ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ  ​ᠰᠦᠨ ᠱᠤᠤ ᠴᠧᠩ ᠬᠤᠷᠠᠯ ᠢ ᠡᠷᠭᠢᠯᠡᠵᠡᠢ
ᠨᠡᠶᠢᠲᠡᠯᠡᠭᠰᠡᠨ ᠴᠠᠭ᠄
2024/8/27

    8 ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ

ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ

ᠬᠤᠯᠪᠣᠭᠳᠠᠯ ᠪᠦᠬᠦᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠤᠨ

ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ

ᠬᠤᠷᠢᠶᠠᠨ ᠤ ᠱᠦᠵᠢ ᠰᠦᠨ ᠱᠤᠤ ᠴᠧᠩ ᠬᠤᠷᠠᠯ ᠢ ᠡᠷᠭᠢᠯᠡᠵᠡᠢ᠃

    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠳ᠋ᠧᠩ ᠰᠢᠶᠣᠣ ᠫᠢᠩ ᠨᠥᠬᠦᠷ ᠤᠨ ᠮᠡᠨᠳᠦᠯᠡᠭᠰᠡᠨ 120

ᠵᠢᠯ ᠤᠨ ᠤᠢ ᠶᠢ ᠳᠤᠷᠠᠰᠬᠠᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ

ᠤᠯᠠᠮᠵᠢᠯᠠᠨ ᠰᠤᠷᠤᠯᠴᠠᠵᠦ᠂ ᠤᠭ ᠰᠠᠨᠠᠭ᠎ᠠ ᠪᠠᠨ ᠦᠯᠦ ᠮᠠᠷᠲᠠᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂

ᠡᠷᠡᠰ ᠭᠤᠶᠢᠪᠢᠰᠢ ᠦᠭᠡᠢ ᠪᠠᠷ ᠮᠠᠤ ᠽᠧ ᠳ᠋ᠦᠩ᠂ ᠳ᠋ᠧᠩ ᠰᠢᠶᠣᠣ ᠫᠢᠩ ᠵᠡᠷᠭᠡ ᠠᠬᠠᠮᠠᠳ ᠨᠢᠭᠡ ᠦᠶ᠎ᠡ ᠶᠢᠨ

ᠬᠤᠪᠢᠰᠬᠠᠯᠴᠢᠳ ᠤᠨ ᠨᠡᠭᠡᠭᠡᠭᠰᠡᠨ ᠵᠠᠮ ᠢᠶᠠᠷ ᠵᠠᠮᠨᠠᠵᠤ᠂ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ

ᠴᠢᠭᠯᠡᠯ ᠢᠶᠠᠷ ᠤᠷᠤᠭᠰᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ

ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠤᠯᠭᠠᠵᠤ᠂ ᠬᠤᠶᠠᠷ ᠶᠡᠭᠡ ᠶᠠᠪᠤᠳᠠᠯ ᠢ ᠪᠦᠭᠦ ᠬᠦᠴᠦᠨ ᠢᠶᠠᠷ ᠢᠶᠠᠨ

ᠰᠠᠶᠢᠲᠤᠷ  ᠬᠢᠵᠦ᠂  ᠰᠢᠨ᠎ᠡ  ᠵᠠᠮ ᠨᠡᠭᠡᠭᠡᠵᠦ᠂ ᠳᠤᠮᠳᠠ ᠲᠦᠪᠰᠢᠨ ᠳᠤ ᠣᠷᠣᠵᠤ᠂ ᠬᠦᠴᠦᠷᠬᠡᠭ  ᠤᠯᠤᠰ ᠤᠨ  

ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠠᠬᠢᠭᠤᠯᠬᠤ ᠳᠤ ᠨᠡᠩ

ᠶᠡᠭᠡ ᠬᠤᠪᠢ ᠨᠡᠮᠡᠷᠢ ᠦᠵᠡᠭᠦᠯᠭᠦ ᠬᠡᠷᠡᠭᠲᠡᠢ᠃ ᠨᠠᠮ ᠤᠨ ᠰᠢᠨ᠎ᠡ ᠡᠭᠦᠳᠦᠯᠲᠡ ᠶᠢᠨ ᠤᠨᠤᠯ ᠢᠶᠠᠷ ᠰᠡᠳᠬᠢᠯ ᠢᠶᠠᠨ

ᠨᠢᠭᠡᠳᠬᠡᠨ ᠰᠦᠭ ᠰᠦᠨᠡᠰᠦ ᠪᠠᠨ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠲᠡᠭᠦᠨ ᠤ ᠳᠤᠮᠳᠠ ᠠᠴᠠ

ᠤᠶᠤᠨ ᠤᠬᠠᠭᠠᠨ ᠬᠦᠴᠦᠨ ᠴᠢᠳᠠᠯ ᠣᠯᠵᠤ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ᠂ ᠠᠵᠢᠯ ᠤᠨ ᠰᠢᠨ᠎ᠡ ᠶᠢ

ᠡᠭᠦᠳᠴᠦ ᠠᠬᠢᠭᠤᠯᠬᠤ ᠰᠡᠳᠬᠢᠮᠵᠢ ᠠᠷᠭ᠎ᠠ ᠬᠡᠮᠵᠢᠶ᠎ᠡ ᠶᠢ ᠡᠷᠢᠯᠬᠢᠯᠡᠵᠦ᠂ ᠤᠨᠤᠯ ᠢ ᠰᠤᠷᠤᠯᠴᠠᠬᠤ᠂ ᠤᠨᠤᠯ ᠢ ᠬᠡᠷᠡᠭᠯᠡᠬᠦ

ᠴᠢᠳᠠᠪᠤᠷᠢ ᠲᠦᠪᠰᠢᠨ ᠢᠶᠠᠨ ᠳᠡᠭᠡᠭᠰᠢᠯᠡᠭᠦᠯᠭᠦ ᠬᠡᠷᠡᠭᠲᠡᠢ᠃ ᠴᠢᠩᠭ᠎ᠠ ᠬᠦᠴᠦᠲᠡᠢ ᠰᠢᠨ᠎ᠡ ᠶᠢ ᠡᠭᠦᠳᠬᠦ ᠵᠣᠷᠢᠭ

ᠰᠠᠨᠠᠭ᠎ᠠ ᠪᠠᠷ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠡᠯ᠎ᠡ ᠵᠦᠢᠯ ᠤᠨ

ᠠᠵᠢᠯ ᠢ ᠪᠣᠳᠠᠲᠠᠢ ᠠᠳᠬᠤᠵᠤ ᠨᠠᠷᠢᠯᠢᠭ ᠠᠳᠬᠤᠵᠤ᠂ ᠥᠭᠡᠷᠡᠴᠢᠯᠡᠯᠲᠡ ᠰᠠᠶᠢᠵᠢᠷᠠᠯᠲᠠ ᠲᠠᠢ᠂ ᠥᠭᠡᠷᠡᠴᠢᠯᠡᠯᠲᠡ

ᠪᠦᠳᠦᠮᠵᠢ ᠲᠠᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃

    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ 33 ᠳ᠋ᠤᠭᠠᠷ ᠬᠤᠭᠤᠴᠠᠭᠠᠨ ᠤ ᠣᠯᠢᠮᠫᠢᠺ ᠤᠨ

ᠲᠠᠮᠢᠷ ᠤᠨ ᠴᠤᠭᠯᠠᠭᠠᠨ ᠤ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠭᠦᠮ ᠢ

ᠭᠥᠯᠢᠶᠡᠨ ᠠᠪᠴᠤ ᠠᠭᠤᠯᠵᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ

ᠰᠤᠷᠤᠯᠴᠠᠨ ᠲᠤᠭᠤᠰᠢᠯᠠᠭᠤᠯᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠥᠷᠢᠰᠦᠯᠳᠦᠭᠡᠨ ᠤ ᠪᠡᠶ᠎ᠡ ᠶᠢᠨ

ᠲᠠᠮᠢᠷ ᠤᠨ ᠬᠥᠳᠡᠯᠭᠡᠭᠡᠨ᠂ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠪᠣᠯᠣᠨ ᠵᠠᠯᠠᠭᠤᠴᠤᠳ

ᠪᠠᠭᠠᠴᠤᠳ ᠤᠨ ᠪᠡᠶ᠎ᠡ ᠶᠢᠨ ᠲᠠᠮᠢᠷ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠪᠡᠶ᠎ᠡ ᠶᠢᠨ ᠲᠠᠮᠢᠷ ᠤᠨ

ᠬᠦᠴᠦᠷᠬᠡᠭ ᠤᠯᠤᠰ᠂ ᠡᠷᠡᠭᠦᠯ ᠡᠩᠬᠡ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ

ᠡᠷᠭᠦᠬᠦ ᠪᠠᠷ ᠴᠢᠷᠮᠠᠶᠢᠬᠤ ᠬᠡᠷᠡᠭᠲᠡᠢ᠃ ᠳᠤᠮᠳᠠᠳᠤ ᠪᠠᠭ᠎ᠠ ᠰᠤᠷᠭᠠᠭᠤᠯᠢ ᠠᠴᠠ ᠡᠬᠢᠯᠡᠨ ᠪᠡᠶ᠎ᠡ ᠶᠢᠨ ᠲᠠᠮᠢᠷ ᠤᠨ

ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠵᠤ᠂ ᠪᠤᠺᠰ ᠤᠨ ᠲᠡᠮᠡᠴᠡᠭᠡᠨ᠂ ᠪᠤᠶᠢᠺᠤ ᠪᠥᠮᠪᠦᠭᠡ᠂ ᠪᠦᠭᠡ  ᠵᠡᠷᠭᠡ

ᠳᠠᠪᠠᠭᠤᠯᠢᠭ ᠪᠠ ᠳᠠᠯᠳᠠ ᠬᠦᠴᠦᠨ ᠲᠠᠢ ᠲᠥᠷᠥᠯ ᠵᠦᠢᠯ ᠢ ᠪᠠᠬᠢᠵᠢᠭᠦᠯᠦᠨ ᠬᠥᠭᠵᠢᠭᠦᠯᠵᠦ᠂ ᠲᠠᠮᠢᠷᠴᠢᠳ ᠢ ᠵᠣᠬᠢᠶᠠᠨ

ᠪᠠᠶᠢᠭᠤᠯᠤᠨ ᠢᠳᠡᠪᠬᠢᠲᠡᠢ  ᠪᠣᠯᠪᠠᠰᠤᠷᠠᠭᠤᠯᠤᠨ  ᠤᠷᠤᠯᠳᠤᠭᠠᠨ ᠳᠤ  ᠪᠡᠯᠡᠳᠬᠡᠵᠦ᠂ ᠡᠯ᠎ᠡ ᠲᠥᠷᠥᠯ ᠤᠨ

ᠤᠷᠤᠯᠳᠤᠭᠠᠨ ᠳᠤ ᠣᠷᠣᠯᠴᠠᠭᠤᠯᠵᠤ᠂ ᠤᠷᠤᠯᠳᠤᠭᠠᠨ ᠤ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ᠃

ᠡᠯ᠎ᠡ ᠲᠥᠷᠥᠯ ᠤᠨ ᠪᠡᠶ᠎ᠡ ᠶᠢᠨ ᠲᠠᠮᠢᠷ ᠤᠨ ᠲᠠᠯᠠᠪᠤᠷ ᠭᠠᠵᠠᠷ ᠤᠨ ᠲᠥᠬᠦᠭᠡᠷᠦᠮᠵᠢ ᠶᠢ ᠰᠠᠶᠢᠲᠤᠷ ᠬᠡᠷᠡᠭᠯᠡᠵᠦ᠂ ᠪᠦᠭᠦ

ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠴᠢᠯᠡᠭᠡ ᠪᠠ ᠤᠬᠠᠭᠤᠯᠭ᠎ᠠ ᠶᠢ ᠴᠢᠩᠭᠠᠳᠬᠠᠨ᠂ ᠣᠯᠠᠨ ᠲᠦᠮᠡᠨ ᠢ

ᠬᠥᠲᠥᠯᠥᠨ ᠵᠢᠯᠤᠭᠤᠳᠴᠤ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠢᠳᠡᠪᠬᠢᠲᠡᠢ ᠣᠷᠣᠯᠴᠠᠭᠤᠯᠵᠤ᠂ ᠡᠷᠡᠭᠦᠯ

ᠴᠢᠭᠢᠷᠠᠭ ᠤᠨ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃

    ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠭᠦ ᠲᠠᠯ᠎ᠠ ᠪᠠᠷ

ᠭᠦᠨᠵᠡᠭᠡᠶᠢᠷᠡᠭᠦᠯᠬᠦ ᠬᠤᠷᠢᠶ᠎ᠠ ᠶᠢᠨ ᠡᠯ᠎ᠡ ᠲᠤᠰᠬᠠᠢ ᠳᠤᠭᠤᠶᠢᠯᠠᠩ ᠪᠣᠯᠣᠨ ᠨᠠᠮ ᠤᠨ ᠬᠤᠷᠢᠶᠠᠨ ᠤ ᠥᠭᠡᠷᠡᠴᠢᠯᠡᠯᠲᠡ ᠶᠢ

ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠬᠤᠯᠪᠣᠭᠳᠠᠯ ᠪᠦᠬᠦᠢ

ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽︿ᠨᠠᠮ ᠤᠨ ᠬᠤᠷᠢᠳᠤᠭᠠᠷ ᠬᠤᠭᠤᠴᠠᠭᠠᠨ ᠤ

ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ

ᠨᠠᠶᠢᠳᠠᠪᠤᠷᠢᠵᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠠᠨᠠᠯ﹀

 ᠤᠨ ᠲᠤᠬᠠᠢ ᠠᠵᠢᠯ ᠤᠨ ᠬᠤᠪᠢᠶᠠᠷᠢᠯᠠᠯ ᠤᠨ ᠲᠥᠰᠥᠯ︾᠂ ︽ᠠᠮᠢ ᠠᠬᠤᠢ ᠣᠷᠴᠢᠨ ᠲᠣᠭᠤᠷᠢᠨ ᠢ ᠣᠷᠣᠨ ᠬᠤᠪᠢᠶᠠᠨ

ᠬᠠᠮᠢᠶᠠᠷᠤᠨ ᠡᠵᠡᠮᠳᠡᠬᠦ ᠶᠢ ᠴᠢᠩᠭᠠᠳᠬᠠᠬᠤ ᠲᠤᠬᠠᠢ ᠬᠡᠷᠡᠭᠵᠢᠭᠦᠯᠬᠦ ᠰᠠᠨᠠᠯ︾ ᠢ ᠬᠢᠨᠠᠨ ᠵᠥᠪᠯᠡᠵᠦ ᠪᠠᠲᠤᠯᠠᠨ᠂

ᠥᠭᠡᠷᠡᠴᠢᠯᠡᠯᠲᠡ ᠶᠢ ᠠᠳᠬᠤᠬᠤ ᠳᠠᠭᠠᠨ ᠵᠣᠷᠢᠭᠲᠠᠢ ᠪᠠᠷ ᠰᠢᠨ᠎ᠡ ᠶᠢ ᠡᠭᠦᠳᠬᠦ ᠮᠥᠷᠲᠡᠭᠡᠨ ᠨᠢᠭᠡᠳᠦᠯᠲᠡᠢ

ᠲᠥᠯᠥᠪᠵᠢᠭᠦᠯᠬᠦ ᠶᠢ ᠴᠢᠬᠤᠯᠠᠴᠢᠯᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ

ᠪᠦᠭᠦᠳᠡ ᠬᠤᠷᠠᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠣᠨ ᠥᠪᠡᠷᠲᠡᠭᠡᠨ ᠵᠠᠰᠠᠬᠤ ᠣᠷᠣᠨ ᠤ

ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠭᠦᠳᠡ ᠬᠤᠷᠠᠯ ᠤᠨ ᠠᠵᠢᠯ ᠤᠨ

ᠲᠣᠬᠢᠷᠠᠭᠤᠯᠤᠯᠲᠠ ᠶᠣᠰᠣᠭᠠᠷ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠠᠷᠭ᠎ᠠ ᠬᠡᠮᠵᠢᠶ᠎ᠡ ᠪᠠᠨ

ᠨᠠᠷᠢᠯᠢᠭᠵᠢᠭᠤᠯᠵᠤ᠂ ᠪᠦᠭᠦ ᠬᠦᠴᠦᠨ ᠢᠶᠠᠷ ᠢᠶᠠᠨ ᠪᠣᠭᠤᠮᠲᠠ ᠰᠢᠪᠲᠤᠯᠬᠤ ᠬᠡᠷᠡᠭᠲᠡᠢ᠃ ᠡᠯ᠎ᠡ ᠵᠦᠢᠯ ᠤᠨ ᠠᠵᠢᠯ ᠤᠨ

ᠬᠤᠭᠤᠷᠣᠨᠳᠣᠭᠢ ᠳᠣᠲᠣᠭᠠᠳᠤ ᠬᠤᠯᠪᠤᠭ᠎ᠠ ᠶᠢ ᠰᠠᠶᠢᠲᠤᠷ ᠡᠵᠡᠮᠳᠡᠵᠦ᠂ ᠰᠢᠰᠲ᠋ᠧᠮᠵᠢᠭᠦᠯᠦᠨ ᠬᠤᠷᠠᠭᠤᠯᠬᠤ ᠶᠢ

ᠴᠢᠩᠭᠠᠳᠬᠠᠵᠤ᠂ ᠥᠭᠡᠷᠡᠴᠢᠯᠡᠯᠲᠡ ᠶᠢ ᠰᠢᠰᠲ᠋ᠧᠮᠵᠢᠭᠦᠯᠦᠨ ᠰᠤᠳᠤᠯᠤᠨ ᠠᠬᠢᠭᠤᠯᠬᠤ ᠬᠡᠷᠡᠭᠲᠡᠢ᠃ ᠥᠭᠡᠷᠡᠴᠢᠯᠡᠯᠲᠡ ᠶᠢᠨ

ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠢ ᠦᠨᠡᠯᠡᠵᠦ ᠬᠢᠨᠠᠨ ᠰᠢᠯᠭᠠᠬᠤ ᠶᠢ ᠴᠢᠩᠭᠠᠳᠬᠠᠵᠤ᠂ ᠡᠯ᠎ᠡ ᠲᠠᠯ᠎ᠠ ᠶᠢᠨ ᠬᠢᠨ ᠤ

ᠱᠠᠯᠠᠪᠳᠠᠨ ᠬᠥᠳᠡᠯᠦᠯᠴᠡᠬᠦ ᠶᠢ ᠠᠬᠢᠭᠤᠯᠵᠤ᠂ ᠬᠠᠮᠲᠤ ᠪᠠᠷ ᠥᠭᠡᠷᠡᠴᠢᠯᠡᠯᠲᠡ ᠬᠢᠬᠦ ᠳᠤ ᠬᠦᠴᠦᠯᠡᠵᠦ᠂ ᠦᠨᠡᠨ ᠪᠣᠳᠠᠲᠠᠢ

ᠦᠷ᠎ᠡ ᠪᠦᠲᠦᠮᠵᠢ ᠣᠯᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃

    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃

 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号