ᠥᠪᠥᠷ ᠮᠣᠩᠭᠤᠯ ᠣᠶ ᠰᠢᠭᠤᠢ ᠨᠤᠲᠤᠭ ᠪᠡᠯᠴᠢᠭᠡᠷ ᠤᠨ ᠦᠷ᠎ᠡ ᠲᠡᠭᠦᠬᠦ ᠬᠤᠷᠢᠶᠠᠬᠤ ᠨᠥᠭᠡᠴᠡᠯᠡᠬᠦ ᠠᠵᠢᠯ ᠢ ᠰᠠᠶᠢᠲᠤᠷ ᠬᠢᠵᠦ  ︽ᠤᠮᠠᠷᠠᠲᠤ ᠶᠢᠨ ᠭᠤᠷᠪᠠᠨ ᠣᠷᠣᠨ︾ ᠢᠨᠵᠧᠨᠧᠷᠢᠩ ᠤᠨ ᠦᠷ᠎ᠡ ᠴᠢᠬᠢ ᠶᠢᠨ ᠬᠠᠩᠭᠠᠯᠭ᠎ᠠ ᠶᠢ ᠦᠨᠡᠨ ᠬᠦ ᠪᠠᠲᠤᠯᠠᠵᠤ ᠪᠠᠶᠢᠨ᠎ᠠ
ᠨᠡᠶᠢᠲᠡᠯᠡᠭᠰᠡᠨ ᠴᠠᠭ᠄
2024/8/27

    ᠣᠳᠣᠬᠠᠨ ᠳᠤ᠂ ᠮᠠᠨ ᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠦᠷ᠎ᠡ ᠠᠭᠠᠵᠢᠮ ᠢᠶᠠᠷ ᠪᠣᠯᠪᠠᠰᠤᠷᠠᠵᠤ

ᠲᠡᠭᠦᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠵᠤ᠂ ︽ᠤᠮᠠᠷᠠᠲᠤ ᠶᠢᠨ ᠭᠤᠷᠪᠠᠨ ᠣᠷᠣᠨ︾ ᠵᠡᠷᠭᠡ

ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠣᠶ ᠰᠢᠭᠤᠢ ᠨᠤᠲᠤᠭ ᠪᠡᠯᠴᠢᠭᠡᠷ ᠤᠨ ᠦᠷ᠎ᠡ ᠴᠢᠬᠢ ᠶᠢᠨ

ᠬᠠᠩᠭᠠᠯᠭ᠎ᠠ ᠶᠢ ᠦᠨᠡᠨ ᠬᠦ ᠪᠠᠲᠤᠯᠠᠵᠤ᠂ ᠦᠷ᠎ᠡ ᠴᠢᠬᠢ ᠶᠢᠨ ᠪᠦᠲᠦᠴᠡ ᠶᠢᠨ ᠴᠢᠨᠠᠷᠲᠠᠢ ᠳᠤᠲᠠᠭᠳᠠᠯ ᠤᠨ ᠠᠰᠠᠭᠤᠳᠠᠯ ᠢ

ᠪᠦᠲᠦᠮᠵᠢᠲᠡᠶ ᠰᠢᠢᠳᠪᠦᠷᠢᠯᠡᠬᠦ ᠶᠢᠨ ᠲᠤᠰᠠᠳᠠ᠂ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ

ᠨᠤᠲᠤᠭ ᠪᠡᠯᠴᠢᠭᠡᠷ ᠤᠨ ᠲᠣᠪᠴᠢᠶ᠎ᠠ ︽ᠣᠶ ᠰᠢᠭᠤᠢ ᠨᠤᠲᠤᠭ ᠪᠡᠯᠴᠢᠭᠡᠷ ᠤᠨ ᠦᠷ᠎ᠡ ᠲᠡᠭᠦᠬᠦ ᠬᠤᠷᠢᠶᠠᠬᠤ ᠨᠥᠭᠡᠴᠡᠯᠡᠬᠦ

ᠠᠵᠢᠯ ᠢ ᠬᠢᠨᠠᠮᠠᠭᠠᠢ ᠰᠠᠶᠢᠲᠤᠷ ᠬᠢᠬᠦ ᠲᠤᠬᠠᠢ ᠮᠡᠳᠡᠭᠳᠡᠯ︾ ᠪᠠ ︽︿ᠤᠮᠠᠷᠠᠲᠤ ᠶᠢᠨ ᠭᠤᠷᠪᠠᠨ ᠣᠷᠣᠨ﹀ ᠢᠨᠵᠧᠨᠧᠷᠢᠩ ᠤᠨ

ᠦᠷ᠎ᠡ ᠴᠢᠬᠢ ᠶᠢᠨ ᠬᠠᠩᠭᠠᠯᠭ᠎ᠠ ᠶᠢ ᠪᠠᠲᠤᠯᠠᠨ ᠦᠨ᠎ᠡ ᠬᠠᠩᠰᠢ ᠶᠢ ᠲᠣᠭᠲᠠᠪᠤᠷᠢᠵᠢᠭᠤᠯᠬᠤ ᠠᠵᠢᠯ ᠢ ᠦᠨᠡᠨ ᠬᠦ

ᠴᠢᠩᠭᠠᠳᠬᠠᠬᠤ ᠲᠤᠬᠠᠢ ᠮᠡᠳᠡᠭᠳᠡᠯ︾ ᠢ ᠤᠷᠢᠳ ᠬᠤᠵᠢᠳ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠤᠨ ᠬᠢᠨ ᠣᠶ

ᠰᠢᠭᠤᠢ ᠨᠤᠲᠤᠭ ᠪᠡᠯᠴᠢᠭᠡᠷ ᠤᠨ ᠦᠷ᠎ᠡ ᠲᠡᠭᠦᠬᠦ ᠬᠤᠷᠢᠶᠠᠬᠤ ᠨᠥᠭᠡᠴᠡᠯᠡᠬᠦ ᠠᠵᠢᠯ ᠢ ᠰᠠᠶᠢᠲᠤᠷ ᠬᠢᠵᠦ᠂ ᠡᠨᠡ ᠡᠪᠦᠯ

ᠢᠷᠡᠬᠦ ᠬᠠᠪᠤᠷ ᠤᠨ ᠣᠶ ᠰᠢᠭᠤᠢ ᠨᠤᠲᠤᠭ ᠪᠡᠯᠴᠢᠭᠡᠷ ᠤᠨ ᠦᠷ᠎ᠡ ᠴᠢᠬᠢ ᠬᠠᠩᠭᠠᠬᠤ ᠬᠡᠮᠵᠢᠶ᠎ᠡ ᠨᠢ ᠭᠦᠢᠴᠡᠳ᠂ ᠴᠢᠨᠠᠷ

 ᠨᠢ ᠰᠢᠯᠢᠳᠡᠭ᠂ ᠦᠨ᠎ᠡ ᠨᠢ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃

    ︽ᠮᠡᠳᠡᠭᠳᠡᠯ︾ ᠳᠤ᠂ ᠡᠯ᠎ᠡ ᠭᠠᠵᠠᠷ ᠤᠨ ᠬᠢᠨ ︽ᠤᠮᠠᠷᠠᠲᠤ ᠶᠢᠨ ᠭᠤᠷᠪᠠᠨ ᠣᠷᠣᠨ︾ ᠢᠨᠵᠧᠨᠧᠷᠢᠩ ᠤᠨ

ᠵᠢᠷᠭᠤᠳᠤᠭᠠᠷ ᠬᠤᠭᠤᠴᠠᠭᠠᠨ ᠤ ᠲᠥᠯᠦᠪᠵᠢᠭᠦᠯᠭᠡ ᠪᠠ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ

ᠳᠠᠶᠢᠯᠠᠯᠳᠤᠭᠠᠨ ᠤ ᠬᠡᠷᠡᠭᠵᠢᠭᠦᠯᠬᠦ ᠲᠥᠰᠥᠯ ᠢ ᠦᠨᠳᠦᠰᠦᠯᠡᠨ᠂ ᠲᠣᠰ ᠭᠠᠵᠠᠷ ᠣᠷᠣᠨ ᠤ ᠣᠶ ᠰᠢᠭᠤᠢ ᠨᠤᠲᠤᠭ

ᠪᠡᠯᠴᠢᠭᠡᠷ ᠤᠨ ᠦᠷ᠎ᠡ ᠴᠢᠬᠢ ᠶᠢᠨ ᠬᠡᠷᠡᠭᠴᠡᠭᠡ ᠶᠢ ᠵᠠᠳᠠᠯᠵᠤ ᠰᠤᠳᠤᠯᠤᠨ ᠮᠠᠭᠠᠳᠯᠠᠵᠤ᠂ ᠲᠡᠭᠦᠬᠦ ᠬᠤᠷᠢᠶᠠᠬᠤ

ᠨᠥᠭᠡᠴᠡᠯᠡᠬᠦ ᠳᠤ ᠦᠨᠡᠨ ᠬᠦ ᠬᠡᠷᠡᠭᠵᠢᠭᠦᠯᠬᠦᠶᠢᠴᠡ ᠲᠥᠯᠥᠪᠯᠡᠭᠡ ᠲᠣᠭᠲᠠᠭᠠᠬᠤ ᠬᠡᠷᠡᠭᠲᠡᠢ᠃ ᠨᠢᠭᠡᠨᠲᠡ ᠪᠠᠶᠢᠭᠤᠯᠤᠭᠰᠠᠨ

ᠰᠠᠶᠢᠨ ᠦᠷ᠎ᠡ ᠶᠢᠨ ᠰᠠᠭᠤᠷᠢᠨ ᠭᠠᠵᠠᠷ᠂ ᠦᠷ᠎ᠡ ᠲᠡᠭᠦᠬᠦ ᠰᠠᠭᠤᠷᠢᠨ ᠭᠠᠵᠠᠷ ᠵᠡᠷᠭᠡ ᠡᠬᠢ ᠪᠠᠶᠠᠯᠢᠭ ᠢ ᠭᠦᠢᠴᠡᠳ

ᠠᠰᠢᠭᠯᠠᠵᠤ᠂ ᠰᠠᠭᠤᠷᠢᠨ ᠭᠠᠵᠠᠷ ᠲᠤ ᠪᠣᠶᠢᠵᠢᠭᠤᠯᠤᠭᠰᠠᠨ ᠦᠷ᠎ᠡ ᠶᠢ ᠲᠡᠭᠦᠵᠦ ᠳᠡᠶᠢᠯᠬᠦ ᠶᠢ ᠨᠢ ᠪᠥᠬᠦᠨ ᠢ ᠲᠡᠭᠦᠬᠦ

ᠬᠡᠷᠡᠭᠲᠡᠢ᠃ ᠣᠳᠣ ᠪᠠᠶᠢᠭ᠎ᠠ ᠠᠮᠢ ᠠᠬᠤᠢ ᠶᠢᠨ ᠨᠡᠶᠢᠲᠡ ᠶᠢᠨ ᠠᠰᠠᠷᠠᠮᠵᠢ ᠶᠢᠨ ᠣᠶ ᠳᠠᠬᠢ ᠰᠢᠯᠢᠳᠡᠭ ᠦᠷ᠎ᠡ ᠶᠢᠨ

ᠰᠤᠷᠪᠤᠯᠵᠢ᠂ ᠣᠨᠴᠠᠭᠠᠶᠢᠯᠠᠨ ᠪᠤᠷᠭᠠᠰᠤ᠂ ᠵᠠᠭ᠂ ᠲᠣᠷᠯᠤᠭ᠂ ᠲᠠᠷᠪᠠᠯᠵᠢ ᠵᠡᠷᠭᠡ ᠳᠤᠲᠠᠭᠳᠠᠵᠤ ᠪᠠᠶᠢᠭ᠎ᠠ ᠦᠷ᠎ᠡ ᠶᠢ

ᠭᠦᠢᠴᠡᠳ ᠰᠠᠶᠢᠲᠤᠷ ᠠᠰᠢᠭᠯᠠᠵᠤ᠂ ᠡᠯᠪᠡᠭ ᠬᠤᠷᠢᠶᠠᠯᠲᠠ ᠲᠠᠢ ᠵᠢᠯ ᠲᠣᠬᠢᠶᠠᠯᠳᠤᠪᠠᠯ ᠢᠯᠡᠭᠦᠦ ᠲᠡᠭᠦᠵᠦ ᠢᠯᠡᠭᠦᠦ

ᠨᠥᠭᠡᠴᠡᠯᠡᠬᠦ ᠪᠠᠷ ᠴᠢᠷᠮᠠᠶᠢᠵᠤ᠂ ᠦᠢᠯᠡᠳᠪᠦᠷᠢᠯᠡᠯ ᠤᠨ ᠬᠡᠷᠡᠭᠴᠡᠭᠡ ᠪᠠ ᠦᠯᠡᠭᠦᠦ ᠳᠤᠲᠠᠭᠤ ᠶᠢ ᠲᠣᠬᠢᠷᠠᠭᠤᠯᠬᠤ ᠶᠢᠨ

ᠲᠥᠯᠥᠭᠡ ᠰᠠᠶᠢᠲᠤᠷ ᠨᠥᠭᠡᠴᠡᠯᠡᠬᠦ ᠬᠡᠷᠡᠭᠲᠡᠢ ᠭᠡᠵᠦ ᠱᠠᠭᠠᠷᠳᠠᠪᠠ᠃

    ᠡᠭᠦᠨ ᠤ ᠬᠠᠮᠲᠤ᠂ ᠡᠯ᠎ᠡ ᠭᠠᠵᠠᠷ ᠤᠨ ᠬᠢᠨ ᠦᠷ᠎ᠡ ᠴᠢᠬᠢ ᠶᠢᠨ ᠦᠢᠯᠡᠳᠪᠦᠷᠢᠯᠡᠯ ᠤᠨ ᠬᠠᠩᠭᠠᠯᠭ᠎ᠠ ᠶᠢ

ᠨᠢᠭᠡᠳᠦᠯᠲᠡᠢ  ᠲᠥᠯᠥᠪᠯᠡᠨ  ᠲᠣᠬᠢᠷᠠᠭᠤᠯᠬᠤ  ᠠᠵᠢᠯ ᠢ  ᠰᠠᠶᠢᠲᠤᠷ ᠬᠢᠵᠦ᠂ ᠦᠷ᠎ᠡ ᠬᠡᠷᠡᠭᠯᠡᠬᠦ ᠴᠢᠬᠢ ᠬᠡᠷᠡᠭᠯᠡᠬᠦ ᠤᠷᠬᠢᠯ

ᠬᠤᠭᠤᠴᠠᠭᠠᠨ ᠳᠤ ᠭᠠᠷᠠᠭ ᠤᠨ ᠲᠣᠬᠢᠷᠠᠭᠤᠯᠤᠯᠲᠠ᠂ ᠰᠠᠷ᠎ᠠ ᠶᠢᠨ ᠲᠣᠬᠢᠷᠠᠭᠤᠯᠤᠯᠲᠠ ᠶᠢ ᠬᠡᠷᠡᠭᠵᠢᠭᠦᠯᠵᠦ᠂ ᠪᠤᠰᠤᠳ

ᠴᠠᠭ ᠲᠤ ᠤᠯᠠᠷᠢᠯ ᠤᠨ ᠲᠣᠬᠢᠷᠠᠭᠤᠯᠤᠯᠲᠠ ᠶᠢ ᠬᠡᠷᠡᠭᠵᠢᠭᠦᠯᠦᠨ᠎ᠡ᠃ ᠡᠯ᠎ᠡ ᠱᠠᠲᠤᠨ ᠤ ᠣᠶ ᠰᠢᠭᠤᠢ ᠪᠠ ᠨᠤᠲᠤᠭ

ᠪᠡᠯᠴᠢᠭᠡᠷ ᠤᠨ ᠰᠠᠯᠠᠭ᠎ᠠ ᠮᠥᠴᠢᠷ ᠤᠳ ᠨᠢ ᠳᠣᠲᠣᠭᠠᠳᠤ ᠶᠢ ᠬᠠᠮᠠᠭᠠᠯᠠᠬᠤ᠂ ᠵᠠᠬ᠎ᠠ ᠳᠡᠯᠭᠡᠭᠦᠷ ᠤᠨ ᠬᠢᠨᠠᠯᠲᠠ

ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠯᠦᠭᠡ ᠬᠠᠮᠲᠤᠷᠠᠨ ᠦᠷ᠎ᠡ ᠴᠢᠬᠢ ᠶᠢᠨ ᠶᠠᠰᠤ ᠴᠢᠨᠠᠷ ᠢ ᠰᠤᠭᠤᠴᠢᠨ

ᠪᠠᠶᠢᠴᠠᠭᠠᠬᠤ ᠪᠠ ︽ᠬᠤᠶᠠᠷ ᠢ  ᠲᠠᠰᠢᠷᠠᠮ ᠢᠶᠠᠷ  ᠪᠠᠶᠢᠴᠠᠭᠠᠬᠤ᠂ ᠨᠢᠭᠡ ᠶᠢ ᠢᠯᠡ ᠪᠣᠯᠭᠠᠬᠤ︾ ᠪᠠᠶᠢᠴᠠᠭᠠᠯᠲᠠ ᠶᠢ

ᠦᠷᠭᠦᠯᠵᠢᠯᠡᠨ ᠥᠷᠨᠢᠭᠦᠯᠵᠦ᠂ ᠦᠷ᠎ᠡ ᠴᠢᠬᠢ ᠶᠢᠨ ᠶᠠᠰᠤ ᠴᠢᠨᠠᠷ ᠪᠠ ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ ᠶᠢ

ᠴᠢᠩᠭᠠᠳᠬᠠᠨ᠎ᠠ᠃

 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号