᠰᠤᠨ ᠪᠥᠮᠪᠦᠭᠡ ᠶᠢᠨ ᠪᠠᠭ᠋ᠠᠲᠠᠨ ᠢᠳᠡᠪᠬᠢᠲᠡᠢ

ᠣᠷᠣᠯᠴᠠᠪᠠ᠃

    ᠡᠬᠢᠯᠡᠯᠳᠡ ᠶᠢᠨ ᠶᠣᠰᠣᠯᠠᠯ ᠳᠡᠭᠡᠷ᠎ᠡ᠂ ᠣᠷᠣᠯᠳᠣᠭᠠᠨ ᠨᠢ ᠲᠡᠷᠢ ᠲᠡᠭᠰᠢ ᠵᠢᠭᠰᠠᠵᠤ᠂ ᠬᠠᠮᠢᠶᠠᠷᠤᠯᠲᠠ ᠶᠢᠨ

ᠣᠷᠣᠨ ᠤ ᠨᠢᠭᠡᠳᠦᠮᠡᠯ ᠹᠷᠣᠨᠲ ᠤᠨ ᠬᠡᠯᠲᠡᠰ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠡᠬᠢᠯᠡᠯᠳᠡ ᠶᠢᠨ ᠦᠭᠡ ᠬᠡᠯᠡᠪᠡ᠃

    ᠱᠦᠭᠯᠦ ᠳᠤᠤᠭᠠᠷᠬᠤ ᠶᠢ ᠳᠠᠭᠠᠯᠳᠤᠨ᠂ ᠤᠷᠤᠯᠳᠤᠭᠠᠨ ᠵᠢᠩᠬᠢᠨᠢ ᠪᠠᠷ ᠡᠬᠢᠯᠡᠪᠡ᠃ ᠪᠥᠮᠪᠥᠭᠡᠨ ᠲᠠᠯᠠᠪᠠᠢ ᠳᠡᠭᠡᠷ᠎ᠡ᠂

ᠡᠯ᠎ᠡ ᠲᠠᠯ᠎ᠠ ᠶᠢᠨ ᠲᠠᠮᠢᠷᠴᠢᠳ ᠴᠤᠭ ᠵᠢᠪᠬᠤᠭ᠎ᠠ ᠲᠡᠭᠦᠯᠳᠡᠷ᠂ ᠴᠤᠭ ᠵᠢᠪᠬᠤᠭ᠎ᠠ ᠪᠠᠳᠠᠷᠠᠩᠭᠤᠢ ᠪᠠᠶᠢᠵᠤ᠂ ᠡᠩ ᠤᠨ

ᠦᠶ᠎ᠡ ᠶᠢᠨ ᠠᠵᠢᠯ ᠤᠨ ᠬᠤᠪᠴᠠᠰᠤ ᠪᠠᠨ ᠲᠠᠶᠢᠯᠵᠤ᠂ ᠪᠥᠮᠪᠥᠭᠡᠨ ᠲᠠᠯᠠᠪᠠᠢ ᠶᠢᠨ ᠪᠠᠶᠢᠯᠳᠤᠭᠴᠢ ᠪᠣᠯᠵᠤ ᠬᠤᠪᠢᠷᠠᠪᠠ᠃

ᠲᠡᠳᠡ ᠭᠦᠶᠦᠬᠦ᠂ᠦᠰᠦᠷᠬᠦ᠂ ᠪᠥᠮᠪᠦᠭᠡ ᠳᠠᠮᠵᠢᠭᠤᠯᠬᠤ᠂ ᠰᠠᠭᠰᠤᠯᠠᠵᠤ᠂ ᠬᠥᠳᠡᠯᠭᠡᠭᠡᠨ ᠨᠢᠭᠡᠪᠦᠷᠢ ᠴᠥᠮ ᠬᠦᠴᠦᠨ ᠴᠢᠳᠠᠯ

ᠪᠠ ᠣᠷᠭᠢᠯᠤᠮ᠎ᠠ ᠰᠡᠳᠬᠢᠯᠭᠡ ᠪᠠᠷ ᠪᠢᠯᠬᠠᠵᠤ ᠪᠠᠶᠢᠪᠠ᠃ ᠦᠵᠡᠭᠴᠢᠳ ᠴᠤ ᠡᠨᠡ ᠬᠦ ᠪᠠᠴᠢᠮ ᠰᠡᠳᠡᠯᠲᠡ ᠶᠢᠨ

ᠤᠷᠤᠯᠳᠤᠭᠠᠨ ᠤ ᠠᠭᠤᠷ ᠠᠮᠢᠰᠬᠤᠯ ᠳᠤ ᠨᠥᠯᠥᠭᠡᠯᠡᠭᠳᠡᠵᠦ᠂ ᠬᠤᠶᠢᠨ᠎ᠠ ᠬᠤᠶᠢᠨ᠎ᠠ ᠠᠴᠠ ᠪᠠᠨ ᠥᠪᠡᠷ ᠤᠨ ᠳᠡᠮᠵᠢᠬᠦ

ᠠᠩᠭᠢ ᠳᠠᠭᠠᠨ ᠬᠦᠴᠦ ᠨᠡᠮᠡᠵᠦ᠂ ᠪᠦᠬᠦ᠋ᠢᠯᠡ ᠤᠷᠤᠯᠳᠤᠭᠠᠨ ᠤ ᠲᠠᠯᠠᠪᠤᠷ ᠨᠢ ᠬᠦᠷ ᠬᠥᠭᠵᠢᠶᠡᠨ ᠲᠠᠢ ᠠᠭᠤᠷ

ᠠᠮᠢᠰᠬᠤᠯ ᠢᠶᠠᠷ ᠪᠢᠯᠬᠠᠨ᠎ᠠ  

    ᠲᠣᠰ ᠤᠳᠠᠭᠠᠨ ᠤ ᠠᠵᠢᠯᠲᠠᠨ ᠠᠵᠢᠯᠴᠢᠨ ᠤ ᠰᠠᠭᠰᠤᠨ ᠪᠥᠮᠪᠦᠭᠡ ᠶᠢᠨ ᠤᠷᠤᠯᠳᠤᠭᠠᠨ ᠢ ᠡᠷᠬᠢᠯᠡᠭᠰᠡᠨ ᠨᠢ

ᠥᠷᠭᠡᠨ ᠣᠯᠠᠨ ᠠᠵᠢᠯᠲᠠᠨ ᠠᠵᠢᠯᠴᠢᠨ ᠳᠤ ᠪᠡᠶ᠎ᠡ ᠮᠠᠬᠠᠪᠤᠳ ᠢᠶᠠᠨ ᠪᠣᠯᠪᠠᠰᠤᠷᠠᠭᠤᠯᠬᠤ᠂ ᠰᠡᠳᠬᠢᠯ ᠰᠠᠨᠠᠭ᠎ᠠ ᠪᠠᠨ

ᠰᠤᠯᠠᠷᠠᠭᠤᠯᠬᠤ ᠲᠣᠬᠢᠶᠠᠯ ᠣᠯᠭᠤᠭᠰᠠᠨ ᠢᠶᠠᠷ ᠪᠠᠷᠠᠬᠤ ᠦᠭᠡᠢ᠂ ᠪᠠᠰᠠ ᠡᠯ᠎ᠡ ᠨᠢᠭᠡᠴᠡ ᠶᠢᠨ ᠬᠤᠭᠤᠷᠣᠨᠳᠣᠬᠢ

ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠨᠡᠮᠡᠭᠳᠡᠭᠦᠯᠦᠭᠰᠡᠨ ᠪᠠᠶᠢᠨ᠎ᠠ᠃ ᠳᠠᠷᠠᠭᠠᠴᠢ ᠶᠢᠨ ᠤᠷᠤᠯᠳᠤᠭᠠᠨ ᠳᠤ ᠡᠯ᠎ᠡ

ᠤᠷᠤᠯᠳᠤᠭᠠᠨ ᠳᠤ ᠣᠷᠣᠯᠴᠠᠭᠰᠠᠳ ᠪᠦᠯᠬᠦᠮᠳᠡᠨ ᠬᠠᠮᠵᠢᠯᠴᠠᠬᠤ᠂ ᠡᠷᠡᠯᠬᠡᠭᠯᠡᠨ ᠲᠡᠮᠡᠴᠡᠬᠦ ᠵᠣᠷᠢᠭ ᠰᠠᠨᠠᠭ᠎ᠠ ᠪᠠᠨ

ᠦᠷᠭᠦᠯᠵᠢᠯᠡᠨ ᠪᠠᠳᠠᠷᠠᠭᠤᠯᠵᠤ᠂ ︽ᠳᠤᠮᠳᠠᠳᠤ ᠶᠢᠨ ᠬᠦᠰᠡᠯ · ᠬᠥᠳᠡᠯᠮᠦᠷᠢ ᠰᠠᠶᠢᠬᠠᠨ︾ ᠭᠡᠬᠦ ᠢᠷᠠᠭᠤ ᠬᠠᠭᠤᠳᠠᠰᠤ ᠶᠢ

ᠬᠠᠮᠲᠤᠪᠠᠷ ᠪᠢᠴᠢᠭᠯᠡᠨ᠎ᠡ᠃

 
ᠢᠷᠡᠯᠲᠡ᠄ ᠤᠯᠠᠭᠠᠶ ᠬᠠᠮᠢᠶᠠᠷᠤᠯᠲᠠ ᠶᠢᠨ ᠣᠷᠣᠨ ᠤ ᠵᠠᠰᠠᠭ ᠤᠨ ᠶᠠᠪᠤᠳᠠᠯ ᠤᠨ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号