ᠤᠯᠠᠭᠠᠢ ᠥᠯᠥ ᠬᠥᠳᠡᠯᠬᠦ ᠬᠥᠷᠥᠩᠭᠡ ᠨᠢ ︽ᠮᠥᠩᠬᠡ ᠰᠤᠪᠠᠭ︾ ︽ᠨᠢᠭᠡ ᠯᠡ ᠤᠳᠠᠭ᠎ᠠ ᠳᠤ ᠭᠦᠢᠴᠡᠳᠬᠡᠬᠦ︾ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠠᠵᠢᠯ ᠶᠠᠪᠤᠳᠠᠯ ᠭᠦᠢᠴᠡᠳᠬᠡᠬᠦ ᠳᠤ ᠬᠤᠷᠳᠤᠴᠠ ᠲᠠᠢ ᠦᠢᠯᠡᠴᠢᠯᠡᠭᠡ ᠶᠢ ᠳᠤᠯᠠᠭᠠᠴᠠᠭᠤᠯᠪᠠ
ᠨᠡᠶᠢᠲᠡᠯᠡᠭᠰᠡᠨ ᠴᠠᠭ᠄
2024/8/30

    ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠵᠠᠰᠠᠭ ᠤᠨ

ᠶᠠᠪᠤᠳᠠᠯ ᠤᠨ ᠦᠢᠯᠡᠴᠢᠯᠡᠭᠡᠨ ᠤ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠥᠭᠡᠷᠡᠴᠢᠯᠡᠯᠲᠡ ᠶᠢ ᠲᠦᠷᠭᠡᠳᠬᠡᠨ

ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ

ᠰᠠᠭᠤᠷᠢ ᠶᠢ ᠪᠠᠲᠤᠳᠬᠠᠨ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠦᠯᠵᠢᠶᠡᠨ ᠳᠡᠭᠡᠷ᠎ᠡ ᠭᠦᠢᠴᠡᠳᠬᠡᠬᠦ᠂ ᠠᠯᠠᠭᠠᠨ

ᠳᠡᠭᠡᠷ᠎ᠡ ᠭᠦᠢᠴᠡᠳᠬᠡᠬᠦ ᠶᠢ ᠪᠡᠶᠡᠯᠡᠭᠦᠯᠬᠦ ᠶᠢᠨ ᠲᠥᠯᠥᠭᠡ᠂ ᠤᠯᠠᠭᠠᠢ ᠬᠠᠮᠢᠶᠠᠷᠤᠯᠲᠠ ᠶᠢᠨ ᠣᠷᠣᠨ ᠤ ᠥᠯᠥ ᠬᠥᠳᠡᠯᠬᠦ

ᠬᠥᠷᠥᠩᠭᠡ ᠶᠢ ᠳᠡᠩᠰᠡᠯᠡᠨ ᠲᠡᠮᠳᠡᠭᠯᠡᠬᠦ ᠦᠢᠯᠡᠴᠢᠯᠡᠭᠡᠨ ᠤ ᠲᠥᠪ ᠬᠢᠨᠠᠨ ᠵᠥᠪᠰᠢᠶᠡᠷᠡᠬᠦ ᠦᠢᠯᠡᠴᠢᠯᠡᠭᠡ ᠶᠢ

ᠳᠥᠭᠦᠮᠴᠢᠯᠡᠬᠦ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ︽ᠮᠥᠩᠬᠡ ᠰᠤᠪᠠᠭ · ᠨᠢᠭᠡ ᠯᠡ ᠤᠳᠠᠭ᠎ᠠ ᠳᠤ

ᠭᠦᠢᠴᠡᠳᠬᠡᠬᠦ︾ ᠪᠠᠷ  ᠭᠠᠷᠳᠠᠴᠠ ᠪᠣᠯᠭᠠᠵᠤ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠠᠴᠠ ︽ᠨᠢᠭᠡ ᠯᠡ

ᠤᠳᠠᠭ᠎ᠠ ᠳᠤ ᠭᠦᠢᠴᠡᠳᠬᠡᠬᠦ︾ ᠪᠣᠯᠲᠠᠯ᠎ᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠤᠷᠳᠤᠴᠠ ᠶᠢ ᠲᠦᠷᠭᠡᠳᠬᠡᠵᠦ᠂

ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠦᠷ᠎ᠡ ᠪᠦᠲᠦᠮᠵᠢ ᠪᠠ ᠶᠠᠰᠤ ᠴᠢᠨᠠᠷ ᠢ

ᠳᠡᠭᠡᠭᠰᠢᠯᠡᠭᠦᠯᠦᠨ᠎ᠡ᠃

    ᠣᠶᠢᠷ᠎ᠠ ᠳᠤ᠂ ᠣᠯᠠᠨ ᠲᠦᠮᠡᠨ ᠤ ᠬᠠᠢ ᠠᠪᠤᠭᠠᠢ ᠤᠯᠠᠭᠠᠢ ᠥᠯᠥ ᠬᠥᠳᠡᠯᠬᠦ ᠬᠥᠷᠥᠩᠭᠡ ᠶᠢᠨ ᠴᠣᠩᠬᠤᠨ ᠳᠤ

ᠬᠦᠷᠴᠦ᠂ ᠲᠡᠷᠡ ᠥᠪᠡᠷ ᠢᠶᠠᠨ ᠨᠢᠭᠡ ᠢᠵᠢ ᠭᠡᠷ ᠬᠤᠳᠠᠯᠳᠤᠨ ᠠᠪᠴᠤ ᠬᠡᠦᠬᠡᠳ ᠲᠡᠭᠡᠨ ᠰᠤᠷᠭᠠᠭᠤᠯᠢ ᠳᠤ ᠣᠷᠣᠵᠤ

ᠡᠷᠦᠬᠡ ᠠᠮᠠ ᠣᠷᠣᠭᠤᠯᠬᠤ ᠳᠤ ᠬᠡᠷᠡᠭᠯᠡᠬᠦ ᠰᠠᠨᠠᠭ᠎ᠠ ᠲᠠᠢ ᠭᠡᠵᠦ ᠢᠯᠡᠷᠬᠡᠶᠢᠯᠡᠵᠡᠢ᠂ ᠭᠡᠪᠡᠴᠦ ᠭᠡᠷ ᠤᠨ ᠡᠵᠡᠨ ᠭᠠᠳᠠᠨ᠎ᠠ

ᠣᠷᠣᠨ ᠳᠤ ᠠᠵᠢᠯᠯᠠᠵᠤ ᠪᠠᠶᠢᠭᠠᠳ ᠭᠡᠷ ᠢᠶᠠᠨ ᠰᠣᠯᠢᠵᠤ ᠥᠭᠴᠦ ᠳᠡᠶᠢᠯᠬᠦ ᠦᠭᠡᠢ ᠪᠠᠶᠢᠪᠠ᠃ ᠴᠣᠩᠬᠤᠨ ᠤ

ᠠᠵᠢᠯᠲᠠᠳ ᠪᠠᠶᠢᠳᠠᠯ ᠢ ᠨᠠᠷᠢᠨ ᠣᠶᠢᠯᠠᠭᠠᠭᠰᠠᠨ ᠤ ᠳᠠᠷᠠᠭ᠎ᠠ ᠬᠠᠢ ᠠᠪᠤᠭᠠᠢ ᠭᠠᠷ ᠤᠲᠠᠰᠤ ᠪᠠᠷ ᠮᠥᠩᠬᠡ ᠰᠤᠪᠠᠭ

APP ᠶᠢ ᠬᠡᠷᠡᠭᠯᠡᠨ ᠭᠠᠷ ᠤᠲᠠᠰᠤ ᠪᠠᠷ ᠡᠷᠦᠬᠡ ᠰᠢᠯᠵᠢᠭᠦᠯᠬᠦ ᠲᠤᠬᠠᠶᠢᠯᠠᠭᠰᠠᠨ ᠠᠵᠢᠯ ᠢ ᠭᠦᠢᠴᠡᠳᠬᠡᠵᠦ ᠪᠣᠯᠣᠨ᠎ᠠ

ᠭᠡᠵᠦ ᠰᠠᠨᠠᠭᠤᠯᠪᠠ᠃ ᠡᠩ ᠲᠡᠷᠢᠭᠦᠨ ᠳᠤ ᠭᠠᠷ ᠤᠲᠠᠰᠤᠨ ᠤ ᠮᠥᠩᠬᠡ ᠰᠤᠪᠠᠭ APP ᠳᠡᠭᠡᠷ᠎ᠡ ᠥᠯᠥ ᠬᠥᠳᠡᠯᠬᠦ

ᠬᠥᠷᠥᠩᠭᠡ ᠶᠢ ᠰᠢᠯᠵᠢᠭᠦᠯᠬᠦ ᠲᠤᠬᠠᠶᠢᠯᠠᠭᠰᠠᠨ ᠠᠵᠢᠯ ᠢ ᠭᠤᠶᠤᠴᠢᠯᠠᠵᠤ᠂ ᠳᠠᠮᠵᠢᠭᠤᠯᠤᠨ ᠬᠦᠷᠭᠡᠭᠰᠡᠨ ᠤ ᠳᠠᠷᠠᠭ᠎ᠠ ᠰᠠᠶ᠋ᠢ

ᠬᠤᠳᠠᠯᠳᠤᠨ ᠠᠪᠬᠤ ᠲᠠᠯ᠎ᠠ ᠠᠴᠠ ᠭᠤᠶᠤᠴᠢᠯᠠᠨ᠎ᠠ᠃ ᠴᠣᠩᠬᠤᠨ ᠤ ᠠᠵᠢᠯᠲᠠᠨ ᠤ ᠬᠦᠯᠢᠴᠡᠩᠭᠦᠢ ᠵᠢᠯᠣᠭᠤᠳᠤᠯᠭ᠎ᠠ ᠪᠠ

ᠬᠠᠪᠰᠤᠷᠤᠯᠭ᠎ᠠ ᠪᠠᠷ ᠬᠠᠢ ᠠᠪᠤᠭᠠᠢ ᠱᠦᠨ ᠯᠢ ᠭᠠᠵᠠᠷ ᠭᠠᠷ ᠳᠠᠮᠵᠢᠭᠰᠠᠨ ᠭᠡᠷ ᠪᠠᠶᠢᠰᠢᠩ ᠢ ᠡᠷᠦᠬᠡ ᠰᠢᠯᠵᠢᠭᠦᠯᠵᠦ᠂

ᠣᠯᠠᠨ ᠲᠦᠮᠡᠨ ᠤ ᠳᠡᠭᠡᠳᠦ ᠬᠡᠮᠵᠢᠶᠡᠨ ᠤ ᠮᠠᠭᠲᠠᠭᠠᠯ ᠰᠠᠶᠢᠰᠢᠶᠠᠯ ᠢ ᠣᠯᠪᠠ᠃ ᠮᠥᠩᠬᠡ ᠰᠤᠪᠠᠭ APP ᠶᠢᠨ ︽ᠥᠯᠥ

ᠬᠥᠳᠡᠯᠬᠦ ᠬᠥᠷᠥᠩᠭᠡ ᠶᠢᠨ ᠳᠠᠩᠰᠠᠯᠠᠯᠲᠠ︾ ᠶᠢᠨ ᠦᠢᠯᠡᠴᠢᠯᠡᠭᠡᠨ ᠤ ︽ᠲᠡᠷᠢᠭᠦᠨ ᠬᠠᠭᠤᠳᠠᠰᠤ︾ ᠳᠤ ︽ᠤᠷᠢᠳᠴᠢᠯᠠᠨ

ᠪᠣᠯᠵᠣᠵᠤ ᠳ᠋ᠤᠭᠠᠷᠯᠠᠬᠤ᠂ ᠰᠢᠯᠵᠢᠭᠦᠯᠬᠦ ᠳᠡᠩᠰᠡᠯᠡᠨ ᠲᠡᠮᠳᠡᠭᠯᠡᠬᠦ᠂ ᠠᠬᠢᠴᠠ ᠶᠢ ᠪᠠᠶᠢᠴᠠᠭᠠᠨ ᠯᠠᠪᠯᠠᠬᠤ᠂ ᠥᠯᠥ ᠬᠥᠳᠡᠯᠬᠦ

ᠬᠥᠷᠥᠩᠭᠡ ᠶᠢᠨ ᠭᠡᠷᠡᠴᠢᠯᠡᠯ︾ ᠵᠡᠷᠭᠡ ᠥᠯᠥ ᠬᠥᠳᠡᠯᠬᠦ ᠬᠥᠷᠥᠩᠭᠡ ᠶᠢᠨ ᠬᠠᠮᠢᠶ᠎ᠠ ᠪᠦᠬᠦᠢ ᠭᠦᠢᠴᠡᠳᠬᠡᠵᠦ ᠪᠣᠯᠬᠤ᠂

ᠪᠠᠶᠢᠴᠠᠭᠠᠵᠤ ᠪᠣᠯᠬᠤ ᠵᠦᠢᠯᠡᠰ ᠢ ᠪᠠᠭᠲᠠᠭᠠᠨ᠎ᠠ᠃ ︽ᠤᠯᠤᠰ ᠤᠨ ᠥᠮᠴᠢᠯᠡᠯᠲᠦ ᠪᠦᠲᠦᠭᠡᠨ ᠪᠠᠶᠢᠭᠤᠯᠤᠯᠲᠠ ᠳᠤ

ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠵᠢᠴᠢ ᠭᠡᠷ ᠪᠠᠶᠢᠰᠢᠩ ᠤᠨ ᠥᠮᠴᠢᠯᠡᠬᠦ ᠡᠷᠬᠡ︾᠂ ︽ᠤᠯᠤᠰ ᠤᠨ ᠥᠮᠴᠢᠯᠡᠯᠲᠦ

ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ︾᠂ ︽ᠪᠡᠷᠢᠴᠠᠭᠠᠨ ᠤ ᠡᠷᠬᠡ ᠶᠢᠨ ᠳᠠᠩᠰᠠᠯᠠᠯᠲᠠ︾

ᠵᠡᠷᠭᠡ ᠲᠤᠬᠠᠶᠢᠯᠠᠭᠰᠠᠨ ᠠᠵᠢᠯ ᠤᠨ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠢ ᠪᠠᠶᠢᠴᠠᠭᠠᠨ ᠯᠠᠪᠯᠠᠵᠤ᠂ ᠠᠯᠠᠭᠠᠨ

ᠳᠡᠭᠡᠷ᠎ᠡ ᠪᠠᠨ ᠭᠦᠢᠴᠡᠳᠬᠡᠬᠦ᠂ ᠪᠠᠶᠢᠴᠠᠭᠠᠨ ᠯᠠᠪᠯᠠᠬᠤ ᠴᠢᠬᠤᠯᠠᠲᠠᠢ ᠥᠯᠥ ᠬᠥᠳᠡᠯᠬᠦ ᠬᠥᠷᠥᠩᠭᠡ ᠶᠢᠨ ᠬᠠᠮᠢᠶ᠎ᠠ ᠪᠦᠬᠦᠢ

ᠲᠤᠬᠠᠶᠢᠯᠠᠭᠰᠠᠨ ᠠᠵᠢᠯ ᠢ ᠴᠠᠭ ᠢᠮᠠᠭᠲᠠ ᠪᠡᠶᠡᠯᠡᠭᠦᠯᠵᠦ᠂ ᠣᠯᠠᠨ ᠲᠦᠮᠡᠨ ᠢ ᠣᠷᠣᠨ ᠰᠠᠭᠤᠴᠠ ᠶᠢᠨ ᠬᠠᠮᠢᠶ᠎ᠠ ᠪᠦᠬᠦᠢ

ᠮᠡᠳᠡᠭᠡ ᠵᠠᠩᠭᠢ ᠶᠢ ᠴᠠᠭ ᠢᠮᠠᠭᠲᠠ ᠪᠠᠶᠢᠴᠠᠭᠠᠨ ᠯᠠᠪᠯᠠᠵᠤ᠂ ᠴᠠᠭ ᠤᠨ ᠥᠪᠡᠷ ᠤᠨ ᠥᠷᠲᠡᠭ ᠢ ᠲᠤᠶᠢᠯ ᠤᠨ ᠶᠡᠭᠡ ᠪᠠᠷ

ᠠᠷᠪᠢᠯᠠᠵᠤ᠂ ︽ᠲᠤᠭ᠎ᠠ ᠪᠠᠷᠢᠮᠲᠠ ᠶᠢ ᠢᠯᠡᠭᠦᠬᠡᠨ ᠭᠦᠶᠦᠯᠭᠡᠵᠦ᠂ ᠠᠵᠤ ᠠᠬᠤᠶᠢᠯᠠᠯ ᠪᠠ ᠣᠯᠠᠨ ᠲᠦᠮᠡᠨ ᠢ ᠳᠤᠲᠠᠭᠤ

ᠭᠦᠶᠦᠯᠭᠡᠬᠦ︾ ᠶᠢ ᠦᠨᠡᠨ ᠬᠦ ᠪᠡᠶᠡᠯᠡᠭᠦᠯᠪᠡ᠃

    ᠤᠯᠠᠭᠠᠢ ᠬᠠᠮᠢᠶᠠᠷᠤᠯᠲᠠ ᠶᠢᠨ ᠣᠷᠣᠨ ᠤ ᠲᠣᠭᠲᠠᠮᠠᠯ ᠬᠥᠷᠥᠩᠭᠡ ᠶᠢ ᠳᠠᠩᠰᠠᠯᠠᠬᠤ ᠦᠢᠯᠡᠴᠢᠯᠡᠭᠡᠨ ᠤ ᠲᠥᠪ

ᠦᠷᠭᠦᠯᠵᠢᠯᠡᠨ︽ᠠᠯᠠᠭᠠᠨ ᠳᠡᠭᠡᠷ᠎ᠡ ᠭᠦᠢᠴᠡᠳᠬᠡᠬᠦ︾ ᠠᠭᠤᠯᠭ᠎ᠠ ᠶᠢ ᠥᠷᠭᠡᠳᠬᠡᠵᠦ᠂ ᠠᠵᠢᠯ ᠶᠠᠪᠤᠳᠠᠯ ᠭᠦᠢᠴᠡᠳᠬᠡᠬᠦ

ᠠᠷᠭ᠎ᠠ ᠵᠠᠮ ᠢ ᠪᠠᠶᠠᠯᠢᠭᠵᠢᠭᠤᠯᠵᠤ᠂ ᠨᠡᠩ ᠣᠯᠠᠨ ᠠᠷᠠᠳ ᠲᠤ ᠳᠥᠭᠦᠮ ᠦᠵᠡᠭᠦᠯᠵᠦ ᠠᠵᠤ ᠠᠬᠤᠶᠢᠯᠠᠯ ᠳᠤ ᠠᠱᠢᠭ

ᠬᠦᠷᠲᠡᠭᠡᠬᠦ ᠲᠤᠬᠠᠶᠢᠯᠠᠭᠰᠠᠨ ᠠᠵᠢᠯ ᠢ︽ᠰᠦᠯᠵᠢᠶᠡᠨ ᠳᠡᠭᠡᠷ᠎ᠡ ᠭᠦᠢᠴᠡᠳᠬᠡᠬᠦ︾  ᠠᠴᠠ︽ᠠᠯᠠᠭᠠᠨ ᠳᠡᠭᠡᠷ᠎ᠡ

ᠭᠦᠢᠴᠡᠳᠬᠡᠬᠦ︾ ᠳᠠᠱᠢ ᠱᠢᠯᠵᠢᠭᠦᠯᠵᠦ᠂ ᠣᠳᠣᠬᠠᠨ ᠤ ᠰᠠᠭᠤᠷᠢᠨ ᠳᠡᠭᠡᠷ᠎ᠡ ᠱᠢᠨ᠎ᠡ ᠴᠠᠭ ᠦᠶ᠎ᠡ ᠳᠣᠣᠷᠠᠬᠢ︽ᠢᠨᠲ᠋ᠧᠷ

ᠰᠦᠯᠵᠢᠶᠡᠨ ᠤ ᠠᠯᠠᠭᠠᠨ ᠳᠡᠭᠡᠷ᠎ᠡ ᠭᠦᠢᠴᠡᠳᠬᠡᠬᠦ︾ ᠱᠢᠨ᠎ᠡ ᠪᠣᠯᠣᠯᠴᠠᠭ᠎ᠠ ᠶᠢ ᠬᠠᠶᠢᠨ ᠰᠦᠪᠡᠭᠴᠢᠯᠡ ‍ᠨ᠎ᠡ

 
ᠢᠷᠡᠯᠲᠡ᠄ ᠤᠯᠠᠭᠠᠶ ᠬᠠᠮᠢᠶᠠᠷᠤᠯᠲᠠ ᠶᠢᠨ ᠣᠷᠣᠨ ᠤ ᠵᠠᠰᠠᠭ ᠤᠨ ᠶᠠᠪᠤᠳᠠᠯ ᠤᠨ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号