ᠳᠤᠮᠳᠠᠳᠤ ᠤᠯᠤᠰ ᠤᠨ ᠤᠨᠲᠠᠯᠭ᠎ᠠ ᠶᠢᠨ ᠰᠤᠳᠤᠯᠭᠠᠨ ᠤ ᠨᠡᠶᠢᠭᠡᠮᠯᠢᠭ ᠤᠨ ᠨᠡᠶᠢᠲᠡᠯᠡᠭᠰᠡᠨ ᠲᠤᠭ᠎ᠠ | ᠪᠠᠷᠢᠮᠲᠠ ᠠᠴᠠ ᠦᠵᠡᠪᠡᠯ᠂ ᠳᠤᠮᠳᠠᠳᠤ ᠤᠯᠤᠰ ᠤᠨ ᠨᠠᠰᠤᠨ ᠳᠤ ᠭᠦᠷᠦᠭᠰᠡᠳ ᠤᠨ ᠨᠣᠶᠢᠷ ᠬᠤᠯᠵᠢᠬᠤ ᠨᠣᠷᠮ᠎ᠠ 38. | 2% ᠬᠦᠷᠴᠡᠢ᠃ ᠨᠣᠶᠢᠷ ᠬᠤᠯᠵᠢᠪᠠᠯ ᠶᠠᠭᠠᠬᠢᠬᠤ ᠪᠤᠢ︖ ᠬᠡᠷᠬᠢᠨ ᠲᠦᠷᠭᠡᠨ ᠤᠨᠲᠠᠬᠤ ᠪᠣᠢ︖ ᠨᠡᠶᠢᠰᠯᠡᠯ ᠤᠨ | ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠪᠡᠭᠡᠵᠢᠩ ᠤᠨ ᠠᠨ ᠵᠧᠨ ᠡᠮᠨᠡᠯᠭᠡ ᠶᠢᠨ ᠬᠤᠷᠢᠶᠠᠨ ᠤ | ᠤᠨᠲᠠᠯᠭ᠎ᠠ ᠶᠢᠨ ᠠᠨᠠᠭᠠᠬᠤ ᠤᠬᠠᠭᠠᠨ ᠤ ᠲᠥᠪ ᠤᠨ ᠳᠡᠳ᠋ ᠡᠷᠬᠢᠯᠡᠭᠴᠢ ᠡᠮᠴᠢ ᠰᠢ ᠰᠢᠨ ᠢᠯᠡᠷᠬᠡᠶᠢᠯᠡᠬᠦ ᠳᠡᠭᠡᠨ᠂ ᠨᠣᠶᠢᠷ | ᠬᠤᠯᠵᠢᠬᠤ ᠶᠢ ᠵᠠᠭᠠᠭᠯᠠᠨ ᠲᠣᠭᠲᠠᠭᠠᠬᠤ ᠲᠤᠶᠢᠯ ᠤᠨ ᠴᠢᠩᠭ᠎ᠠ ᠪᠠᠷᠢᠮᠵᠢᠶ᠎ᠠ ᠲᠠᠢ ᠪᠠᠶᠢᠳᠠᠭ᠂ ᠰᠠᠶᠢᠨ ᠰᠠᠶᠢᠬᠠᠨ | ᠤᠨᠲᠠᠯᠭ᠎ᠠ ᠶᠢᠨ ᠣᠷᠴᠢᠨ ᠨᠥᠬᠦᠴᠡᠯ ᠲᠠᠢ ᠪᠠᠶᠢᠬᠤ ᠤᠷᠢᠲᠠᠯ ᠳᠣᠣᠷ᠎ᠠ᠂ 30 ᠮᠢᠨᠦ᠋ᠲ ᠥᠩᠭᠡᠷᠡᠲᠡᠯ᠎ᠡ ᠤᠨᠲᠠᠵᠤ | ᠲᠡᠶᠢᠯᠬᠦ ᠦᠭᠡᠢ ᠪᠠᠶᠢᠬᠤ᠂ ᠤᠨᠲᠠᠬᠤ ᠨᠢ ᠰᠡᠷᠭᠡᠭ ᠠᠮᠠᠷᠬᠠᠨ ᠰᠡᠷᠢᠬᠦ᠂ ᠤᠨᠲᠠᠬᠤ ᠴᠠᠭ ᠨᠢᠣᠬᠤᠷ ᠪᠠᠶᠢᠬᠤ | ᠡᠪᠡᠳᠴᠢᠨ ᠤ ᠢᠯᠡᠷᠡᠯ ᠭᠠᠷᠪᠠᠯ ᠰᠠᠶ᠋ᠢ ᠨᠣᠶᠢᠷ ᠬᠤᠯᠵᠢᠭᠰᠠᠨ ᠢᠶᠠᠷ ᠣᠨᠣᠰᠢᠯᠠᠵᠤ ᠪᠣᠯᠣᠨ᠎ᠠ᠃ | ᠬᠡᠷᠪᠡ ᠨᠣᠶᠢᠷ ᠬᠤᠯᠵᠢᠬᠤ ᠪᠠᠶᠢᠳᠠᠯ ᠢᠯᠡᠷᠡᠭᠰᠡᠨ ᠪᠣᠯᠪᠠᠴᠤ ᠮᠥᠨ ᠯᠡ ᠣᠷᠣᠨ ᠳᠡᠭᠡᠷ᠎ᠡ ᠪᠠᠨ ᠬᠡᠪᠲᠡᠭᠡᠳ | ᠥᠪᠡᠷ ᠢ ᠪᠠᠨ ᠠᠯᠪᠠᠳᠠᠵᠤ ᠪᠠᠶᠢᠭᠠᠳ ᠤᠨᠲᠠᠭᠤᠯᠪᠠᠯ᠂ ᠮᠠᠰᠢ ᠶᠡᠭᠡ ᠳᠠᠷᠤᠯᠲᠠ ᠲᠠᠢ ᠪᠣᠯᠣᠨ᠎ᠠ᠃ ᠡᠩ ᠤᠨ ᠪᠠᠶᠢᠳᠠᠯ ᠳᠤ᠂ | ᠬᠡᠷᠪᠡ ᠬᠠᠭᠠᠰ ᠴᠠᠭ ᠢᠯᠡᠭᠦᠦ ᠬᠡᠪᠲᠡᠭᠡᠳ ᠪᠠᠰᠠ ᠤᠨᠲᠠᠵᠤ ᠣᠷᠣᠬᠤ ᠦᠭᠡᠢ ᠪᠣᠯ ᠪᠣᠰᠬᠤ ᠶᠢ ᠰᠠᠨᠠᠭᠤᠯᠤᠶ᠎ᠠ᠃ ᠪᠢᠳᠡ | ᠤᠨᠲᠠᠬᠤ ᠪᠠ ᠣᠷᠣ ᠶᠢᠨ ᠬᠤᠭᠤᠷᠣᠨᠳᠣᠬᠢ ᠪᠣᠯᠵᠣᠯᠲᠤ ᠣᠶᠢᠯᠲᠠ ᠶᠢ ᠪᠣᠢ ᠪᠣᠯᠭᠠᠵᠤ᠂ ᠨᠣᠶᠢᠷ ᠬᠦᠷᠬᠦ ᠦᠶ᠎ᠡ ᠳᠤ | ᠨᠣᠶᠢᠷᠰᠤᠬᠤ ᠬᠡᠷᠡᠭᠲᠡᠢ᠂ ᠡᠰᠡ ᠲᠡᠭᠡᠪᠡᠯ ᠣᠷᠣᠨ ᠳᠡᠭᠡᠷ᠎ᠡ ᠪᠠᠨ ᠠᠯᠪᠠᠳᠠᠯᠭ᠎ᠠ ᠪᠠᠷ ᠬᠡᠪᠲᠡᠵᠦ ᠪᠣᠯᠬᠤ ᠦᠭᠡᠢ᠂ | ᠡᠭᠦᠨ ᠤ ᠬᠠᠮᠲᠤ ᠤᠨᠲᠠᠬᠤ ᠲᠠᠢ ᠬᠠᠮᠢᠶ᠎ᠠ ᠦᠭᠡᠢ ᠶᠠᠪᠤᠳᠠᠯ ᠢ ᠬᠢᠵᠦ ᠪᠣᠯᠬᠤ ᠦᠭᠡᠢ᠂ ᠵᠢᠱᠢᠶᠡᠯᠡᠪᠡᠯ ᠭᠠᠷ | ᠤᠲᠠᠰᠤ ᠨᠠᠭᠠᠳᠬᠤ ᠪᠤᠯᠬᠤ ᠦᠭᠡᠢ᠂ ᠶᠠᠭᠤᠮ᠎ᠠ ᠢᠳᠡᠵᠦ ᠪᠣᠯᠬᠤ ᠦᠭᠡᠢ ᠭᠡᠵᠡᠢ᠃ | ᠨᠣᠶᠢᠷ ᠬᠤᠯᠵᠢᠬᠤ ᠦᠶ᠎ᠡ ᠳᠤ ᠣᠯᠠᠩᠬᠢ ᠬᠥᠮᠥᠰ ᠬᠤᠨᠢ ᠲᠣᠭᠠᠯᠠᠳᠠᠭ᠃ ᠦᠨᠡᠨ ᠳᠡᠭᠡᠨ ᠬᠤᠨᠢ ᠲᠣᠭᠠᠯᠠᠬᠤ ᠨᠢ | ᠬᠥᠮᠥᠰ ᠲᠤ ᠤᠯᠠᠮ ᠢᠯᠡᠭᠦᠦ ᠪᠠᠴᠢᠮᠳᠠᠬᠤ ᠰᠡᠳᠬᠢᠯᠭᠡ ᠶᠢ ᠠᠪᠴᠢᠷᠠᠵᠤ᠂ ᠨᠣᠶᠢᠷ ᠬᠤᠯᠵᠢᠬᠤ ᠶᠢ ᠬᠦᠨᠳᠦᠷᠡᠭᠦᠯᠦᠨ᠎ᠡ᠃ | ᠰᠢ ᠰᠢᠨ ᠵᠢᠭᠠᠬᠤ ᠳᠠᠭᠠᠨ᠂ ᠬᠠᠶᠠ ᠨᠣᠶᠢᠷ ᠬᠤᠯᠵᠢᠬᠤ ᠨᠢ ᠬᠥᠮᠥᠨ ᠤ ᠪᠡᠶ᠎ᠡ ᠳᠤ ᠲᠡᠶᠢᠮᠦ ᠶᠡᠭᠡ ᠨᠥᠯᠥᠭᠡ ᠪᠣᠯᠬᠤ | ᠦᠭᠡᠢ᠂ ᠡᠶᠢᠮᠦ ᠠᠴᠠ ᠰᠠᠨᠠᠭᠠᠨ ᠳᠠᠭᠠᠨ ᠠᠪᠤᠭᠰᠠᠨ ᠤ ᠬᠡᠷᠡᠭ ᠦᠭᠡᠢ᠃ ᠬᠡᠷᠪᠡ ᠨᠣᠶᠢᠷ ᠬᠤᠯᠵᠢᠬᠤ ᠳᠤ ᠬᠡᠲᠦᠷᠬᠡᠢ | ᠰᠠᠨᠠᠭ᠎ᠠ ᠵᠣᠪᠠᠪᠠᠯ᠂ ᠭᠡᠳᠡᠷᠭᠦ ᠪᠠᠨ ᠦᠷᠭᠦᠯᠵᠢᠯᠡᠨ ᠨᠣᠶᠢᠷ ᠬᠤᠯᠵᠢᠵᠤ᠂ ᠬᠤᠣᠷ ᠬᠥᠨᠥᠭᠡᠯ ᠤᠴᠠᠷᠠᠭᠤᠯᠬᠤ ᠪᠣᠯᠣᠨ᠎ᠠ᠃ | | ᠡᠶᠢᠮᠦ ᠨᠢᠭᠡᠨ ᠬᠥᠳᠡᠯᠭᠡᠭᠡᠨ ᠲᠠᠨ ᠢ ᠬᠤᠷᠳᠤᠨ ᠤᠨᠲᠠᠭᠤᠯᠤᠨ᠎ᠠ ᠰᠢᠭᠡᠵᠡᠢ ᠬᠤᠷᠤᠭᠤ ᠪᠠᠷ ᠢᠶᠠᠨ ᠴᠢᠬᠢᠨ | ᠤᠨᠵᠢᠯᠭ᠎ᠠ ᠶᠢ ᠳᠠᠷᠤᠵᠤ᠂ ᠪᠤᠰᠤᠳ ᠬᠡᠳᠦᠨ ᠬᠤᠷᠤᠭᠤ ᠪᠠᠨ ᠠᠶᠠᠨᠳᠠᠭᠠᠨ ᠰᠤᠯᠠ ᠲᠠᠯᠪᠢᠨ᠎ᠠ᠂ ᠡᠨᠡ ᠦᠶ᠎ᠡ ᠳᠤ ᠳᠤᠮᠳᠠ | ᠬᠤᠷᠤᠭᠤ ᠴᠢᠨᠢ ᠤᠨᠲᠠᠭᠤᠯᠬᠤ ᠪᠠᠯᠴᠢᠷ ᠢ ᠳᠠᠷᠤᠬᠤ ᠪᠣᠯᠬᠤᠷ ᠤᠨᠲᠠᠭᠤᠯᠬᠤ ᠪᠠᠯᠴᠢᠷ ᠨᠢ ᠱᠠᠷᠬᠢᠷᠠᠵᠤ ᠴᠢᠨᠦᠷᠡᠬᠦ ᠮᠡᠲᠦ | ᠰᠠᠨᠠᠭᠳᠠᠵᠤ᠂ ᠵᠢᠭᠠᠬᠠᠨ ᠳᠠᠷᠤᠭᠰᠠᠨ ᠤ ᠳᠠᠷᠠᠭ᠎ᠠ ᠨᠣᠶᠢᠷ ᠬᠦᠷᠴᠦ ᠡᠬᠢᠯᠡᠳᠡᠭ ᠶᠤᠮ ᠭᠡᠵᠡᠢ᠃ | | |