8 ᠰᠠᠷ᠎ᠠ ᠶᠢᠨ 24 ᠤ ᠡᠳᠦᠷ᠂ ᠠᠷᠪᠠᠨ ᠳᠣᠯᠣᠳᠤᠭᠠᠷ ᠬᠤᠭᠤᠴᠠᠭᠠᠨ ᠤ ︵2024︶ ᠦᠬᠡᠷ ᠤᠨ | ᠦᠢᠯᠡᠰ ᠤᠨ ᠬᠥᠭᠵᠢᠭᠦᠯᠦᠯᠲᠡ ᠶᠢᠨ ᠶᠡᠭᠡ ᠬᠤᠷᠠᠯ ᠲᠦᠩᠯᠢᠶᠣᠣ ᠬᠤᠲᠠ ᠳᠤ ᠡᠬᠢᠯᠡᠪᠡ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠩᠯᠢᠶᠣᠣ | ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠮᠧᠩ ᠰᠢᠶᠠᠨ ᠳ᠋ᠦᠩ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠳᠠᠶᠢᠴᠢᠨ ᠬᠤᠷᠠᠯ ᠳᠤ ᠣᠷᠣᠯᠴᠠᠭᠰᠠᠨ ᠪᠥᠭᠡᠳ ᠪᠠᠶᠠᠷ ᠤᠨ ᠦᠭᠡ | ᠬᠡᠯᠡᠵᠡᠢ᠃ | ᠬᠤᠷᠠᠯ ᠳᠡᠭᠡᠷ᠎ᠡ ︽ᠰᠠᠶᠢᠨ ᠦᠬᠡᠷ ᠰᠠᠶᠢᠨ ᠮᠢᠬᠠᠨ ᠤ ᠲᠦᠷᠦᠯ ᠲᠡᠮᠳᠡᠭ ᠢ ᠪᠣᠶᠢᠵᠢᠭᠤᠯᠤᠨ ᠰᠢᠯᠢᠳᠡᠭᠵᠢᠭᠦᠯᠬᠦ | ᠠᠵᠢᠯᠯᠠᠭᠠᠨ ᠤ ᠲᠥᠯᠥᠪᠯᠡᠭᠡ︾ ᠶᠢᠨ ᠵᠦᠭᠯᠡᠭᠦᠷ ᠢ ᠨᠡᠶᠢᠲᠡᠯᠡᠵᠦ᠂ ᠠᠵᠢᠯ ᠲᠦᠷᠦᠯ ᠤᠨ ᠬᠥᠭᠵᠢᠯᠲᠡ ᠳᠤ ᠣᠨᠣᠴᠠᠲᠠᠢ | ᠵᠢᠯᠣᠭᠤᠳᠤᠯᠭ᠎ᠠ ᠬᠠᠩᠭᠠᠵᠤ᠂ ︽ᠲᠦᠩᠯᠢᠶᠣᠣ ᠶᠢᠨ ᠦᠬᠡᠷ ᠤᠨ ᠮᠢᠬ᠎ᠠ︾ ᠶᠢᠨ ᠲᠦᠷᠦᠯ ᠲᠡᠮᠳᠡᠭ ᠢ ᠡᠬᠢᠯᠡᠭᠦᠯᠬᠦ | ᠶᠣᠰᠣᠯᠠᠯ ᠶᠠᠪᠤᠭᠤᠯᠵᠤ᠂ ︽ᠲᠦᠩᠯᠢᠶᠣᠣ ᠶᠢᠨ ᠦᠬᠡᠷ ᠤᠨ ᠮᠢᠬ᠎ᠠ︾ ᠶᠢᠨ ᠲᠦᠷᠦᠯ ᠲᠡᠮᠳᠡᠭ ᠤᠨ ᠦᠨ᠎ᠡ ᠦᠷᠲᠡᠭ ᠢ | ᠦᠨᠡᠯᠡᠭᠰᠡᠨ ᠦᠷ᠎ᠡ ᠳ᠋ᠦᠩ ᠵᠢᠴᠢ ︽ᠲᠦᠩᠯᠢᠶᠣᠣ ᠶᠢᠨ ᠦᠬᠡᠷ ᠤᠨ ᠮᠢᠬ᠎ᠠ︾ ᠶᠢᠨ ᠪᠦᠯᠬᠦᠮ ᠨᠡᠶᠢᠲᠡ ᠶᠢᠨ | ᠪᠠᠷᠢᠮᠵᠢᠶ᠎ᠠ ᠶᠢ ᠨᠡᠶᠢᠲᠡᠯᠡᠵᠦ᠂ ︽ᠲᠦᠩᠯᠢᠶᠣᠣ ᠶᠢᠨ ᠮᠢᠬᠠᠨ ᠤ ᠦᠬᠡᠷ︾ ᠤᠨ ᠲᠣᠮᠣ ᠳ᠋ᠠᠶᠢᠲ᠋ᠠ ᠶᠢᠨ ᠬᠡᠷᠡᠭᠯᠡᠭᠡᠨ ᠤ | ᠰᠢᠰᠲ᠋ᠧᠮ ᠤᠨ ᠡᠬᠢᠯᠡᠯᠲᠡ ᠶᠢᠨ ᠶᠣᠰᠣᠯᠠᠯ ᠶᠠᠪᠤᠭᠤᠯᠬᠤ ᠶᠢᠨ ᠬᠠᠮᠲᠤ᠂ ︽ᠦᠬᠡᠷ ᠲᠡᠵᠢᠭᠡᠬᠦ ᠴᠢᠳᠠᠪᠤᠷᠢᠲᠠᠨ︾ ᠤ | ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢᠨ ᠠᠵᠢᠯᠯᠠᠭ᠎ᠠ ᠪᠠ ︽2024 ᠣᠨ ᠤ ᠲᠦᠩᠯᠢᠶᠣᠣ ᠬᠤᠲᠠ ᠶᠢᠨ | ᠦᠬᠡᠷ ᠰᠢᠯᠭᠠᠷᠠᠭᠤᠯᠬᠤ ᠤᠷᠤᠯᠳᠤᠭᠠᠨ︾ ᠳᠤ ᠱᠠᠩᠨᠠᠯ ᠣᠯᠣᠭᠰᠠᠳ ᠲᠤ ᠱᠠᠩᠨᠠᠯ ᠣᠯᠭᠤᠪᠠ᠃ | ᠶᠡᠭᠡ ᠬᠤᠷᠠᠯ ᠤᠨ ᠬᠤᠭᠤᠴᠠᠭᠠᠨ ᠳᠤ ᠪᠠᠰᠠ ᠮᠢᠬᠠᠨ ᠤ ᠦᠬᠡᠷ ᠤᠨ ᠠᠵᠤ ᠦᠢᠯᠡᠰ ᠤᠨ ᠬᠠᠮᠲᠤᠷᠠᠯᠴᠠᠭᠠᠨ ᠤ | ᠲᠦᠷᠦᠯ ᠵᠦᠢᠯ ᠤᠨ ᠵᠥᠪᠯᠡᠯᠴᠡᠭᠡᠷ ᠲᠣᠭᠲᠠᠬᠤ ᠶᠣᠰᠣᠯᠠᠯ ᠶᠠᠪᠤᠭᠤᠯᠵᠤ᠂ ᠨᠡᠶᠢᠲᠡ 35 ᠲᠦᠷᠦᠯ ᠵᠦᠢᠯ ᠤᠨ | ᠵᠥᠪᠯᠡᠯᠴᠡᠭᠡᠷ ᠲᠣᠭᠲᠠᠵᠤ᠂ ᠶᠡᠷᠦᠩᠬᠡᠢ ᠵᠣᠭᠤᠰ ᠤᠨ ᠲᠤᠭ᠎ᠠ ᠨᠢ 168.46 ᠳ᠋ᠦᠩᠰᠢᠭᠤᠷ ᠲᠥᠭᠦᠷᠢᠭ ᠲᠤ ᠬᠦᠷᠴᠡᠢ᠃ | ︽ᠪᠦᠬᠦ ᠤᠯᠤᠰ ᠤᠨ ᠦᠬᠡᠷ ᠤᠨ ᠮᠢᠬᠠᠨ ᠤ ᠪᠡᠯᠡᠨ ᠵᠠᠭᠤᠰᠢ ᠶᠢᠨ ᠤᠷᠤᠯᠳᠤᠭᠠᠨ︾ ᠪᠠ ︽ᠪᠦᠬᠦ ᠤᠯᠤᠰ ᠤᠨ | ᠦᠬᠡᠷ ᠤᠨ ᠮᠢᠬᠠᠨ ᠤ ᠬᠤᠭᠤᠯᠠ ᠬᠢᠬᠦ ᠤᠷᠤᠯᠳᠤᠭᠠᠨ︾ ᠶᠠᠪᠤᠭᠤᠯᠪᠠ᠃ |