ᠰᠢᠨ᠎ᠡ ᠵᠢᠭᠠᠬᠤ ᠮᠠᠲ᠋ᠧᠷᠢᠶᠠᠯ ᠢᠷᠡᠵᠡᠢ ᠡᠨᠡ ᠵᠢᠯ ᠤᠨ ᠨᠠᠮᠤᠷ ᠤᠨ ᠰᠤᠷᠤᠯᠭ᠎ᠠ ᠶᠢᠨ ᠬᠤᠭᠤᠴᠠᠭ᠎ᠠ ᠠᠰᠢᠭᠯᠠᠯᠲᠠ ᠳᠤ ᠣᠷᠣᠪᠠ᠃
ᠨᠡᠶᠢᠲᠡᠯᠡᠭᠰᠡᠨ ᠴᠠᠭ᠄
2024/8/28

    ᠵᠠᠰᠠᠪᠤᠷᠢ ᠣᠷᠣᠭᠤᠯᠤᠭᠰᠠᠨ ᠤ ᠳᠠᠷᠠᠭᠠᠬᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠭᠤᠷᠪᠠᠨ

ᠲᠥᠷᠥᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠠᠰᠢᠭᠯᠠᠯᠲᠠ ᠳᠤ ᠣᠷᠣᠭᠤᠯᠤᠭᠰᠠᠨ ᠨᠢ

ᠰᠤᠷᠭᠠᠨ ᠬᠥᠮᠦᠵᠢᠯ ᠤᠨ ᠶᠠᠮᠤᠨ ᠤ 8 ᠳ᠋ᠤᠭᠠᠷ ᠰᠠᠷ᠎ᠠ ᠶᠢᠨ 27 ᠤ ᠡᠳᠦᠷ ᠤᠨ ᠮᠡᠳᠡᠭᠡ ᠶᠢ ᠦᠨᠳᠦᠰᠦᠯᠡᠨ᠂ ᠵᠠᠰᠠᠪᠤᠷᠢ

ᠣᠷᠣᠭᠤᠯᠤᠭᠰᠠᠨ ᠤ ᠳᠠᠷᠠᠭᠠᠬᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠣᠰᠣ ᠮᠣᠷᠠᠯ ᠬᠢᠭᠡᠳ ᠬᠠᠤᠯᠢ ᠪᠠᠷ

ᠵᠠᠰᠠᠬᠤ᠂ ᠬᠡᠯᠡ ᠪᠢᠴᠢᠭ᠂ ᠲᠡᠦᠬᠡ ᠶᠢᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠡᠨᠡ ᠵᠢᠯ ᠤᠨ

ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ ᠪᠥᠬᠦ ᠤᠯᠤᠰ ᠤᠨ ᠪᠠᠭ᠎ᠠ ᠰᠤᠷᠭᠠᠭᠤᠯᠢ ᠪᠠ

ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠡᠬᠢᠯᠡᠯᠲᠡ ᠶᠢᠨ ᠣᠨ ᠳᠤ ᠬᠡᠷᠡᠭᠯᠡᠵᠦ᠂ ᠭᠤᠷᠪᠠᠨ ᠵᠢᠯ ᠤᠨ

ᠳᠣᠲᠣᠷ᠎ᠠ ᠪᠣᠶ ᠪᠦᠬᠦᠢ ᠣᠨ ᠢ ᠬᠠᠮᠤᠷᠪᠠ᠃

    ᠲᠣᠰ ᠤᠳᠠᠭᠠᠨ ᠤ ᠵᠢᠭᠠᠬᠤ ᠮᠠᠲ᠋ᠧᠷᠢᠶᠠᠯ ᠳᠤ ᠵᠠᠰᠠᠪᠤᠷᠢ ᠣᠷᠣᠭᠤᠯᠤᠭᠰᠠᠨ ᠨᠢ ᠬᠤᠶᠠᠷ ᠵᠢᠯ ᠪᠣᠯᠣᠨ᠎ᠠ᠂

ᠣᠶᠢᠷ᠎ᠠ ᠶᠢᠨ ᠬᠤᠭᠤᠴᠠᠭᠠᠨ ᠳᠤ ᠪᠦᠬᠦᠨ ᠢ ᠨᠠᠶᠢᠷᠠᠭᠤᠯᠤᠨ ᠬᠢᠨᠠᠬᠤ ᠲᠠᠰ ᠳᠠᠷᠠᠭᠠᠯᠠᠯ ᠢ ᠪᠡᠶᠡᠯᠡᠭᠦᠯᠪᠡ᠃ ᠵᠢᠭᠠᠬᠤ

ᠮᠠᠲ᠋ᠧᠷᠢᠶᠠᠯ ᠢ ᠪᠦᠬᠦᠯᠢ ᠴᠣᠭᠴᠠ ᠶᠢᠨ ᠵᠢᠷᠤᠭ ᠲᠥᠯᠥᠪᠯᠡᠭᠡ ᠶᠢ ᠴᠢᠩᠭᠠᠳᠬᠠᠵᠤ᠂ ᠰᠢ ᠶᠢᠨ ᠫᠢᠩ ᠤᠨ ᠰᠢᠨ᠎ᠡ ᠴᠠᠭ

ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠬᠤ

ᠱᠠᠭᠠᠷᠳᠠᠯᠭ᠎ᠠ ᠶᠢ ᠰᠢᠰᠲ᠋ᠧᠮ ᠲᠠᠢ ᠨᠠᠶᠢᠳᠠᠪᠤᠷᠢᠵᠢᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ᠂

ᠬᠤᠪᠢᠰᠬᠠᠯ ᠤᠨ ᠰᠣᠶᠣᠯ ᠪᠣᠯᠣᠨ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠤᠨ ᠰᠤᠷᠤᠯᠴᠠᠯᠭ᠎ᠠ ᠶᠢᠨ ᠠᠭᠤᠯᠭ᠎ᠠ ᠶᠢ

ᠪᠠᠶᠠᠯᠢᠭᠵᠢᠭᠤᠯᠵᠤ᠂ ᠤᠯᠤᠰ ᠤᠨ ᠠᠮᠤᠷ ᠲᠦᠪᠰᠢᠨ ᠤ ᠬᠥᠮᠦᠵᠢᠯ᠂ ᠬᠠᠤᠯᠢᠵᠢᠯ ᠤᠨ ᠬᠥᠮᠦᠵᠢᠯ᠂ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠵᠡᠷᠭᠡ ᠬᠠᠮᠢᠶ᠎ᠠ ᠪᠦᠬᠦᠢ ᠴᠢᠬᠤᠯᠠ ᠶᠡᠭᠡ

ᠭᠤᠣᠯ ᠰᠡᠳᠦᠪᠲᠦ ᠰᠤᠷᠤᠯᠴᠠᠯᠭ᠎ᠠ ᠶᠢ ᠴᠢᠩᠭᠠᠳᠬᠠᠵᠤ᠂ ᠮᠠᠲ᠋ᠧᠷᠢᠶᠠᠯ ᠰᠣᠩᠭᠤᠬᠤ ᠠᠵᠢᠯ ᠢ ᠨᠡᠩ ᠪᠠᠶᠠᠯᠢᠭᠵᠢᠭᠤᠯᠵᠤ᠂

ᠨᠠᠶᠢᠷᠠᠭᠤᠯᠤᠨ ᠵᠢᠭᠰᠠᠭᠠᠬᠤ ᠨᠢ ᠨᠡᠩ ᠰᠢᠨᠵᠢᠯᠡᠬᠦ ᠤᠬᠠᠭᠠᠨᠴᠢ᠂ ᠬᠥᠮᠥᠨ ᠬᠥᠮᠥᠵᠢᠭᠦᠯᠬᠦ ᠤᠳᠤᠷᠢᠳᠤᠮᠵᠢ ᠶᠢ ᠨᠡᠩ

ᠢᠯᠡ ᠲᠣᠳᠣ ᠪᠣᠯᠭᠠᠨ᠎ᠠ᠃

 
ᠢᠷᠡᠯᠲᠡ᠄ ᠲᠡᠭᠷᠢᠯᠢᠭ ᠲᠠᠯ᠎ᠠ ᠤᠯᠠᠭᠠᠢ ᠸᠢᠴᠠᠲ ᠤᠨ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号