8 ᠳ᠋ᠤᠭᠠᠷ ᠰᠠᠷ᠎ᠠ ᠶᠢᠨ 22 ᠤᠨ ᠡᠳᠦᠷ᠂ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ | ᠬᠠᠮᠠᠭᠠᠯᠠᠬᠤ ᠲᠢᠩᠬᠢᠮ ᠠᠴᠠ ᠣᠶᠢᠯᠠᠭᠠᠭᠰᠠᠨ ᠢᠶᠠᠷ᠂ ᠣᠳᠣᠬᠠᠨ ᠳᠤ ᠪᠥᠬᠦ ᠣᠷᠣᠨ ᠳᠠᠬᠢ ᠬᠥᠬᠡᠬᠤᠲᠠ᠂ ᠪᠤᠭᠤᠲᠤ᠂ | ᠬᠥᠯᠥᠨ ᠪᠤᠶᠢᠷ᠂ ᠲᠦᠩᠯᠢᠶᠣᠣ᠂ ᠤᠯᠠᠭᠠᠨᠬᠠᠳᠠ᠂ ᠤᠯᠠᠭᠠᠨᠴᠠᠪ᠂ ᠣᠷᠳᠣᠰ᠂ ᠪᠠᠶᠠᠨᠨᠠᠭᠤᠷ᠂ ᠠᠯᠠᠱᠠ ᠵᠡᠷᠭᠡ 9 ᠠᠶᠢᠮᠠᠭ | ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ | ᠬᠠᠮᠠᠭᠠᠯᠠᠬᠤ ᠲᠢᠩᠬᠢᠮ ᠤᠨ ︽ᠢᠨᠲ᠋ᠧᠷ ᠰᠦᠯᠵᠢᠶ᠎ᠡ + ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ | ᠦᠢᠯᠡᠴᠢᠯᠡᠭᠡ︾ ᠲᠠᠪᠴᠠᠩ ᠢᠶᠠᠷ ᠬᠤᠪᠢ ᠬᠥᠮᠥᠨ ᠤ ᠶᠠᠯ᠎ᠠ ᠬᠢᠭᠰᠡᠨ ᠲᠡᠮᠳᠡᠭᠯᠡᠯ ᠦᠭᠡᠢ ᠭᠡᠷᠡᠴᠢ ᠶᠢᠨ ︽ᠪᠦᠬᠦ | ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠬᠦ︾ ᠲᠤᠬᠠᠶᠢᠯᠠᠭᠰᠠᠨ ᠠᠵᠢᠯ ᠲᠠᠢ ᠪᠣᠯᠪᠠ᠃ | 2023 ᠣᠨ ᠳᠤ᠂ ᠮᠠᠨ ᠤ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ᠬᠤᠪᠢ | ᠬᠥᠮᠥᠨ ᠤ ᠶᠠᠯ᠎ᠠ ᠬᠢᠭᠰᠡᠨ ᠲᠡᠮᠳᠡᠭᠯᠡᠯ ᠦᠭᠡᠢ ᠭᠡᠷᠡᠴᠢ ᠭᠠᠷᠭᠠᠬᠤ ᠲᠤᠬᠠᠶᠢᠯᠠᠭᠰᠠᠨ ᠠᠵᠢᠯ ᠢ ᠨᠡᠶᠢᠲᠡ 50 ᠭᠠᠷᠤᠢ | ᠲᠦᠮᠡᠨ ᠬᠤᠪᠢ ᠭᠦᠢᠴᠡᠳᠬᠡᠭᠰᠡᠨ ᠪᠣᠯᠬᠤᠷ ᠲᠤᠰ ᠲᠤᠬᠠᠶᠢᠯᠠᠭᠰᠠᠨ ᠠᠵᠢᠯ ᠨᠢᠭᠡᠨᠲᠡ ᠥᠨᠳᠥᠷ ᠳᠠᠪᠲᠠᠮᠵᠢ ᠲᠠᠢ | ᠠᠵᠢᠯ ᠶᠠᠪᠤᠳᠠᠯ ᠳᠤ ᠲᠣᠭᠠᠴᠠᠭᠳᠠᠪᠠ᠃ ᠣᠯᠠᠨ ᠲᠦᠮᠡᠨ ᠢ ︽ᠳᠤᠲᠠᠭᠤ ᠭᠦᠶᠦᠯᠭᠡᠨ ᠪᠠᠶᠢᠵᠤ ᠠᠵᠢᠯ ᠶᠠᠪᠤᠳᠠᠯ ᠢ ᠨᠢ | ᠭᠦᠢᠴᠡᠳᠬᠡᠬᠦ︾᠂ ᠦᠨᠳᠦᠰᠦᠨ ᠱᠠᠲᠤᠨ ᠤ ᠠᠷᠠᠳ ᠤᠨ ᠴᠠᠭᠳᠠᠭ᠎ᠠ ᠨᠠᠷ ᠤᠨ ᠳᠠᠷᠤᠭᠠᠰᠤ ᠶᠢ ᠬᠥᠩᠭᠡᠷᠡᠭᠦᠯᠬᠦ | ᠠᠵᠢᠯ ᠤᠨ ᠣᠨᠣᠯᠵᠢᠬᠤᠨ ᠢᠶᠠᠷ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ | ᠬᠤᠯᠪᠣᠭᠳᠠᠯ ᠪᠦᠬᠦᠢ ᠠᠵᠢᠯ ᠲᠥᠷᠥᠯ ᠤᠨ ᠴᠠᠭᠳᠠᠭ᠎ᠠ ᠪᠠ ᠮᠡᠷᠭᠡᠵᠢᠯ ᠤᠨ ᠬᠦᠴᠦᠨ ᠢ ᠵᠣᠬᠢᠶᠠᠨ ᠪᠠᠶᠢᠭᠤᠯᠵᠤ᠂ | ︽ᠢᠨᠲ᠋ᠧᠷ ᠰᠦᠯᠵᠢᠶ᠎ᠡ + ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡ︾ ᠲᠠᠪᠴᠠᠩ ᠳᠤ | ᠲᠦᠰᠢᠭᠯᠡᠨ᠂ ᠬᠤᠪᠢ ᠬᠥᠮᠥᠨ ᠤ ᠶᠠᠯ᠎ᠠ ᠬᠢᠭᠰᠡᠨ ᠲᠡᠮᠳᠡᠭᠯᠡᠯ ᠦᠭᠡᠢ ᠭᠡᠷᠡᠴᠢ ᠭᠠᠷᠭᠠᠬᠤ ᠲᠤᠬᠠᠶᠢᠯᠠᠭᠰᠠᠨ ᠠᠵᠢᠯ ᠤᠨ | ︽ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠬᠦ︾ ᠴᠢᠳᠠᠮᠵᠢ ᠶᠢ ᠨᠡᠭᠡᠭᠡᠨ ᠠᠵᠢᠯᠯᠠᠭᠤᠯᠵᠤ᠂ ᠠᠶᠢᠮᠠᠭ | ᠬᠤᠲᠠ ᠨᠤᠭᠤᠳ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢ ᠪᠦᠯᠦᠭ ᠬᠤᠪᠢᠶᠠᠨ ᠵᠣᠬᠢᠶᠠᠨ ᠪᠠᠶᠢᠭᠤᠯᠵᠤ | ᠰᠦᠯᠵᠢᠶᠡᠨ ᠳᠡᠭᠡᠷ᠎ᠡ ᠲᠤᠷᠰᠢᠨ ᠠᠵᠢᠯᠯᠠᠭᠤᠯᠵᠤ ᠡᠬᠢᠯᠡᠪᠡ᠃ ᠡᠨᠡ ᠬᠦ ᠴᠢᠳᠠᠮᠵᠢ ᠶᠢ ᠰᠦᠯᠵᠢᠶᠡᠨ ᠳᠤ | ᠭᠠᠷᠭᠠᠭᠰᠠᠨ ᠠᠴᠠ ᠨᠠᠭᠠᠰᠢ᠂ ᠣᠯᠠᠨ ᠲᠦᠮᠡᠨ ᠨᠠᠭᠠᠰᠢ ᠴᠠᠭᠠᠰᠢ ᠭᠦᠶᠦᠬᠦ ᠴᠢᠬᠤᠯᠠ ᠦᠭᠡᠢ ᠪᠣᠯᠵᠤ᠂ ᠵᠥᠪᠬᠡᠨ | ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ︽ᠢᠨᠲ᠋ᠧᠷ ᠰᠦᠯᠵᠢᠶ᠎ᠡ + | ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡ︾ ᠲᠠᠪᠴᠠᠩ ᠳᠤ ᠦᠨᠡᠨ ᠨᠡᠷ᠎ᠡ ᠪᠠᠨ | ᠳᠠᠩᠰᠠᠯᠠᠭᠤᠯᠵᠤ᠂ ᠲᠠᠪᠴᠠᠩ ᠤᠨ ᠪᠡᠶ᠎ᠡ ᠬᠡᠮ ᠬᠢᠨᠠᠨ ᠰᠢᠯᠭᠠᠬᠤ ᠴᠢᠳᠠᠮᠵᠢ ᠶᠢ ᠨᠢ ᠠᠰᠢᠭᠯᠠᠨ᠂ ᠮᠡᠳᠡᠭᠡ ᠵᠠᠩᠭᠢ ᠪᠠᠨ | ᠠᠦ᠋ᠲ᠋ᠣ᠋ ᠪᠠᠷ ᠬᠠᠷᠭᠤᠭᠤᠯᠤᠨ ᠰᠢᠯᠭᠠᠭᠤᠯᠪᠠᠯ ᠭᠤᠶᠤᠴᠢᠯᠠᠯ ᠢᠶᠠᠨ ᠲᠤᠰᠢᠶᠠᠵᠤ ᠪᠣᠯᠣᠨ᠎ᠠ᠃ ᠠᠷᠠᠳ ᠤᠨ ᠴᠠᠭᠳᠠᠭ᠎ᠠ | ᠭᠤᠶᠤᠴᠢᠯᠠᠭᠰᠠᠨ ᠵᠦᠢᠯ ᠢ ᠨᠢ ᠭᠦᠢᠴᠡᠳᠬᠡᠭᠰᠡᠨ ᠤ ᠳᠠᠷᠠᠭ᠎ᠠ᠂ ᠭᠠᠷᠭᠠᠵᠤ ᠥᠭᠭᠦᠭᠰᠡᠨ ᠶᠠᠯ᠎ᠠ ᠬᠢᠭᠰᠡᠨ ᠲᠡᠮᠳᠡᠭᠯᠡᠯ | ᠦᠭᠡᠢ ᠭᠡᠷᠡᠴᠢ ᠶᠢᠨ ᠡᠯᠧᠺᠲᠷᠣᠨ ᠬᠡᠪᠯᠡᠯ ᠢ ᠲᠠᠪᠴᠠᠩ ᠤᠨ ᠬᠤᠪᠢ ᠬᠥᠮᠥᠨ ᠤ ᠲᠥᠪ ᠠᠴᠠ ᠬᠠᠶᠢᠨ ᠦᠵᠡᠵᠦ | ᠪᠣᠯᠣᠨ᠎ᠠ᠂ ᠲᠡᠷᠡᠴᠢᠯᠡᠨ ᠲᠠᠪᠴᠠᠩ ᠤᠨ ᠲᠤᠰ ᠴᠢᠳᠠᠮᠵᠢ ᠨᠢ ᠮᠡᠷᠭᠡᠨ ᠴᠣᠬᠤᠷ ᠢ ᠰᠢᠷᠪᠢᠬᠦ᠂ ᠰᠦᠯᠵᠢᠶᠡᠨ ᠳᠡᠭᠡᠷ᠎ᠡ | ᠰᠢᠯᠭᠠᠨ ᠪᠠᠲᠤᠯᠠᠬᠤ ᠵᠡᠷᠭᠡ ᠣᠯᠠᠨ ᠵᠦᠢᠯ ᠤᠨ ᠬᠠᠷᠭᠤᠭᠤᠯᠤᠨ ᠪᠠᠶᠢᠴᠠᠭᠠᠬᠤ ᠠᠷᠭ᠎ᠠ ᠮᠠᠶ᠋ᠢᠭ ᠢ ᠳᠡᠮᠵᠢᠨ᠎ᠡ᠃ | ᠣᠲᠣ ᠪᠣᠯᠲᠠᠯ᠎ᠠ᠂ ᠬᠤᠪᠢ ᠬᠥᠮᠥᠨ ᠤ ᠶᠠᠯ᠎ᠠ ᠬᠢᠭᠰᠡᠨ ᠲᠡᠮᠳᠡᠭᠯᠡᠯ ᠦᠭᠡᠢ ᠭᠡᠷᠡᠴᠢ ᠶᠢᠨ ︽ᠪᠥᠬᠦ ᠶᠠᠪᠤᠴᠠ ᠶᠢ | ᠰᠦᠯᠵᠢᠶᠡᠨ ᠳᠡᠭᠡᠷ᠎ᠡ ᠭᠦᠢᠴᠡᠳᠬᠡᠬᠦ︾ ᠲᠤᠬᠠᠶᠢᠯᠠᠭᠰᠠᠨ ᠠᠵᠢᠯ ᠤᠨ ᠴᠢᠳᠠᠮᠵᠢ ᠪᠠᠷ ᠳᠠᠮᠵᠢᠭᠤᠯᠤᠨ ᠰᠦᠯᠵᠢᠶᠡᠨ | ᠳᠡᠭᠡᠷ᠎ᠡ ᠨᠡᠶᠢᠲᠡ 17.3 ᠲᠦᠮᠡ ᠭᠠᠷᠤᠢ ᠬᠤᠪᠢ ᠭᠡᠷᠡᠴᠢ ᠭᠠᠷᠭᠠᠵᠤ ᠥᠭᠪᠡ᠃ ᠲᠠᠨᠢᠯᠴᠠᠭᠤᠯᠤᠭᠰᠠᠨ ᠢᠶᠠᠷ᠂ | ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ︽ᠢᠨᠲ᠋ᠧᠷ ᠰᠦᠯᠵᠢᠶ᠎ᠡ + | ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡ︾ ᠲᠠᠪᠴᠠᠩ ᠤᠨ ᠬᠤᠪᠢ ᠬᠥᠮᠥᠨ ᠤ ᠶᠠᠯ᠎ᠠ | ᠬᠢᠭᠰᠡᠨ ᠲᠡᠮᠳᠡᠭᠯᠡᠯ ᠦᠭᠡᠢ ᠭᠡᠷᠡᠴᠢ ᠶᠢᠨ ᠲᠤᠬᠠᠶᠢᠯᠠᠭᠰᠠᠨ ᠠᠵᠢᠯ ᠤᠨ ︽ᠪᠥᠬᠦ ᠶᠠᠪᠤᠴᠠ ᠶᠢ ᠰᠦᠯᠵᠢᠶᠡᠨ ᠳᠡᠭᠡᠷ᠎ᠡ | ᠭᠦᠢᠴᠡᠳᠬᠡᠬᠦ︾ ᠴᠢᠳᠠᠮᠵᠢ ᠪᠠᠨ 2024 ᠣᠨ ᠤ ᠵᠢᠯ ᠤᠨ ᠡᠴᠦᠰ ᠢᠶᠠᠷ ᠪᠥᠬᠦ ᠣᠷᠣᠨ ᠤ ᠰᠦᠯᠵᠢᠶᠡᠨ ᠳᠡᠭᠡᠷ᠎ᠡ | ᠵᠢᠩᠬᠢᠨᠢ ᠪᠠᠷ ᠠᠵᠢᠯᠯᠠᠭᠤᠯᠬᠤ ᠪᠠᠷ ᠵᠢᠱᠢᠵᠦ ᠪᠠᠶᠢᠨ᠎ᠠ᠃ |