ᠬᠤᠪᠢᠰᠬᠠᠯᠲᠤ ᠰᠣᠶᠣᠯ ᠢ ᠪᠠᠳᠠᠷᠠᠭᠤᠯᠵᠤ᠂ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ | ᠰᠠᠭᠤᠭᠠᠯᠢ ᠠᠷᠠᠳ ᠤᠨ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠣᠶᠤᠨ ᠰᠠᠨᠠᠭᠠᠨ ᠤ ᠰᠣᠶᠣᠯ ᠤᠨ ᠬᠡᠷᠡᠭᠴᠡᠭᠡ ᠶᠢ | ᠬᠠᠩᠭᠠᠬᠤ ᠶᠢᠨ ᠲᠥᠯᠥᠭᠡ᠂ ᠬᠡᠳᠦᠨ ᠡᠳᠦᠷ ᠤᠨ ᠲᠤᠷᠰᠢ᠂ ᠤᠯᠠᠭᠠᠢ ᠬᠠᠮᠢᠶᠠᠷᠤᠯᠲᠠ ᠶᠢᠨ ᠣᠷᠣᠨ ᠬᠤᠪᠢᠰᠬᠠᠯ ᠤᠨ | ᠺᠢᠨᠣ᠋ ᠶᠢ ᠣᠯᠠᠨ ᠲᠦᠮᠡᠨ ᠤ ᠡᠭᠦᠳᠡᠨ ᠳᠤ ᠬᠦᠷᠭᠡᠵᠦ᠂ ᠣᠯᠠᠨ ᠲᠦᠮᠡᠨ ᠳᠤ ᠬᠤᠪᠢᠰᠬᠠᠯ ᠤᠨ ᠰᠣᠶᠣᠯ ᠤᠨ ᠷᠢᠳᠢ | ᠰᠢᠳᠢ ᠶᠢ ᠮᠡᠳᠡᠷᠡᠭᠦᠯᠪᠡ᠃ | ᠰᠥᠨᠢ ᠶᠢᠨ ᠬᠥᠰᠢᠭᠡ ᠪᠠᠭᠤᠵᠤ ᠢᠷᠡᠬᠦ ᠲᠠᠰᠢᠷᠠᠮ ᠳᠤ᠂ ᠬᠠᠮᠢᠶᠠᠷᠤᠯᠲᠠ ᠶᠢᠨ ᠣᠷᠣᠨ ᠤ ᠰᠢᠨ᠎ᠡ ᠴᠠᠭ | ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠡᠮᠦᠨ᠎ᠡ ᠺᠢᠨᠣ᠋ ᠦᠵᠡᠬᠦ ᠪᠠᠷ ᠢᠷᠡᠭᠰᠡᠨ ᠣᠯᠠᠨ ᠲᠦᠮᠡᠨ ᠠᠯᠢ | ᠡᠷᠲᠡ ᠣᠷᠣᠨ ᠪᠠᠶᠢᠷᠢ ᠪᠠᠨ ᠰᠣᠩᠭᠤᠨ᠂ ᠺᠢᠨᠣ᠋ ᠭᠠᠷᠭᠠᠬᠤ ᠶᠢ ᠬᠦᠯᠢᠶᠡᠵᠦ ᠪᠠᠶᠢᠪᠠ᠃ ᠺᠢᠨᠣ᠋ ᠳᠤ ᠭᠤᠣᠯᠳᠠᠭᠤ | ︽ᠡᠷᠲᠡᠨ ᠤ ᠲᠢᠶᠠᠨ ᠵᠢᠶᠦ᠋ᠨ ᠨᠡᠷᠡᠮᠵᠢᠲᠦ︾᠂ ︽ᠠᠰᠬ᠎ᠠ ᠬᠠᠳᠠᠨ ᠤ ᠳᠡᠭᠡᠷᠡᠬᠢ︾᠂ ︽ᠪᠠ ᠪᠠᠢ︾᠂︽1921︾ ᠵᠡᠷᠭᠡ | ᠬᠤᠪᠢᠰᠬᠠᠯ ᠤᠨ ᠰᠣᠩᠭᠤᠳᠠᠭ ᠰᠡᠳᠦᠪᠲᠦ ᠭᠤᠣᠯ ᠰᠡᠳᠦᠪᠲᠦ ᠺᠢᠨᠣ᠋ ᠶᠢ ᠰᠣᠩᠭᠤᠵᠤ᠂ ᠵᠦᠴᠦᠭᠡ ᠶᠢᠨ ᠦᠢᠯᠡ | ᠶᠠᠪᠤᠳᠠᠯ ᠤᠨ ᠱᠠᠲᠤ ᠱᠠᠲᠤ ᠪᠠᠷ ᠠᠬᠢᠭᠤᠯᠬᠤ ᠶᠢ ᠳᠠᠭᠠᠯᠳᠤᠨ᠂ ᠺᠢᠨᠣ᠋ ᠶᠢᠨ ᠳᠣᠲᠣᠷᠠᠬᠢ ᠲᠡᠦᠬᠡᠨ ᠦᠯᠢᠭᠡᠷ ᠨᠢᠭᠡᠪᠦᠷᠢ᠂ | ᠠᠯᠳᠠᠷᠲᠤ ᠬᠥᠮᠥᠰ ᠨᠢᠭᠡᠪᠦᠷᠢ ᠵᠢᠴᠢ ᠲᠡᠳᠡᠭᠡᠷ ᠡᠷᠡᠯᠬᠡᠭ ᠪᠠᠭᠠᠲᠤᠷᠯᠢᠭ ᠪᠠᠭᠠᠲᠤᠷ ᠬᠥᠮᠥᠰ ᠨᠢᠭᠡᠪᠦᠷᠢ ᠦᠵᠡᠭᠴᠢᠳ ᠤᠨ | ᠰᠡᠳᠬᠢᠯ ᠢ ᠭᠦᠨ ᠳᠣᠭᠳᠣᠯᠤᠭᠤᠯᠵᠤ ᠪᠠᠶᠢᠯ᠎ᠠ᠃ | ᠲᠣᠰ ᠤᠳᠠᠭᠠᠨ ᠤ ᠺᠢᠨᠣ᠋ ᠭᠠᠷᠭᠠᠬᠤ ᠠᠵᠢᠯᠯᠠᠭ᠎ᠠ ᠪᠣᠯ ᠤᠯᠠᠭᠠᠢ ᠬᠠᠮᠢᠶᠠᠷᠤᠯᠲᠠ ᠶᠢᠨ ᠣᠷᠣᠨ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠰᠤᠷᠤᠯᠴᠠᠨ ᠤᠬᠠᠭᠤᠯᠵᠤ | ᠲᠤᠤᠱᠯᠠᠭᠤᠯᠵᠤ᠂ ᠥᠷᠭᠡᠨ ᠣᠯᠠᠨ ᠠᠷᠠᠳ ᠲᠦᠮᠡᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ | ᠪᠠᠶᠠᠯᠢᠭᠵᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠂ ᠠᠵᠢᠯᠯᠠᠭ᠎ᠠ ᠨᠢ 5 ᠰᠠᠷ᠎ᠠ ᠠᠴᠠ ᠡᠬᠢᠯᠡᠵᠦ᠂ 4 ᠰᠠᠷ᠎ᠠ ᠶᠢᠨ | ᠬᠤᠭᠤᠴᠠᠭ᠎ᠠ ᠲᠠᠢ ᠶᠠᠪᠤᠭᠳᠠᠵᠤ᠂ ᠰᠢᠯᠢᠳᠡᠭ ᠬᠤᠪᠢᠰᠬᠠᠯᠲᠤ ᠺᠢᠨᠣ᠋ ᠨᠡᠪᠲᠡᠷᠡᠭᠦᠯᠬᠦ ᠪᠠᠷ ᠳᠠᠮᠵᠢᠭᠤᠯᠤᠨ ᠰᠠᠭᠤᠭᠠᠯᠢ | ᠠᠷᠠᠳ ᠢ ᠳᠠᠬᠢᠨ ᠳᠠᠪᠲᠠᠨ ᠡᠷᠭᠢᠴᠡᠭᠦᠯᠵᠦ᠂ ᠡᠷᠡᠯᠬᠡᠭᠯᠡᠨ ᠤᠷᠤᠭᠰᠢᠯᠠᠬᠤ ᠣᠶᠤᠨ ᠤᠬᠠᠭᠠᠨ ᠪᠠ ᠬᠦᠴᠦᠨ ᠴᠢᠳᠠᠯ ᠢ | ᠨᠢ ᠰᠢᠩᠭᠡᠬᠡᠨ ᠠᠪᠴᠠᠢ᠃ ᠲᠠᠷᠠᠭᠠᠴᠢ ᠶᠢᠨ ᠠᠯᠬᠤᠮ ᠳᠤ᠂ ᠬᠠᠮᠢᠶᠠᠷᠤᠯᠲᠠ ᠶᠢᠨ ᠣᠷᠣᠨ ᠠᠴᠠ ᠭᠠᠳᠠᠭᠰᠢ ᠭᠠᠷᠴᠤ ᠺᠢᠨᠣ᠋ | ᠦᠵᠡᠬᠦ ᠠᠵᠢᠯᠯᠠᠭ᠎ᠠ ᠶᠢ ᠦᠷᠭᠦᠯᠵᠢᠯᠡᠨ ᠳᠡᠯᠭᠡᠷᠡᠭᠦᠯᠵᠦ᠂ ︽ᠭᠡᠷ ᠤᠨ ᠡᠭᠦᠳᠡ︾ ︽ᠬᠤᠪᠢᠰᠬᠠᠯᠲᠤ ᠺᠢᠨᠣ᠋ ᠶᠢᠨ ᠣᠷᠳᠣᠨ︾ | ᠢ ᠪᠠᠶᠢᠭᠤᠯᠵᠤ᠂ ᠨᠠᠩ ᠣᠯᠠᠨ ᠰᠠᠭᠤᠭᠠᠯᠢ ᠠᠷᠠᠳ ᠲᠤ ᠬᠠᠷᠠᠭᠠᠨ ᠰᠡᠷᠡᠯ ᠤᠨ ᠦᠪᠡᠳᠡᠭᠰᠢ ᠨᠠᠶᠢᠷ ᠢ ᠡᠳ᠋ᠯᠡᠭᠦᠯᠵᠦ᠂ | ᠪᠣᠯᠪᠠᠰᠤᠨ ᠤ ᠰᠢᠨ᠎ᠡ ᠰᠤᠷᠲᠠᠯ ᠢ ᠡᠷᠬᠢᠮᠯᠡᠨ᠎ᠡ᠃ | | |