ᠤᠯᠠᠭᠠᠢ ᠤᠰᠤᠨ ᠴᠥᠭᠦᠷᠥᠮ ᠪᠣᠯ ᠠᠮᠢ ᠠᠬᠤᠢ ᠶᠢ ᠲᠣᠬᠢᠷᠠᠭᠤᠯᠬᠤ᠂ ᠤᠰᠤᠨ ᠭᠠᠷᠤᠯᠲᠠ ᠶᠢ ᠲᠡᠵᠢᠭᠡᠨ | ᠦᠷᠡᠵᠢᠭᠦᠯᠬᠦ᠂ ᠵᠤᠭᠠᠴᠠᠨ ᠲᠣᠭᠤᠷᠢᠬᠤ ᠵᠡᠷᠭᠡ ᠶᠡᠷᠦᠩᠬᠡᠶᠢᠯᠡᠨ ᠠᠰᠢᠭᠯᠠᠬᠤ ᠶᠢ ᠨᠢᠭᠡ ᠴᠣᠭᠴᠠᠵᠢᠭᠤᠯᠤᠭᠰᠠᠨ ᠲᠣᠮᠣ | ᠬᠡᠯᠪᠡᠷᠢ ᠶᠢᠨ ᠤᠰᠤᠨ ᠴᠥᠭᠦᠷᠥᠮ ᠪᠣᠯᠣᠨ᠎ᠠ᠂ ᠬᠤᠶᠠᠷ ᠡᠷᠭᠢ ᠶᠢᠨ ᠤᠰᠤ ᠡᠪᠡᠰᠦ ᠡᠯᠪᠡᠭ᠂ ᠬᠡᠭᠡᠷ᠎ᠡ ᠶᠢᠨ ᠠᠮᠢᠲᠠᠨ | ᠤᠷᠭᠤᠮᠠᠯ ᠤᠨ ᠲᠥᠷᠥᠯ ᠵᠦᠢᠯ ᠮᠠᠰᠢ ᠣᠯᠠᠨ ᠪᠠᠶᠢᠬᠤ ᠶᠢᠨ ᠬᠠᠮᠲᠤ ᠪᠠᠰᠠ ᠡᠯ᠎ᠡ ᠲᠥᠷᠥᠯ ᠤᠨ ᠨᠡᠭᠦᠳᠡᠯ ᠤᠨ | ᠰᠢᠪᠠᠭᠤ ᠶᠢᠨ ᠴᠢᠬᠤᠯᠠ ᠣᠷᠣᠰᠢᠨ ᠠᠮᠢᠳᠤᠷᠠᠬᠤ ᠭᠠᠵᠠᠷ ᠪᠣᠯᠣᠨ᠎ᠠ᠃ ᠴᠥᠬᠦᠷᠦᠮ ᠳᠤ ᠪᠠᠰᠠ ᠬᠡᠯᠲᠡᠭᠡ ᠵᠢᠭᠠᠰᠤ᠂ | ᠮᠥᠷᠭᠦ ᠵᠢᠭᠠᠰᠤ᠂ ᠴᠤᠯᠪᠤᠷᠲᠤ ᠵᠢᠭᠠᠰᠤ ᠵᠡᠷᠭᠡ 10 ᠭᠠᠷᠤᠢ ᠵᠦᠢᠯ ᠤᠨ ᠵᠢᠭᠠᠰᠤ ᠠᠮᠢᠳᠤᠷᠠᠳᠠᠭ ᠂ ᠵᠢᠯ ᠪᠦᠷᠢ 500 | ᠭᠠᠷᠤᠢ ᠲᠦᠮᠡᠨ ᠵᠢᠷᠠᠭᠠᠬᠠᠢ ᠶᠢ ᠵᠢᠷᠠᠭᠠᠬᠠᠢ ᠶᠢ ᠪᠠᠷᠢᠵᠤ᠂ ᠣᠶᠢᠷ᠎ᠠ ᠬᠠᠪᠢ ᠶᠢᠨ ᠰᠠᠭᠤᠭᠠᠯᠢ ᠠᠷᠠᠳ ᠵᠢᠭᠠᠰᠤᠨ ᠠᠵᠤ | ᠠᠬᠤᠢ ᠪᠠᠨ ᠠᠩᠨᠠᠨ ᠱᠦᠭᠦᠵᠦ᠂ ᠵᠢᠭᠤᠯᠴᠢᠯᠠᠯ ᠤᠨ ᠤᠯᠠᠷᠢᠯ ᠪᠤᠯᠬᠤ ᠪᠦᠷᠢ ᠴᠥᠬᠦᠷᠤᠮ ᠤᠨ ᠵᠢᠭᠠᠰᠤᠨ ᠤ | ᠬᠠᠩᠭᠠᠯᠭ᠎ᠠ ᠨᠢ ᠬᠡᠷᠡᠭᠴᠡᠭᠡᠨ ᠳᠤ ᠪᠠᠨ ᠬᠦᠷᠬᠦ ᠦᠭᠡᠢ᠂ ᠲᠤᠬᠠᠢ ᠶᠢᠨ ᠭᠠᠵᠠᠷ ᠤᠨ ᠠᠷᠠᠳ ᠢᠷᠭᠡᠳ ᠲᠤ ᠨᠢᠭᠡ | ᠪᠦᠯᠦᠭ ᠪᠠᠭ᠎ᠠ ᠪᠤᠰᠤ ᠤᠰᠤᠨ ᠭᠠᠷᠤᠯᠲᠠ ᠶᠢᠨ ᠤᠷᠤᠯᠭ᠎ᠠ ᠨᠡᠮᠡᠭᠳᠡᠭᠰᠡᠨ ᠪᠠᠶᠢᠨ᠎ᠠ᠃ | ᠤᠰᠤᠨ ᠴᠥᠭᠦᠷᠥᠮ ᠤᠨ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠲᠤᠷ ᠰᠠᠬᠢᠨ ᠬᠠᠮᠠᠭᠠᠯᠠᠬᠤ ᠶᠢᠨ | ᠲᠥᠯᠥᠭᠡ᠂ ᠠᠵᠢᠯᠲᠠᠳ ᠡᠳᠦᠷ ᠪᠦᠷᠢ ᠲᠣᠭᠤᠷᠢᠨ ᠴᠠᠭᠳᠠᠬᠤ ᠵᠠᠮ ᠳᠠᠭᠠᠤ ᠴᠥᠭᠦᠷᠥᠮ ᠤᠨ ᠣᠷᠣᠨ ᠤ ᠰᠡᠷᠡᠮᠵᠢ ᠶᠢᠨ | ᠫᠠᠶᠢᠰᠠ᠂ ᠡᠷᠬᠢᠨ ᠲᠣᠭᠤᠷᠢᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠵᠢᠭᠠᠰᠤ ᠭᠥᠬᠢᠳᠡᠵᠦ ᠪᠠᠶᠢᠭ᠎ᠠ ᠡᠰᠡᠬᠦ᠂ | ᠡᠷᠡᠭᠦᠯ ᠬᠠᠮᠠᠭᠠᠯᠠᠯ ᠤᠨ ᠨᠥᠬᠦᠴᠡᠯ ᠪᠠᠷᠢᠮᠵᠢᠶ᠎ᠠ ᠳᠤ ᠬᠦᠷᠦᠭᠰᠡᠨ ᠡᠰᠡᠬᠦ ᠵᠡᠷᠭᠡ ᠪᠠᠶᠢᠳᠠᠯ ᠢ ᠪᠠᠶᠢᠴᠠᠭᠠᠨ ᠦᠵᠡᠪᠡ᠃ | ᠠᠵᠢᠯᠲᠠᠨ ᠤ ᠨᠠᠷᠢᠨ ᠨᠢᠮᠪᠠᠢ ᠬᠠᠮᠢᠶᠠᠷᠤᠯᠲᠠ ᠬᠠᠮᠠᠭᠠᠯᠠᠯᠲᠠ ᠳᠣᠣᠷ᠎ᠠ᠂ ᠤᠯᠠᠭᠠᠢ ᠣᠰᠣᠨ ᠴᠦᠬᠦᠷᠦᠮ ᠤᠨ ᠣᠰᠣᠨ ᠤ | ᠴᠢᠨᠠᠷ ᠴᠢᠨᠰᠠᠭ᠎ᠠ ᠦᠷᠬᠦᠯᠵᠢᠯᠡᠨ ᠰᠠᠶᠢᠵᠢᠷᠠᠵᠤ᠂ ᠣᠰᠣᠨ ᠤ ᠴᠢᠨᠠᠷ ᠴᠢᠨᠰᠠᠭ᠎ᠠ ᠦᠷᠬᠦᠯᠵᠢᠯᠡᠨ ᠤᠯᠤᠰ ᠤᠨ | ᠪᠠᠷᠢᠮᠵᠢᠶ᠎ᠠ ᠳᠤ ᠬᠦᠷᠬᠦ ᠪᠤᠶᠤ ᠲᠡᠭᠦᠨ ᠠᠴᠠ ᠰᠠᠶᠢᠨ ᠪᠠᠶᠢᠵᠤ᠂ ᠰᠠᠭᠤᠭᠠᠯᠢ ᠠᠷᠠᠳ ᠤᠨ ᠢᠳᠡᠬᠦ ᠣᠰᠣᠨ ᠤ ᠡᠬᠢ | ᠰᠣᠷᠪᠣᠯᠵᠢ ᠶᠢᠨ ᠣᠰᠣᠨ ᠤ ᠴᠢᠨᠠᠷ ᠤᠨ ᠪᠠᠷᠢᠮᠵᠢᠶ᠎ᠠ ᠳᠤ ᠬᠦᠷᠦᠭᠰᠡᠨ ᠨᠣᠷᠮ᠎ᠠ ᠨᠢ 100% ᠬᠦᠷᠴᠦ᠂ ᠪᠤᠵᠠᠷ | ᠰᠢᠪᠠᠷ ᠢ ᠬᠤᠣᠷᠳᠠᠭᠤᠯᠤᠨ ᠰᠢᠢᠳᠪᠦᠷᠢᠯᠡᠬᠦ ᠨᠣᠷᠮ᠎ᠠ ᠨᠢ 100% ᠬᠦᠷᠴᠦ᠂ ᠪᠦᠬᠦ᠋ᠢᠯᠡ ᠣᠰᠣᠨ ᠤ ᠣᠷᠴᠢᠨ | ᠲᠣᠭᠤᠷᠢᠨ ᠤ ᠴᠢᠨᠠᠷ ᠴᠢᠨᠰᠠᠭ᠎ᠠ ᠲᠣᠭᠲᠠᠭᠤᠨ ᠢᠶᠠᠷ ᠳᠡᠭᠡᠭᠰᠢᠯᠡᠪᠡ᠃ | ᠬᠠᠯᠠᠭᠠᠶᠢᠲᠤ ᠲᠠᠷᠢᠶᠠᠯᠠᠩ ᠮᠠᠯᠵᠢᠯ ᠤᠨ ᠲᠠᠯᠠᠪᠠᠢ ᠶᠢᠨ ᠬᠤᠩᠭᠤᠷ ᠬᠤᠪᠢᠶᠠᠷᠢ ᠲᠠᠯᠠᠪᠠᠢ ᠶᠢᠨ ᠨᠠᠮ ᠤᠨ ᠡᠭᠦᠷ ᠤᠨ | ᠳᠡᠳ᠋ ᠱᠦᠵᠢ ᠵᠠᠩ ᡁᠢ ᠴᠧᠩ᠄ ᠡᠨᠡ ᠬᠡᠳᠦᠨ ᠵᠢᠯ ᠤᠨ ᠲᠤᠷᠰᠢᠬᠢ ᠶᠡᠭᠡ ᠬᠦᠴᠦᠨ ᠢᠶᠠᠷ ᠬᠠᠮᠠᠭᠠᠯᠠᠬᠤ ᠪᠠᠷ ᠳᠠᠮᠵᠢᠨ᠂ | ᠤᠰᠤᠨ ᠴᠥᠭᠦᠷᠥᠮ ᠤᠨ ᠤᠰᠤᠨ ᠤ ᠠᠮᠢ ᠠᠬᠤᠢ ᠨᠡᠩ ᠰᠠᠶᠢᠨ ᠪᠣᠯᠵᠤ᠂ ᠵᠢᠭᠠᠰᠤ ᠴᠤ ᠤᠯᠠᠮ ᠠᠴᠠ ᠤᠯᠠᠮ | ᠣᠯᠠᠰᠢᠷᠠᠵᠤ᠂ ᠪᠢᠳᠡ ᠡᠷᠬᠢᠨ ᠲᠣᠭᠤᠷᠢᠨ ᠳᠤ ᠬᠠᠮᠠᠭᠠᠯᠠᠯᠲᠠ ᠶᠢᠨ ᠬᠦᠷᠢᠶ᠎ᠡ ᠬᠠᠰᠢᠶᠠᠨ ᠳᠤ᠂ ᠰᠡᠷᠡᠮᠵᠢ ᠶᠢᠨ ᠫᠠᠶᠢᠰᠠ | ᠪᠣᠰᠬᠠᠵᠤ᠂ ᠤᠯᠠᠨ ᠢᠶᠠᠷ ᠢᠶᠠᠨ ᠠᠮᠢ ᠠᠬᠤᠢ ᠶᠢᠨ ᠤᠰᠤᠨ ᠰᠤᠷᠪᠤᠯᠵᠢ ᠶᠢ ᠬᠠᠶᠢᠷᠠᠯᠠᠨ ᠬᠠᠮᠠᠭᠠᠯᠠᠵᠤ᠂ ᠤᠰᠤᠨ ᠤ ᠠᠮᠢ | ᠠᠬᠤᠢ ᠶᠢ ᠬᠠᠮᠲᠤᠪᠠᠷ ᠬᠠᠮᠠᠭᠠᠯᠠᠬᠤ ᠶᠢ ᠬᠦᠰᠡᠵᠦ ᠪᠠᠶᠢᠨ᠎ᠠ ᠭᠡᠪᠡ᠃ | ᠤᠯᠠᠭᠠᠢ ᠬᠠᠮᠢᠶᠠᠷᠤᠯᠲᠠ ᠶᠢᠨ ᠣᠷᠣᠨ ᠤ ᠬᠢᠯᠢ ᠳᠣᠲᠣᠷᠠᠬᠢ ᠣᠰᠣᠨ ᠤ ᠡᠬᠢ ᠰᠣᠷᠪᠣᠯᠵᠢ ᠡᠯᠪᠡᠭ ᠪᠠᠶᠠᠯᠢᠭ᠂ | ᠣᠰᠣᠨ ᠤ ᠡᠬᠢ ᠰᠣᠷᠪᠣᠯᠵᠢ ᠶᠢᠨ ᠶᠡᠷᠦᠩᠬᠡᠢ ᠬᠡᠮᠵᠢᠶ᠎ᠡ 2.14 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ | ᠪᠠᠶᠢᠵᠤ᠂ ᠨᠡᠶᠢᠳᠡ 37 ᠭᠤᠣᠯ ᠮᠥᠷᠡᠨ᠂ 2 ᠨᠠᠭᠤᠷ ᠴᠦᠬᠦᠷᠦᠮ᠂ ᠤᠯᠠᠭᠠᠢ ᠶᠢᠨ ᠭᠤᠣᠯ ᠨᠢᠥᠪᠥᠷ ᠮᠣᠩᠭᠤᠯ ᠤᠨ | ᠬᠠᠮᠤᠭ ᠶᠡᠭᠡ ᠡᠬᠡ ᠬᠠᠭᠤᠷᠠᠢ ᠶᠢᠨ ᠭᠤᠣᠯ ᠪᠠᠶᠢᠵᠤ᠂ ᠰᠠᠯᠪᠤᠷᠢ ᠤᠷᠤᠰᠬᠠᠯ ᠨᠢ ᠪᠦᠬᠦ ᠣᠷᠣᠨ ᠤ ᠪᠦᠬᠦ ᠬᠢᠯᠢ ᠳᠤ | ᠣᠷᠣᠪᠠ᠃ | ᠤᠰᠤᠨ ᠤ ᠠᠮᠢ ᠠᠬᠤᠢ ᠶᠢᠨ ᠬᠠᠮᠠᠭᠠᠯᠠᠯᠲᠠ ᠶᠢ︽ᠡᠬᠢ ᠰᠤᠷᠪᠤᠯᠵᠢ︾ ᠳᠡᠭᠡᠷ᠎ᠡ ᠬᠦᠴᠦ ᠲᠠᠯᠪᠢᠬᠤ ᠬᠡᠷᠡᠭᠲᠡᠢ᠃ | ᠤᠯᠠᠭᠠᠢ ᠬᠠᠮᠢᠶᠠᠷᠤᠯᠲᠠ ᠶᠢᠨ ᠣᠷᠣᠨ ᠨᠢ ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠳᠠ ᠮᠥᠩᠭᠦᠨ | ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠨ ᠦᠢᠯᠡᠳᠦᠯᠭᠡᠵᠢᠭᠦᠯᠵᠦ᠂ ᠬᠥᠮᠥᠨ ᠬᠢᠭᠡᠳ | ᠪᠠᠶᠢᠭᠠᠯᠢ ᠡᠶ᠎ᠡ ᠵᠣᠬᠢᠴᠠᠩᠭᠤᠢ ᠬᠠᠮᠲᠤ ᠣᠷᠣᠰᠢᠬᠤ ᠥᠨᠳᠥᠷᠴᠡ ᠠᠴᠠ ᠬᠥᠭᠵᠢᠯᠲᠡ ᠶᠢ ᠲᠥᠯᠥᠪᠵᠢᠭᠦᠯᠵᠦ᠂ | ᠪᠣᠳᠠᠰ ᠢᠶᠠᠷ ᠰᠡᠷᠭᠡᠶᠢᠯᠡᠬᠦ᠂ ᠬᠥᠮᠥᠨ ᠢᠶᠠᠷ ᠰᠡᠷᠭᠡᠶᠢᠯᠡᠬᠦ᠂ ᠮᠡᠷᠭᠡᠵᠢᠯ ᠢᠶᠠᠷ ᠰᠡᠷᠭᠡᠶᠢᠯᠡᠬᠦ᠂ ᠬᠠᠪᠰᠦᠷᠤᠨ ᠰᠡᠷᠭᠡᠶᠢᠯᠡᠬᠦ | ︽ᠳᠥᠷᠪᠡ ᠶᠢ ᠰᠡᠷᠭᠡᠶᠢᠯᠡᠬᠦ︾ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠴᠢᠬᠤᠯᠠ ᠰᠠᠯᠪᠤᠷᠢ | ᠤᠷᠤᠰᠬᠠᠯ᠂ ᠳᠤᠮᠳᠠ ᠪᠠᠭ᠎ᠠ ᠤᠷᠤᠰᠬᠠᠯ ᠢ ᠵᠠᠰᠠᠬᠤ ᠶᠢ ᠦᠷᠬᠦᠯᠵᠢᠯᠡᠨ ᠠᠬᠢᠭᠤᠯᠵᠤ᠂ ᠬᠡᠰᠡᠭ ᠬᠤᠪᠢᠶᠠᠨ ᠵᠠᠰᠠᠬᠤ ᠠᠴᠠ | ᠪᠦᠬᠦ᠋ᠢᠯᠡ ᠭᠤᠣᠯ ᠮᠥᠷᠡᠨ ᠤ ᠵᠠᠰᠠᠯᠲᠠ ᠲᠡᠶᠢᠰᠢ ᠬᠤᠪᠢᠷᠠᠵᠤ᠂ ᠭᠤᠣᠯ ᠮᠥᠷᠡᠨ ᠨᠠᠭᠤᠷ ᠪᠦᠷᠢᠳᠦ ᠶᠢᠨ ᠳᠠᠷᠤᠭ᠎ᠠ ᠶᠢᠨ | ᠳᠦᠷᠢᠮ ᠤᠨ ᠠᠵᠢᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠤᠣᠯ ᠮᠥᠷᠡᠨ ᠨᠠᠭᠤᠷ ᠪᠦᠷᠢᠳᠦ ᠶᠢᠨ | ᠳᠠᠷᠤᠭ᠎ᠠ ᠶᠢᠨ ᠳᠦᠷᠢᠮ ︽ᠨᠠᠷᠠᠲᠠᠢ ᠬᠠᠷᠢᠭᠤᠴᠠᠯᠭ᠎ᠠ︾ ᠠᠴᠠ ︽ᠴᠢᠳᠠᠪᠤᠷᠢ ᠲᠠᠢ ᠪᠣᠯᠵᠣᠬᠤ︾ ᠬᠦᠷᠳᠡᠯ᠎ᠡ ᠠᠬᠢᠭᠤᠯᠬᠤ | ᠬᠡᠷᠡᠭᠲᠡᠢ᠃ ᠰᠠᠶᠢᠨ ᠰᠠᠶᠢᠬᠠᠨ ᠤᠰᠤᠨ ᠤ ᠪᠠᠶᠢᠳᠠᠯ ᠨᠢ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ | ᠲᠣᠭᠲᠠᠭᠤᠨ ᠤᠰᠤ ᠬᠠᠩᠭᠠᠬᠤ ᠪᠠᠲᠤᠯᠠᠭ᠎ᠠ ᠬᠠᠩᠭᠠᠭᠰᠠᠨ ᠪᠥᠭᠡᠳ ᠣᠯᠠᠨ ᠲᠦᠮᠡᠨ ᠳᠤ ᠠᠮᠢ ᠠᠬᠤᠢ ᠶᠢᠨ | ᠠᠰᠠᠷᠠᠮᠵᠢ ᠶᠢ ᠬᠠᠮᠲᠤ ᠪᠠᠷ ᠡᠳ᠋ᠯᠡᠭᠦᠯᠦᠭᠰᠡᠨ ᠪᠠᠶᠢᠨ᠎ᠠ᠃ | | |