ᠤᠯᠠᠭᠠᠢ ᠬᠠᠮᠢᠶᠠᠷᠤᠯᠲᠠ ᠶᠢᠨ ᠣᠷᠣᠨ᠄ ︽ᠡᠬᠢ ᠠᠪᠤᠭᠰᠠᠨ ᠤᠰᠤ︾᠎ ᠶᠢ ᠰᠠᠶᠢᠲᠤᠷ ᠬᠠᠮᠢᠶᠠᠷᠴᠤ ︽ᠤᠰᠤᠨ ᠤ ᠠᠮᠢ ᠠᠬᠤᠢ︾᠎ ᠶᠢ ᠬᠠᠮᠠᠭᠠᠯᠠᠨ᠎ᠠ
ᠨᠡᠶᠢᠲᠡᠯᠡᠭᠰᠡᠨ ᠴᠠᠭ᠄
2024/8/28

    ᠤᠯᠠᠭᠠᠢ ᠤᠰᠤᠨ ᠴᠥᠭᠦᠷᠥᠮ ᠪᠣᠯ ᠠᠮᠢ ᠠᠬᠤᠢ ᠶᠢ ᠲᠣᠬᠢᠷᠠᠭᠤᠯᠬᠤ᠂ ᠤᠰᠤᠨ ᠭᠠᠷᠤᠯᠲᠠ ᠶᠢ ᠲᠡᠵᠢᠭᠡᠨ

ᠦᠷᠡᠵᠢᠭᠦᠯᠬᠦ᠂ ᠵᠤᠭᠠᠴᠠᠨ ᠲᠣᠭᠤᠷᠢᠬᠤ ᠵᠡᠷᠭᠡ ᠶᠡᠷᠦᠩᠬᠡᠶᠢᠯᠡᠨ ᠠᠰᠢᠭᠯᠠᠬᠤ ᠶᠢ ᠨᠢᠭᠡ ᠴᠣᠭᠴᠠᠵᠢᠭᠤᠯᠤᠭᠰᠠᠨ ᠲᠣᠮᠣ

ᠬᠡᠯᠪᠡᠷᠢ ᠶᠢᠨ ᠤᠰᠤᠨ ᠴᠥᠭᠦᠷᠥᠮ ᠪᠣᠯᠣᠨ᠎ᠠ᠂ ᠬᠤᠶᠠᠷ ᠡᠷᠭᠢ ᠶᠢᠨ ᠤᠰᠤ ᠡᠪᠡᠰᠦ ᠡᠯᠪᠡᠭ᠂ ᠬᠡᠭᠡᠷ᠎ᠡ ᠶᠢᠨ ᠠᠮᠢᠲᠠᠨ

ᠤᠷᠭᠤᠮᠠᠯ ᠤᠨ ᠲᠥᠷᠥᠯ ᠵᠦᠢᠯ ᠮᠠᠰᠢ ᠣᠯᠠᠨ ᠪᠠᠶᠢᠬᠤ ᠶᠢᠨ ᠬᠠᠮᠲᠤ ᠪᠠᠰᠠ ᠡᠯ᠎ᠡ ᠲᠥᠷᠥᠯ ᠤᠨ ᠨᠡᠭᠦᠳᠡᠯ ᠤᠨ

ᠰᠢᠪᠠᠭᠤ ᠶᠢᠨ ᠴᠢᠬᠤᠯᠠ ᠣᠷᠣᠰᠢᠨ ᠠᠮᠢᠳᠤᠷᠠᠬᠤ ᠭᠠᠵᠠᠷ ᠪᠣᠯᠣᠨ᠎ᠠ᠃ ᠴᠥᠬᠦᠷᠦᠮ ᠳᠤ ᠪᠠᠰᠠ ᠬᠡᠯᠲᠡᠭᠡ ᠵᠢᠭᠠᠰᠤ᠂

ᠮᠥᠷᠭᠦ ᠵᠢᠭᠠᠰᠤ᠂ ᠴᠤᠯᠪᠤᠷᠲᠤ ᠵᠢᠭᠠᠰᠤ ᠵᠡᠷᠭᠡ 10 ᠭᠠᠷᠤᠢ ᠵᠦᠢᠯ ᠤᠨ ᠵᠢᠭᠠᠰᠤ ᠠᠮᠢᠳᠤᠷᠠᠳᠠᠭ ᠂ ᠵᠢᠯ ᠪᠦᠷᠢ 500

ᠭᠠᠷᠤᠢ ᠲᠦᠮᠡᠨ ᠵᠢᠷᠠᠭᠠᠬᠠᠢ ᠶᠢ ᠵᠢᠷᠠᠭᠠᠬᠠᠢ ᠶᠢ ᠪᠠᠷᠢᠵᠤ᠂ ᠣᠶᠢᠷ᠎ᠠ ᠬᠠᠪᠢ ᠶᠢᠨ ᠰᠠᠭᠤᠭᠠᠯᠢ ᠠᠷᠠᠳ ᠵᠢᠭᠠᠰᠤᠨ ᠠᠵᠤ

ᠠᠬᠤᠢ ᠪᠠᠨ ᠠᠩᠨᠠᠨ ᠱᠦᠭᠦᠵᠦ᠂ ᠵᠢᠭᠤᠯᠴᠢᠯᠠᠯ ᠤᠨ ᠤᠯᠠᠷᠢᠯ ᠪᠤᠯᠬᠤ ᠪᠦᠷᠢ ᠴᠥᠬᠦᠷᠤᠮ ᠤᠨ ᠵᠢᠭᠠᠰᠤᠨ ᠤ

ᠬᠠᠩᠭᠠᠯᠭ᠎ᠠ ᠨᠢ ᠬᠡᠷᠡᠭᠴᠡᠭᠡᠨ ᠳᠤ ᠪᠠᠨ ᠬᠦᠷᠬᠦ ᠦᠭᠡᠢ᠂ ᠲᠤᠬᠠᠢ ᠶᠢᠨ ᠭᠠᠵᠠᠷ ᠤᠨ ᠠᠷᠠᠳ ᠢᠷᠭᠡᠳ ᠲᠤ ᠨᠢᠭᠡ

ᠪᠦᠯᠦᠭ ᠪᠠᠭ᠎ᠠ ᠪᠤᠰᠤ ᠤᠰᠤᠨ ᠭᠠᠷᠤᠯᠲᠠ ᠶᠢᠨ ᠤᠷᠤᠯᠭ᠎ᠠ ᠨᠡᠮᠡᠭᠳᠡᠭᠰᠡᠨ ᠪᠠᠶᠢᠨ᠎ᠠ᠃

    ᠤᠰᠤᠨ ᠴᠥᠭᠦᠷᠥᠮ ᠤᠨ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠲᠤᠷ ᠰᠠᠬᠢᠨ ᠬᠠᠮᠠᠭᠠᠯᠠᠬᠤ ᠶᠢᠨ

ᠲᠥᠯᠥᠭᠡ᠂ ᠠᠵᠢᠯᠲᠠᠳ ᠡᠳᠦᠷ ᠪᠦᠷᠢ ᠲᠣᠭᠤᠷᠢᠨ ᠴᠠᠭᠳᠠᠬᠤ ᠵᠠᠮ ᠳᠠᠭᠠᠤ ᠴᠥᠭᠦᠷᠥᠮ ᠤᠨ ᠣᠷᠣᠨ ᠤ ᠰᠡᠷᠡᠮᠵᠢ ᠶᠢᠨ

ᠫᠠᠶᠢᠰᠠ᠂ ᠡᠷᠬᠢᠨ ᠲᠣᠭᠤᠷᠢᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠵᠢᠭᠠᠰᠤ ᠭᠥᠬᠢᠳᠡᠵᠦ ᠪᠠᠶᠢᠭ᠎ᠠ ᠡᠰᠡᠬᠦ᠂

ᠡᠷᠡᠭᠦᠯ ᠬᠠᠮᠠᠭᠠᠯᠠᠯ ᠤᠨ ᠨᠥᠬᠦᠴᠡᠯ ᠪᠠᠷᠢᠮᠵᠢᠶ᠎ᠠ ᠳᠤ ᠬᠦᠷᠦᠭᠰᠡᠨ ᠡᠰᠡᠬᠦ ᠵᠡᠷᠭᠡ ᠪᠠᠶᠢᠳᠠᠯ ᠢ ᠪᠠᠶᠢᠴᠠᠭᠠᠨ ᠦᠵᠡᠪᠡ᠃

ᠠᠵᠢᠯᠲᠠᠨ ᠤ ᠨᠠᠷᠢᠨ ᠨᠢᠮᠪᠠᠢ ᠬᠠᠮᠢᠶᠠᠷᠤᠯᠲᠠ ᠬᠠᠮᠠᠭᠠᠯᠠᠯᠲᠠ ᠳᠣᠣᠷ᠎ᠠ᠂ ᠤᠯᠠᠭᠠᠢ ᠣᠰᠣᠨ ᠴᠦᠬᠦᠷᠦᠮ ᠤᠨ ᠣᠰᠣᠨ ᠤ

ᠴᠢᠨᠠᠷ ᠴᠢᠨᠰᠠᠭ᠎ᠠ ᠦᠷᠬᠦᠯᠵᠢᠯᠡᠨ ᠰᠠᠶᠢᠵᠢᠷᠠᠵᠤ᠂ ᠣᠰᠣᠨ ᠤ ᠴᠢᠨᠠᠷ ᠴᠢᠨᠰᠠᠭ᠎ᠠ ᠦᠷᠬᠦᠯᠵᠢᠯᠡᠨ ᠤᠯᠤᠰ ᠤᠨ

ᠪᠠᠷᠢᠮᠵᠢᠶ᠎ᠠ ᠳᠤ ᠬᠦᠷᠬᠦ ᠪᠤᠶᠤ ᠲᠡᠭᠦᠨ ᠠᠴᠠ ᠰᠠᠶᠢᠨ ᠪᠠᠶᠢᠵᠤ᠂ ᠰᠠᠭᠤᠭᠠᠯᠢ ᠠᠷᠠᠳ ᠤᠨ ᠢᠳᠡᠬᠦ ᠣᠰᠣᠨ ᠤ ᠡᠬᠢ

ᠰᠣᠷᠪᠣᠯᠵᠢ ᠶᠢᠨ ᠣᠰᠣᠨ ᠤ ᠴᠢᠨᠠᠷ ᠤᠨ ᠪᠠᠷᠢᠮᠵᠢᠶ᠎ᠠ ᠳᠤ ᠬᠦᠷᠦᠭᠰᠡᠨ ᠨᠣᠷᠮ᠎ᠠ ᠨᠢ 100% ᠬᠦᠷᠴᠦ᠂ ᠪᠤᠵᠠᠷ

ᠰᠢᠪᠠᠷ ᠢ ᠬᠤᠣᠷᠳᠠᠭᠤᠯᠤᠨ ᠰᠢᠢᠳᠪᠦᠷᠢᠯᠡᠬᠦ ᠨᠣᠷᠮ᠎ᠠ ᠨᠢ 100% ᠬᠦᠷᠴᠦ᠂ ᠪᠦᠬᠦ᠋ᠢᠯᠡ ᠣᠰᠣᠨ ᠤ ᠣᠷᠴᠢᠨ

ᠲᠣᠭᠤᠷᠢᠨ ᠤ ᠴᠢᠨᠠᠷ ᠴᠢᠨᠰᠠᠭ᠎ᠠ ᠲᠣᠭᠲᠠᠭᠤᠨ ᠢᠶᠠᠷ ᠳᠡᠭᠡᠭᠰᠢᠯᠡᠪᠡ᠃

    ᠬᠠᠯᠠᠭᠠᠶᠢᠲᠤ ᠲᠠᠷᠢᠶᠠᠯᠠᠩ ᠮᠠᠯᠵᠢᠯ ᠤᠨ ᠲᠠᠯᠠᠪᠠᠢ ᠶᠢᠨ ᠬᠤᠩᠭᠤᠷ ᠬᠤᠪᠢᠶᠠᠷᠢ ᠲᠠᠯᠠᠪᠠᠢ ᠶᠢᠨ ᠨᠠᠮ ᠤᠨ ᠡᠭᠦᠷ ᠤᠨ

ᠳᠡᠳ᠋ ᠱᠦᠵᠢ ᠵᠠᠩ ᡁᠢ ᠴᠧᠩ᠄ ᠡᠨᠡ ᠬᠡᠳᠦᠨ ᠵᠢᠯ ᠤᠨ ᠲᠤᠷᠰᠢᠬᠢ ᠶᠡᠭᠡ ᠬᠦᠴᠦᠨ ᠢᠶᠠᠷ ᠬᠠᠮᠠᠭᠠᠯᠠᠬᠤ ᠪᠠᠷ ᠳᠠᠮᠵᠢᠨ᠂

ᠤᠰᠤᠨ ᠴᠥᠭᠦᠷᠥᠮ ᠤᠨ ᠤᠰᠤᠨ ᠤ ᠠᠮᠢ ᠠᠬᠤᠢ ᠨᠡᠩ ᠰᠠᠶᠢᠨ ᠪᠣᠯᠵᠤ᠂ ᠵᠢᠭᠠᠰᠤ ᠴᠤ ᠤᠯᠠᠮ ᠠᠴᠠ ᠤᠯᠠᠮ

ᠣᠯᠠᠰᠢᠷᠠᠵᠤ᠂ ᠪᠢᠳᠡ ᠡᠷᠬᠢᠨ ᠲᠣᠭᠤᠷᠢᠨ ᠳᠤ ᠬᠠᠮᠠᠭᠠᠯᠠᠯᠲᠠ ᠶᠢᠨ ᠬᠦᠷᠢᠶ᠎ᠡ ᠬᠠᠰᠢᠶᠠᠨ ᠳᠤ᠂ ᠰᠡᠷᠡᠮᠵᠢ ᠶᠢᠨ ᠫᠠᠶᠢᠰᠠ

ᠪᠣᠰᠬᠠᠵᠤ᠂ ᠤᠯᠠᠨ ᠢᠶᠠᠷ ᠢᠶᠠᠨ ᠠᠮᠢ ᠠᠬᠤᠢ ᠶᠢᠨ ᠤᠰᠤᠨ ᠰᠤᠷᠪᠤᠯᠵᠢ ᠶᠢ ᠬᠠᠶᠢᠷᠠᠯᠠᠨ ᠬᠠᠮᠠᠭᠠᠯᠠᠵᠤ᠂ ᠤᠰᠤᠨ ᠤ ᠠᠮᠢ

ᠠᠬᠤᠢ ᠶᠢ ᠬᠠᠮᠲᠤᠪᠠᠷ ᠬᠠᠮᠠᠭᠠᠯᠠᠬᠤ ᠶᠢ ᠬᠦᠰᠡᠵᠦ ᠪᠠᠶᠢᠨ᠎ᠠ ᠭᠡᠪᠡ᠃

    ᠤᠯᠠᠭᠠᠢ ᠬᠠᠮᠢᠶᠠᠷᠤᠯᠲᠠ ᠶᠢᠨ ᠣᠷᠣᠨ ᠤ ᠬᠢᠯᠢ ᠳᠣᠲᠣᠷᠠᠬᠢ ᠣᠰᠣᠨ ᠤ ᠡᠬᠢ ᠰᠣᠷᠪᠣᠯᠵᠢ ᠡᠯᠪᠡᠭ ᠪᠠᠶᠠᠯᠢᠭ᠂

ᠣᠰᠣᠨ ᠤ ᠡᠬᠢ ᠰᠣᠷᠪᠣᠯᠵᠢ ᠶᠢᠨ ᠶᠡᠷᠦᠩᠬᠡᠢ ᠬᠡᠮᠵᠢᠶ᠎ᠡ 2.14 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ

ᠪᠠᠶᠢᠵᠤ᠂ ᠨᠡᠶᠢᠳᠡ 37 ᠭᠤᠣᠯ ᠮᠥᠷᠡᠨ᠂ 2 ᠨᠠᠭᠤᠷ ᠴᠦᠬᠦᠷᠦᠮ᠂ ᠤᠯᠠᠭᠠᠢ ᠶᠢᠨ ᠭᠤᠣᠯ ᠎ ᠨᠢᠥᠪᠥᠷ ᠮᠣᠩᠭᠤᠯ ᠤᠨ

ᠬᠠᠮᠤᠭ ᠶᠡᠭᠡ ᠡᠬᠡ ᠬᠠᠭᠤᠷᠠᠢ ᠶᠢᠨ ᠭᠤᠣᠯ ᠪᠠᠶᠢᠵᠤ᠂ ᠰᠠᠯᠪᠤᠷᠢ ᠤᠷᠤᠰᠬᠠᠯ ᠨᠢ ᠪᠦᠬᠦ ᠣᠷᠣᠨ ᠤ ᠪᠦᠬᠦ  ᠬᠢᠯᠢ ᠳᠤ

ᠣᠷᠣᠪᠠ᠃

    ᠤᠰᠤᠨ ᠤ ᠠᠮᠢ ᠠᠬᠤᠢ ᠶᠢᠨ ᠬᠠᠮᠠᠭᠠᠯᠠᠯᠲᠠ ᠶᠢ︽ᠡᠬᠢ ᠰᠤᠷᠪᠤᠯᠵᠢ︾ ᠳᠡᠭᠡᠷ᠎ᠡ ᠬᠦᠴᠦ ᠲᠠᠯᠪᠢᠬᠤ ᠬᠡᠷᠡᠭᠲᠡᠢ᠃

ᠤᠯᠠᠭᠠᠢ ᠬᠠᠮᠢᠶᠠᠷᠤᠯᠲᠠ ᠶᠢᠨ ᠣᠷᠣᠨ ᠨᠢ ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠳᠠ ᠮᠥᠩᠭᠦᠨ

ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠨ ᠦᠢᠯᠡᠳᠦᠯᠭᠡᠵᠢᠭᠦᠯᠵᠦ᠂ ᠬᠥᠮᠥᠨ ᠬᠢᠭᠡᠳ

ᠪᠠᠶᠢᠭᠠᠯᠢ ᠡᠶ᠎ᠡ ᠵᠣᠬᠢᠴᠠᠩᠭᠤᠢ ᠬᠠᠮᠲᠤ ᠣᠷᠣᠰᠢᠬᠤ ᠥᠨᠳᠥᠷᠴᠡ ᠠᠴᠠ ᠬᠥᠭᠵᠢᠯᠲᠡ ᠶᠢ ᠲᠥᠯᠥᠪᠵᠢᠭᠦᠯᠵᠦ᠂

ᠪᠣᠳᠠᠰ ᠢᠶᠠᠷ ᠰᠡᠷᠭᠡᠶᠢᠯᠡᠬᠦ᠂ ᠬᠥᠮᠥᠨ ᠢᠶᠠᠷ ᠰᠡᠷᠭᠡᠶᠢᠯᠡᠬᠦ᠂ ᠮᠡᠷᠭᠡᠵᠢᠯ ᠢᠶᠠᠷ ᠰᠡᠷᠭᠡᠶᠢᠯᠡᠬᠦ᠂ ᠬᠠᠪᠰᠦᠷᠤᠨ ᠰᠡᠷᠭᠡᠶᠢᠯᠡᠬᠦ

︽ᠳᠥᠷᠪᠡ ᠶᠢ ᠰᠡᠷᠭᠡᠶᠢᠯᠡᠬᠦ︾ ᠬᠤᠯᠪᠤᠭᠠᠯᠠᠨ ᠬᠥᠳᠡᠯᠦᠯᠴᠡᠬᠦ  ᠲᠣᠭᠲᠠᠴᠠ ᠶᠢ ᠪᠠᠶᠢᠭᠤᠯᠵᠤ᠂ ᠴᠢᠬᠤᠯᠠ ᠰᠠᠯᠪᠤᠷᠢ

ᠤᠷᠤᠰᠬᠠᠯ᠂ ᠳᠤᠮᠳᠠ ᠪᠠᠭ᠎ᠠ ᠤᠷᠤᠰᠬᠠᠯ ᠢ ᠵᠠᠰᠠᠬᠤ ᠶᠢ ᠦᠷᠬᠦᠯᠵᠢᠯᠡᠨ ᠠᠬᠢᠭᠤᠯᠵᠤ᠂ ᠬᠡᠰᠡᠭ ᠬᠤᠪᠢᠶᠠᠨ ᠵᠠᠰᠠᠬᠤ ᠠᠴᠠ

ᠪᠦᠬᠦ᠋ᠢᠯᠡ ᠭᠤᠣᠯ ᠮᠥᠷᠡᠨ ᠤ ᠵᠠᠰᠠᠯᠲᠠ ᠲᠡᠶᠢᠰᠢ ᠬᠤᠪᠢᠷᠠᠵᠤ᠂ ᠭᠤᠣᠯ ᠮᠥᠷᠡᠨ ᠨᠠᠭᠤᠷ ᠪᠦᠷᠢᠳᠦ ᠶᠢᠨ ᠳᠠᠷᠤᠭ᠎ᠠ ᠶᠢᠨ

ᠳᠦᠷᠢᠮ ᠤᠨ ᠠᠵᠢᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠤᠣᠯ ᠮᠥᠷᠡᠨ ᠨᠠᠭᠤᠷ ᠪᠦᠷᠢᠳᠦ ᠶᠢᠨ

ᠳᠠᠷᠤᠭ᠎ᠠ ᠶᠢᠨ ᠳᠦᠷᠢᠮ ︽ᠨᠠᠷᠠᠲᠠᠢ ᠬᠠᠷᠢᠭᠤᠴᠠᠯᠭ᠎ᠠ︾᠎ ᠠᠴᠠ ︽ᠴᠢᠳᠠᠪᠤᠷᠢ ᠲᠠᠢ ᠪᠣᠯᠵᠣᠬᠤ︾ ᠬᠦᠷᠳᠡᠯ᠎ᠡ ᠠᠬᠢᠭᠤᠯᠬᠤ

ᠬᠡᠷᠡᠭᠲᠡᠢ᠃ ᠰᠠᠶᠢᠨ ᠰᠠᠶᠢᠬᠠᠨ ᠤᠰᠤᠨ ᠤ ᠪᠠᠶᠢᠳᠠᠯ ᠨᠢ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ

ᠲᠣᠭᠲᠠᠭᠤᠨ ᠤᠰᠤ ᠬᠠᠩᠭᠠᠬᠤ ᠪᠠᠲᠤᠯᠠᠭ᠎ᠠ ᠬᠠᠩᠭᠠᠭᠰᠠᠨ ᠪᠥᠭᠡᠳ ᠣᠯᠠᠨ ᠲᠦᠮᠡᠨ ᠳᠤ ᠠᠮᠢ ᠠᠬᠤᠢ ᠶᠢᠨ

ᠠᠰᠠᠷᠠᠮᠵᠢ ᠶᠢ ᠬᠠᠮᠲᠤ ᠪᠠᠷ ᠡᠳ᠋ᠯᠡᠭᠦᠯᠦᠭᠰᠡᠨ ᠪᠠᠶᠢᠨ᠎ᠠ᠃

 
ᠢᠷᠡᠯᠲᠡ᠄ ᠲᠡᠭᠷᠢᠯᠢᠭ ᠲᠠᠯ᠎ᠠ ᠤᠯᠠᠭᠠᠢ ᠸᠢᠴᠠᠲ ᠤᠨ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号