ᠮᠠᠨ ᠤ ᠣᠷᠣᠨ ᠤ ︽ᠬᠤᠣᠰ ᠲᠡᠷᠢᠭᠦᠨ︾ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠠᠵᠢᠯ ᠢᠳᠡᠪᠬᠢᠲᠡᠢ ᠦᠷ᠎ᠡ ᠪᠦᠲᠦᠮᠵᠢ ᠣᠯᠪᠠ
ᠨᠡᠶᠢᠲᠡᠯᠡᠭᠰᠡᠨ ᠴᠠᠭ᠄
2024/8/29

    ᠮᠠᠨ ᠤ ᠣᠷᠣᠨ ᠤ ︽ᠬᠤᠣᠰ ᠲᠡᠷᠢᠭᠦᠨ︾ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠠᠵᠢᠯ ᠢᠳᠡᠪᠬᠢᠲᠡᠢ

ᠦᠷ᠎ᠡ ᠪᠦᠲᠦᠮᠵᠢ ᠣᠯᠪᠠ᠃ ᠨᠢᠭᠡ ᠳᠤ ᠡᠷᠳᠡᠮ ᠰᠢᠨᠵᠢᠯᠡᠭᠡᠨ ᠤ ᠲᠤᠰᠬᠠᠢ ᠮᠡᠷᠭᠡᠵᠢᠯ ᠤᠨ ᠪᠠᠶᠢᠷᠢᠰᠢᠭᠤᠯᠤᠯᠲᠠ ᠪᠠᠨ

ᠡᠳᠦᠷ ᠢᠷᠡᠬᠦᠶ᠎ᠡ ᠰᠢᠯᠢᠳᠡᠭᠵᠢᠭᠦᠯᠪᠡ᠃ ᠣᠳᠣᠬᠠᠨ ᠪᠣᠯᠲᠠᠯ᠎ᠠ᠂ ᠪᠥᠬᠦ ᠣᠷᠣᠨ ᠳᠤ ᠳ᠋ᠣᠺᠲ᠋ᠣᠷ ᠤᠨ ᠡᠷᠳᠡᠮ ᠤᠨ ᠴᠣᠯᠠ

ᠣᠯᠭᠤᠬᠤ ᠴᠡᠭ 59 ᠪᠠᠶᠢᠵᠤ᠂ ᠳᠡᠭᠡᠷ᠎ᠡ ᠨᠢᠭᠡ ᠡᠭᠡᠯᠵᠢᠨ ᠤ ᠨᠡᠮᠡᠭᠳᠡᠯ ᠤᠨ ᠬᠡᠮᠵᠢᠶ᠎ᠡ ᠠᠴᠠ 25.5% ᠪᠠᠷ ᠨᠡᠮᠡᠭᠳᠡᠪᠡ︔

6 ᠲᠤᠰᠬᠠᠢ ᠮᠡᠷᠭᠡᠵᠢᠯ ᠳᠤ ᠬᠤᠯᠪᠣᠭᠳᠠᠬᠤ ᠳ᠋ᠣᠺᠲ᠋ᠣᠷ ᠤᠨ ᠡᠷᠳᠡᠮ ᠤᠨ ᠴᠣᠯᠠ ᠣᠯᠭᠤᠬᠤ ᠴᠡᠭ ᠰᠢᠨ᠎ᠡ ᠪᠠᠷ

ᠨᠡᠮᠡᠭᠳᠡᠵᠦ᠂ ︽ᠬᠤᠭᠤᠰᠤᠨ︾ ᠪᠠᠶᠢᠭᠰᠠᠨ ᠲᠡᠦᠬᠡ ᠶᠢ ᠡᠴᠦᠰᠯᠡᠭᠦᠯᠪᠡ᠃  ᠪᠠᠶᠢᠭᠠᠯᠢ ᠶᠢᠨ  ᠰᠢᠨᠵᠢᠯᠡᠬᠦ ᠤᠬᠠᠭᠠᠨ᠂

ᠠᠵᠤ ᠦᠢᠯᠡᠳᠪᠦᠷᠢ ᠶᠢᠨ ᠤᠬᠠᠭᠠᠨ᠂ ᠲᠠᠷᠢᠶᠠᠯᠠᠩ ᠤᠨ ᠤᠬᠠᠭᠠᠨ᠂ ᠠᠨᠠᠭᠠᠬᠤ ᠤᠬᠠᠭᠠᠨ ᠤ ᠲᠥᠷᠥᠯ ᠵᠡᠷᠭᠡ ᠶᠢ

ᠪᠠᠭᠲᠠᠭᠠᠭᠰᠠᠨ ᠳ᠋ᠣᠺᠲ᠋ᠣᠷ ᠤᠨ ᠡᠷᠳᠡᠮ ᠤᠨ ᠴᠣᠯᠠ ᠣᠯᠭᠤᠬᠤ ᠡᠷᠳᠡᠮ ᠰᠢᠨᠵᠢᠯᠡᠭᠡᠨ ᠤ ᠲᠤᠰᠬᠠᠢ ᠮᠡᠷᠭᠡᠵᠢᠯ 40

ᠪᠠᠶᠢᠵᠤ᠂ ᠪᠥᠬᠦ ᠣᠷᠣᠨ ᠤ ᠳ᠋ᠣᠺᠲ᠋ᠣᠷ ᠤᠨ ᠡᠷᠳᠡᠮ ᠤᠨ ᠴᠣᠯᠠ ᠣᠯᠭᠤᠬᠤ ᠡᠷᠳᠡᠮ ᠰᠢᠨᠵᠢᠯᠡᠭᠡᠨ ᠤ ᠮᠡᠷᠭᠡᠵᠢᠯ ︵50︶

 ᠤᠨ 80% ᠬᠤᠪᠢ ᠶᠢᠨ ᠬᠠᠷᠢᠴᠠᠯ ᠢ ᠡᠵᠡᠯᠡᠨ᠎ᠡ᠂ ᠡᠷᠳᠡᠮ ᠰᠢᠨᠵᠢᠯᠡᠭᠡᠨ ᠤ ᠲᠤᠰᠬᠠᠢ ᠮᠡᠷᠭᠡᠵᠢᠯ ᠤᠨ ᠪᠦᠲᠦᠴᠡ  

 ᠨᠢ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ   ᠯᠦᠭᠡ ᠶᠢᠨ ᠵᠣᠬᠢᠴᠠᠯᠳᠤᠬᠤ ᠬᠡᠮᠵᠢᠶ᠎ᠡ

  ᠨᠢ ᠤᠯᠠᠮ ᠨᠢᠭᠡ ᠠᠯᠬᠤᠮ ᠳᠡᠭᠡᠭᠰᠢᠯᠡᠪᠡ᠃ ᠬᠤᠶᠠᠷ ᠲᠤ ᠴᠢᠳᠠᠪᠤᠷᠢᠲᠠᠨ ᠢ ᠬᠥᠮᠥᠵᠢᠭᠦᠯᠬᠦ ᠴᠢᠳᠠᠪᠤᠷᠢ ᠪᠠᠨ

ᠢᠯᠡᠳᠲᠡ ᠳᠡᠭᠡᠭᠰᠢᠯᠡᠭᠦᠯᠪᠡ᠃ ᠪᠦᠬᠦ ᠣᠷᠣᠨ ᠤ ᠶᠡᠭᠡ ᠳᠡᠭᠡᠳᠦ ᠰᠤᠷᠭᠠᠭᠤᠯᠢ ᠨᠤᠭᠤᠳ ᠤᠨ ᠪᠦᠬᠦᠯᠢ ᠡᠳᠦᠷ ᠤᠨ

ᠳᠦᠷᠢᠮᠲᠦ ᠰᠤᠳᠤᠯᠤᠨ ᠰᠤᠷᠤᠭᠴᠢ 3.47 ᠲᠦᠮᠡ ᠳᠤ ᠬᠦᠷᠴᠦ᠂ 2016 ᠣᠨ ᠤ ᠬᠢ ᠠᠴᠠ 87.6% ᠪᠠᠷ

ᠨᠡᠮᠡᠭᠳᠡᠪᠡ︔ ᠲᠤᠰᠬᠠᠢ ᠮᠡᠷᠭᠡᠵᠢᠯ ᠤᠨ ᠡᠷᠳᠡᠮ ᠤᠨ ᠴᠣᠯᠠ ᠭᠤᠷᠢᠯᠠᠬᠤ ᠠᠰᠫᠢᠷᠠᠨᠲ ᠤᠨ ᠲᠤᠭ᠎ᠠ 2.4 ᠲᠦᠮᠡᠨ

ᠬᠥᠮᠥᠨ ᠪᠠᠶᠢᠵᠤ᠂ ᠰᠤᠷᠤᠯᠴᠠᠵᠤ ᠪᠠᠶᠢᠭ᠎ᠠ ᠠᠰᠫᠢᠷᠠᠨᠲ ᠤᠨ ᠡᠵᠡᠯᠡᠬᠦ ᠬᠠᠷᠢᠴᠠᠯ ᠤᠨ 59.8% ᠳᠤ ᠬᠦᠷᠴᠦ᠂

2016 ᠣᠨ ᠤ ᠬᠢ ᠠᠴᠠ 15.2 ᠵᠠᠭᠤᠨ ᠤ  ᠴᠡᠭ  ᠢᠶᠠᠷ  ᠳᠡᠭᠡᠭᠰᠢᠯᠡᠵᠦ᠂ ᠴᠢᠳᠠᠪᠤᠷᠢᠲᠠᠨ ᠬᠥᠮᠥᠵᠢᠭᠦᠯᠬᠦ  

ᠬᠡᠪᠴᠢᠶ᠎ᠡ  ᠪᠠ  ᠪᠦᠲᠦᠴᠡ ᠦᠷᠭᠦᠯᠵᠢᠯᠡᠨ  ᠰᠢᠯᠢᠳᠡᠭᠵᠢᠪᠡ᠃ ᠭᠤᠷᠪᠠ ᠳᠤ ᠰᠢᠨᠵᠢᠯᠡᠬᠦ ᠤᠬᠠᠭᠠᠨ ᠲᠧᠭᠨᠢᠭ

ᠮᠡᠷᠭᠡᠵᠢᠯ ᠤᠨ ᠲᠠᠯ᠎ᠠ ᠪᠠᠷ   ᠬᠢ ᠰᠢᠨ᠎ᠡ ᠶᠢ ᠡᠭᠦᠳᠬᠦ ᠪᠠ ᠨᠡᠶᠢᠭᠡᠮ ᠤᠨ ᠦᠢᠯᠡᠴᠢᠯᠡᠭᠡᠨ ᠤ ᠴᠢᠳᠠᠪᠤᠷᠢ ᠪᠠᠨ ᠠᠯᠬᠤᠮ

ᠠᠯᠬᠤᠮ ᠢᠶᠠᠷ ᠴᠢᠩᠭᠠᠷᠠᠭᠤᠯᠪᠠ᠃ 2021 ᠠᠴᠠ 2023 ᠣᠨ ᠪᠣᠯᠲᠠᠯ᠎ᠠ᠂ ᠤᠯᠤᠰ ᠤᠨ ᠲᠠᠰ ᠤᠨ ᠰᠢᠨᠵᠢᠯᠡᠬᠦ

ᠤᠬᠠᠭᠠᠨ ᠤ ᠰᠤᠳᠤᠯᠭᠠᠨ ᠤ ᠲᠥᠷᠥᠯ ᠵᠦᠢᠯ ᠨᠡᠶᠢᠲᠡ 1146 ᠰᠢᠨ᠎ᠡ ᠪᠠᠷ ᠨᠡᠮᠡᠭᠳᠡᠵᠦ᠂ 5.79 ᠳ᠋ᠦᠩᠰᠢᠭᠤᠷ

ᠲᠥᠭᠦᠷᠢᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠮᠥᠩᠭᠦ ᠶᠢᠨ ᠵᠥᠪᠰᠢᠶᠡᠷᠡᠯ ᠣᠯᠪᠠ︔ ᠮᠤᠵᠢ ᠶᠢᠨ

ᠲᠠᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠨᠡᠶᠢᠲᠡ 5121 ᠰᠢᠨ᠎ᠡ ᠪᠠᠷ ᠨᠡᠮᠡᠭᠳᠡᠵᠦ᠂ 10.

56 ᠳ᠋ᠦᠩᠰᠢᠭᠤᠷ ᠲᠥᠭᠦᠷᠢᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠮᠥᠩᠭᠦ ᠶᠢᠨ ᠵᠥᠪᠰᠢᠶᠡᠷᠡᠯ

ᠣᠯᠵᠤ᠂ ᠲᠤᠰᠬᠠᠢ ᠠᠰᠢᠭ ᠢ ᠰᠢᠯᠵᠢᠭᠦᠯᠦᠨ ᠥᠭᠭᠦᠭᠰᠡᠨ ᠵᠢᠴᠢ ᠵᠥᠪᠰᠢᠶᠡᠷᠡᠭᠳᠡᠭᠰᠡᠨ ᠭᠡᠷ᠎ᠡ ᠶᠢᠨ ᠲᠤᠭ᠎ᠠ ᠨᠡᠶᠢᠲᠡ

80 ᠪᠠᠶᠢᠵᠤ᠂ ᠲᠤᠰᠬᠠᠢ ᠠᠰᠢᠭ ᠢᠶᠠᠨ ᠬᠤᠪᠢᠷᠠᠭᠤᠯᠤᠭᠠᠳ ᠨᠡᠶᠢᠲᠡ 1177 ᠲᠦᠮᠡᠨ ᠲᠥᠭᠦᠷᠢᠭ ᠬᠦᠷᠲᠡᠪᠡ᠃

︵ᠰᠤᠷᠭᠠᠨ ᠬᠥᠮᠦᠵᠢᠯ ᠤᠨ ᠲᠢᠩᠬᠢᠮ︶

 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号