ᠲᠠᠩᠰᠤᠭ ᠰᠠᠶᠢᠬᠠᠨ ᠵᠢᠭᠰᠠᠭᠠᠯ ᠤᠨ ᠭᠠᠵᠠᠷ ᠨᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠢᠨ᠎ᠡ ᠬᠠᠭᠤᠳᠠᠰᠤ ᠶᠢ ᠵᠢᠷᠤᠭᠯᠠᠨ᠎ᠠ
ᠨᠡᠶᠢᠲᠡᠯᠡᠭᠰᠡᠨ ᠴᠠᠭ᠄
2024/8/30

    ᠣᠶᠢᠷ᠎ᠠ ᠶᠢᠨ ᠵᠢᠯ ᠠᠴᠠ ᠨᠠᠭᠠᠰᠢ᠂ ᠤᠯᠠᠭᠠᠢ ᠬᠠᠮᠢᠶᠠᠷᠤᠯᠲᠠ ᠶᠢᠨ ᠣᠷᠣᠨ ᠳᠤᠮᠳᠠᠳᠤ ᠶᠢᠨ ᠦᠨᠳᠦᠰᠦᠲᠡᠨ ᠤ

ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠥᠷᠲᠡᠭ ᠤᠨ ᠣᠶᠢᠯᠠᠭᠠᠭᠳᠠᠬᠤᠨ ᠢ ᠡᠯ᠎ᠡ ᠲᠥᠷᠥᠯ ᠤᠨ ᠰᠣᠶᠣᠯ

ᠵᠢᠭᠤᠯᠴᠢᠯᠠᠯ ᠤᠨ ᠠᠵᠢᠯᠯᠠᠭ᠎ᠠ ᠳᠤ ᠠᠭᠤᠰᠤᠯᠴᠠᠭᠤᠯᠵᠤ᠂ ᠣᠯᠠᠨ ᠵᠦᠢᠯ ᠤᠨ ᠦᠨᠳᠦᠰᠦᠲᠡᠨ ᠤ ᠠᠭᠤᠰᠤᠯᠴᠠᠯ ᠤᠨ

ᠵᠢᠭᠰᠠᠭᠠᠯ ᠤᠨ ᠭᠠᠵᠠᠷ ᠢ ᠪᠠᠶᠢᠭᠤᠯᠵᠤ᠂ ᠦᠨᠳᠦᠰᠦᠲᠡᠨ ᠨᠦᠭᠦᠳ ᠤᠨ ᠬᠠᠷᠢᠯᠴᠠᠨ ᠠᠭᠤᠰᠤᠯᠴᠠᠭᠰᠠᠨ᠂ ᠰᠠᠬᠢᠨ

ᠪᠠᠷᠠᠯᠠᠵᠤ ᠬᠠᠷᠢᠯᠴᠠᠨ ᠬᠠᠪᠰᠤᠷᠤᠯᠴᠠᠭᠰᠠᠨ ᠡᠶ᠎ᠡ ᠵᠣᠬᠢᠴᠠᠩᠭᠤᠢ ᠭᠡᠷ ᠣᠷᠣᠨ ᠢ ᠪᠠᠶᠢᠭᠤᠯᠪᠠ᠃

    ᠬᠤᠪᠢᠰᠬᠠᠯᠲᠤ ᠰᠣᠶᠣᠯ ᠢ ᠪᠠᠳᠠᠷᠠᠭᠤᠯᠵᠠᠢ᠃ ᠥᠪᠥᠷ ᠮᠣᠩᠭᠤᠯ ᠤᠨ ᠦᠢᠯᠡᠳᠪᠦᠷᠢᠯᠡᠯ ᠪᠦᠲᠦᠭᠡᠨ

ᠪᠠᠶᠢᠭᠤᠯᠤᠯᠲᠠ ᠶᠢᠨ ᠪᠢᠩᠲ᠋ᠤᠸᠠᠨ ᠤ ᠲᠡᠦᠬᠡ ᠶᠢᠨ ᠪᠣᠳᠠᠲᠤ ᠪᠠᠶᠢᠳᠠᠯ ᠳᠤ ᠲᠦᠰᠢᠭᠯᠡᠨ᠂ ᠬᠠᠮᠢᠶᠠᠷᠤᠯᠲᠠ ᠶᠢᠨ ᠣᠷᠣᠨ ᠤ

ᠪᠢᠩᠲ᠋ᠤᠸᠠᠨ ᠤ ᠰᠣᠶᠣᠯ ᠤᠨ ᠬᠦᠷᠢᠶᠡᠯᠡᠩ ᠢ ᠪᠠᠶᠢᠭᠤᠯᠵᠤ᠂ ᠪᠢᠩᠲ᠋ᠤᠸᠠᠨ ᠤ ᠲᠡᠦᠬᠡ ᠶᠢᠨ ᠳᠤᠷᠠᠰᠤᠮᠵᠢ ᠶᠢᠨ ᠣᠷᠳᠣᠨ᠂

ᠬᠤᠪᠢᠰᠬᠠᠯ ᠤᠨ ᠦᠯᠢᠭᠡᠷ ᠤᠨ ᠴᠤᠭᠯᠠᠭᠠᠨ ᠤ ᠦᠵᠡᠭᠦᠯᠦᠯᠭᠡ ᠶᠢᠨ ᠲᠢᠩᠬᠢᠮ᠂ ᠤᠰᠤᠨ ᠤ ᠠᠮᠢ ᠠᠬᠤᠢ ᠶᠢᠨ

ᠦᠵᠡᠭᠦᠯᠦᠯᠭᠡ ᠶᠢᠨ ᠲᠢᠩᠬᠢᠮ᠂ ᠠᠮᠤ ᠪᠤᠳᠠᠭᠠᠨ ᠤ ᠠᠮᠤᠷ ᠲᠦᠪᠰᠢᠨ ᠤ ᠬᠥᠮᠦᠵᠢᠯ ᠤᠨ ᠦᠵᠡᠭᠦᠯᠦᠯᠭᠡ ᠶᠢᠨ ᠲᠢᠩᠬᠢᠮ᠂

ᠰᠡᠬᠡᠭᠡᠲᠡᠨ ᠵᠠᠯᠠᠭᠤᠴᠤᠳ ᠤᠨ ᠠᠮᠢᠳᠤᠷᠠᠯ ᠢ  ᠣᠶᠢᠯᠠᠭᠠᠬᠤ  ᠬᠦᠷᠢᠶᠡᠯᠡᠩ᠂ ᠲᠠᠯ᠎ᠠ ᠨᠤᠲᠤᠭ ᠯᠠᠩ ᠰᠢᠨᠵᠢᠯᠡᠬᠦ

ᠤᠬᠠᠭᠠᠨ ᠢ ᠲᠦᠭᠡᠮᠡᠯᠵᠢᠭᠦᠯᠬᠦ ᠣᠷᠳᠣᠨ ᠵᠡᠷᠭᠡ 6 ᠦᠵᠡᠭᠦᠯᠦᠯᠭᠡ ᠶᠢᠨ ᠣᠷᠳᠣᠨ ᠤ ᠦᠵᠡᠭᠦᠯᠦᠯᠭᠡ ᠶᠢᠨ ᠲᠢᠩᠬᠢᠮ ᠢ

ᠲᠦᠬᠦᠷᠵᠢᠭᠦᠯᠦᠨ  ᠪᠠᠶᠢᠭᠤᠯᠪᠠ᠃ ︽ᠬᠠᠭᠤᠴᠢᠨ ᠢ ᠤᠯᠠᠮᠵᠢᠯᠠᠨ ᠨᠣᠭᠤᠭᠠᠷᠠᠭᠤᠯᠤᠯᠲᠠ ᠶᠢ ᠰᠠᠬᠢᠵᠤ᠂ ᠬᠠᠮᠲᠤᠪᠠᠷ

ᠵᠢᠱᠢᠶ᠎ᠡ ᠦᠵᠡᠭᠦᠯᠬᠦ︾ ᠪᠠᠷ ᠠᠴᠢᠶᠠᠯᠠᠪᠤᠷᠢ ᠪᠣᠯᠭᠠᠵᠤ᠂ ᠬᠤᠪᠢᠰᠬᠠᠯ ᠤᠨ ᠣᠶᠢᠯᠠᠭᠠᠬᠤ ᠬᠡᠯᠪᠡᠷᠢ ᠶᠢᠨ ᠰᠤᠷᠭᠠᠨ

ᠬᠥᠮᠦᠵᠢᠯ ᠤᠨ ᠵᠠᠭᠪᠤᠷ ᠤᠨ ᠰᠢᠨ᠎ᠡ ᠶᠢ ᠡᠭᠦᠳᠴᠦ᠂ ᠬᠤᠪᠢᠰᠬᠠᠯ ᠤᠨ ᠬᠥᠮᠦᠵᠢᠯ ᠪᠣᠯᠣᠨ ᠦᠨᠳᠦᠰᠦᠲᠡᠨ ᠨᠦᠭᠦᠳ ᠤᠨ

ᠬᠥᠭᠵᠢᠯᠲᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠤᠨ᠎ᠠ᠃ 2024 ᠣᠨ ᠳᠤ᠂ ᠬᠠᠮᠢᠶᠠᠷᠤᠯᠲᠠ ᠶᠢᠨ ᠣᠷᠣᠨ ᠤ

ᠪᠢᠩᠲ᠋ᠤᠸᠠᠨ ᠤ ᠰᠣᠶᠣᠯ ᠤᠨ ᠬᠦᠷᠢᠶᠡᠯᠡᠩ ᠨᠢᠭᠡᠨᠲᠡ ᠡᠯ᠎ᠡ ᠲᠦᠷᠦᠯ ᠤᠨ ᠵᠤᠭᠠᠴᠠᠭᠰᠠᠳ ᠢ 13400 ᠭᠠᠷᠤᠢ

ᠬᠥᠮᠥᠨ ᠤᠳᠠᠭ᠎ᠠ ᠬᠦᠯᠢᠶᠡᠨ ᠠᠪᠴᠠᠢ᠃

    ᠰᠣᠶᠣᠯ ᠵᠢᠭᠤᠯᠴᠢᠯᠠᠯ ᠤᠨ ᠡᠯ᠎ᠡ ᠲᠥᠷᠥᠯ ᠤᠨ ᠠᠵᠢᠯᠯᠠᠭ᠎ᠠ ᠦᠷᠨᠢᠭᠦᠯᠵᠡᠢ᠃ ᠡᠯ᠎ᠡ ᠲᠥᠷᠥᠯ ᠤᠨ ᠰᠣᠶᠣᠯ

ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠠᠯᠠᠪᠤᠷ ᠣᠷᠳᠣᠨ ᠢ ᠭᠦᠢᠴᠡᠳ ᠠᠰᠢᠭᠯᠠᠨ᠂ ᠣᠯᠠᠨ ᠲᠦᠮᠡᠨ ᠤ ᠦᠵᠡᠵᠦ

ᠰᠣᠨᠣᠰᠬᠤ ᠳᠤᠷᠠᠲᠠᠢ ᠡᠯ᠎ᠡ ᠵᠦᠢᠯ ᠤᠨ ᠪᠡᠶ᠎ᠡ ᠶᠢᠨ ᠲᠠᠮᠢᠷ ᠤᠨ ᠲᠥᠷᠥᠯ ᠵᠦᠢᠯ ᠢ ᠥᠷᠨᠢᠭᠦᠯᠵᠦ᠂ ᠲᠦᠭᠡᠮᠡᠯ

ᠬᠠᠷᠠᠭᠠᠯᠵᠠᠯ ᠤᠨ ᠴᠢᠨᠠᠷᠲᠠᠢ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠪᠠᠷ ᠳᠠᠮᠵᠢᠭᠤᠯᠤᠨ

ᠦᠨᠳᠦᠰᠦᠲᠡᠨ ᠨᠦᠭᠦᠳ ᠤᠨ ᠣᠯᠠᠨ ᠲᠦᠮᠡᠨ ᠢ ᠥᠷᠭᠡᠨ ᠢᠶᠠᠷ ᠬᠠᠷᠢᠯᠴᠠᠵᠤ᠂ ᠪᠥᠬᠦ ᠲᠠᠯ᠎ᠠ ᠪᠠᠷ ᠰᠣᠯᠢᠯᠴᠠᠪᠠ᠃

︽ᠦᠨᠳᠦᠰᠦᠲᠡᠨ ᠤ ᠪᠦᠯᠬᠦᠮᠳᠡᠯ ᠰᠣᠶᠣᠯ ᠵᠤᠭᠠᠴᠠᠯ ᠢ ᠠᠭᠤᠰᠤᠯᠴᠠᠭᠤᠯᠬᠤ︾ ᠨᠡᠷᠡᠲᠦ ᠲᠡᠮᠳᠡᠭ ᠢ ᠡᠭᠦᠳᠴᠦ᠂ ᠭᠤᠶᠤ

ᠰᠠᠶᠢᠬᠠᠨ ᠪᠠᠶᠢᠭᠠᠯᠢ ᠶᠢᠨ ᠥᠩᠭᠡ ᠦᠵᠡᠮᠵᠢ ᠪᠠ ᠣᠨᠴᠠᠯᠢᠭᠲᠤ ᠦᠨᠳᠦᠰᠦᠲᠡᠨ ᠤ ᠰᠣᠶᠣᠯ ᠤᠨ ᠡᠬᠢ ᠪᠠᠶᠠᠯᠢᠭ ᠲᠤ

ᠲᠦᠰᠢᠭᠯᠡᠨ᠂ ︽ᠤᠯᠠᠭᠠᠢ ᠭᠤᠣᠯ ᠢᠶᠠᠷ ᠠᠶᠠᠯᠠᠨ ᠶᠠᠪᠬᠤ︾ ᠮᠣᠩᠭᠤᠯ ᠮᠣᠷᠢᠨ ᠤ ᠬᠡᠲᠦ ᠬᠤᠯᠪᠣᠭᠠᠲᠤ ᠤᠷᠤᠯᠳᠤᠭᠠᠨ᠂

ᠲᠠᠯ᠎ᠠ ᠨᠤᠲᠤᠭ ᠤᠨ ᠨᠠᠭᠠᠳᠤᠮ ᠢ ᠦᠷᠭᠦᠯᠵᠢᠯᠡᠨ ᠡᠷᠭᠢᠯᠡᠵᠦ᠂ ᠵᠢᠭᠤᠯᠴᠢᠯᠠᠯ ᠪᠠ ᠠᠷᠠᠳ ᠤᠨ ᠵᠠᠩ ᠦᠢᠯᠡ᠂

ᠤᠯᠠᠮᠵᠢᠯᠠᠯᠲᠤ ᠤᠷᠤᠯᠳᠤᠭᠠᠨ᠂ ᠣᠲᠣ ᠦᠶ᠎ᠡ ᠶᠢᠨ ᠪᠡᠶ᠎ᠡ ᠶᠢᠨ ᠲᠠᠮᠢᠷ ᠤᠨ ᠤᠷᠤᠯᠳᠤᠭᠠᠨ ᠢ ᠬᠠᠷᠢᠯᠴᠠᠨ

ᠤᠶᠠᠯᠳᠤᠭᠤᠯᠵᠤ᠂ ᠦᠨᠳᠦᠰᠦᠲᠡᠨ ᠨᠦᠭᠦᠳ ᠤᠨ ᠵᠢᠭᠤᠯᠴᠢᠯᠠᠯ ᠤᠨ ᠶᠠᠪᠤᠯᠴᠠᠭ᠎ᠠ ᠶᠢᠨ ᠳᠤᠮᠳᠠ ᠬᠠᠶᠢᠷ᠎ᠠ

ᠰᠡᠳᠬᠢᠯᠭᠡ ᠪᠠᠨ ᠭᠦᠨᠵᠡᠭᠡᠶᠢᠷᠡᠭᠦᠯᠵᠦ᠂ ᠪᠦᠯᠬᠦᠮᠳᠡᠯ ᠢᠶᠠᠨ ᠴᠢᠩᠭᠠᠳᠬᠠᠬᠤ ᠶᠢ ᠠᠬᠢᠭᠤᠯᠤᠨ᠎ᠠ᠃

    ᠰᠤᠷᠭᠠᠨ ᠬᠥᠮᠦᠵᠢᠯ  ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠶ᠎ᠠ᠃ ᠪᠦᠬᠦ ᠤᠯᠤᠰ ᠤᠨ

ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠵᠢᠱᠢᠶ᠎ᠡ ᠦᠵᠡᠬᠦᠯᠬᠦ ᠠᠶᠢᠮᠠᠭ ᠢ ᠡᠭᠦᠳᠦᠨ ᠪᠠᠶᠢᠭᠤᠯᠬᠤ ᠳᠤ

ᠬᠦᠴᠦᠨ ᠨᠡᠮᠡᠷᠢᠯᠡᠬᠦ ᠶᠢᠨ ᠲᠥᠯᠥᠭᠡ᠂ ᠤᠯᠠᠭᠠᠢ ᠬᠠᠮᠢᠶᠠᠷᠤᠯᠲᠠ ᠶᠢᠨ ᠣᠷᠣᠨ ᠠᠴᠠ ᠰᠢᠨ᠎ᠡ ᠶᠢ ᠡᠭᠦᠳᠴᠦ ︽ᠤᠯᠠᠭᠠᠨ

ᠵᠠᠭᠠᠯᠮᠠᠶᠢᠲᠠᠨ ᠤ ᠬᠠᠮᠠᠭᠠᠯᠠᠯᠲᠠ ᠶᠢᠨ ᠵᠢᠱᠢᠶ᠎ᠡ ᠦᠵᠡᠬᠦᠯᠬᠦ ᠠᠶᠢᠮᠠᠭ ᠢ ᠡᠭᠦᠳᠦᠨ ᠪᠠᠶᠢᠭᠤᠯᠵᠤ᠂ ᠲᠣᠮᠳᠠᠳᠣ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ  ᠤᠬᠠᠮᠰᠠᠷ ᠤᠨ ᠰᠤᠷᠭᠠᠨ  ᠬᠥᠮᠦᠵᠢᠯ ᠤᠨ ᠰᠠᠭᠤᠷᠢᠨ ᠭᠠᠵᠠᠷ᠂

ᠤᠯᠤᠰ ᠢᠶᠠᠨ ᠬᠠᠶᠢᠷᠠᠯᠠᠬᠤ ᠦᠵᠡᠯ ᠤᠨ ᠰᠤᠷᠭᠠᠨ ᠬᠥᠮᠦᠵᠢᠯ ᠤᠨ ᠰᠠᠭᠤᠷᠢᠨ ᠭᠠᠵᠠᠷ᠂ ︽ᠬᠥᠬᠡ ᠠᠭᠤᠯᠠ ᠬᠥᠬᠡᠮᠳᠦᠭ

ᠤᠰᠤ ᠪᠣᠯ ᠳᠠᠷᠤᠢ ᠠᠯᠳᠠ ᠮᠥᠩᠭᠦᠨ ᠠᠭᠤᠯᠠ ᠮᠥᠨ︾ ᠭᠡᠬᠦ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ

ᠭᠠᠵᠠᠷ ᠵᠢᠴᠢ ᠵᠢᠭᠤᠯᠴᠢᠯᠠᠯ ᠢᠶᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ

ᠠᠬᠢᠭᠤᠯᠤᠭᠰᠠᠨ ᠰᠠᠭᠤᠷᠢᠨ ᠭᠠᠵᠠᠷ ᠢ ᠪᠠᠶᠢᠭᠤᠯᠵᠤ᠂ ᠡᠯ᠎ᠡ ᠰᠠᠭᠤᠷᠢᠨ ᠭᠠᠵᠠᠷ ᠠᠳᠠᠯᠢ ᠪᠤᠰᠤ ᠭᠤᠣᠯ ᠰᠡᠳᠦᠪ ᠤᠨ

ᠲᠣᠭᠤᠷᠢᠨ ᠳᠤ ᠤᠯᠠᠭᠠᠢ ᠬᠠᠮᠢᠶᠠᠷᠤᠯᠲᠠ ᠶᠢᠨ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠠᠵᠢᠯ ᠤᠨ

ᠦᠷ᠎ᠡ ᠪᠦᠳᠦᠮᠵᠢ ᠶᠢ ᠪᠦᠬᠦ ᠲᠠᠯ᠎ᠠ ᠪᠠᠷ ᠡᠮᠬᠢᠯᠡᠵᠦ ᠳᠡᠯᠭᠡᠨ ᠦᠵᠡᠭᠦᠯᠵᠦ᠂ ᠲᠣᠮᠳᠠᠳᠣ ᠶᠢᠨ ᠦᠨᠳᠦᠰᠦᠲᠡᠨ ᠤ

ᠨᠢᠭᠲᠠᠷᠠᠯ ᠤᠨ ᠬᠦᠴᠦᠨ ᠪᠠ ᠣᠮᠤᠭ ᠪᠠᠭ᠋ᠠᠳᠤᠯᠲᠤ ᠰᠡᠳᠬᠢᠯᠭᠡ ᠶᠢ ᠲᠠᠰᠣᠷᠠᠯᠳᠠ ᠦᠭᠡᠢ ᠳᠡᠭᠡᠭᠰᠢᠯᠡᠭᠦᠯᠪᠡ᠃ ᠡᠭᠦᠨ ᠤ

ᠬᠠᠮᠲᠤ ᠲᠠᠯ᠎ᠠ ᠨᠤᠲᠤᠭ ᠤᠨ ᠵᠤᠭᠠᠴᠠᠯ ᠤᠨ ᠵᠤᠭᠠᠴᠠᠯ᠂ ᠠᠷᠠᠳ ᠤᠨ ᠵᠠᠩ ᠦᠢᠯᠡ ᠶᠢᠨ  ᠣᠨᠴᠠᠯᠢᠭᠲᠤ  ᠵᠤᠭᠠᠴᠠᠯ᠂

ᠬᠤᠪᠢᠰᠬᠠᠯ ᠤᠨ ᠲᠤᠬᠠᠢ ᠰᠤᠳᠤᠯᠤᠨ ᠰᠤᠷᠤᠯᠴᠠᠬᠤ ᠵᠤᠭᠠᠴᠠᠯ ᠵᠡᠷᠭᠡ ᠰᠣᠳᠣᠨ ᠵᠤᠭᠠᠴᠠᠯ ᠤᠨ ᠵᠠᠮ ᠱᠤᠭᠤᠮ ᠢ

ᠭᠠᠷᠭᠠᠵᠤ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ

ᠬᠤᠪᠢᠰᠬᠠᠯ ᠤᠨ ᠲᠤᠬᠠᠢ ᠰᠤᠳᠤᠯᠤᠨ ᠰᠤᠷᠤᠯᠴᠠᠬᠤ ᠵᠢᠭᠤᠯᠴᠢᠯᠠᠬᠤ︾ ᠵᠠᠮ ᠤᠨ ᠨᠣᠮ ᠢ ᠦᠢᠯᠡᠳᠴᠦ᠂

ᠦᠨᠳᠦᠰᠦᠲᠡᠨ ᠤ ᠪᠦᠯᠬᠦᠮᠳᠡᠯ ᠤᠨ ᠦᠯᠢᠭᠡᠷ ᠢ ᠰᠠᠶᠢᠲᠤᠷ ᠶᠠᠷᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ

ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠦᠨ

ᠪᠣᠳᠠᠲᠠᠶᠢᠵᠢᠭᠤᠯᠬᠤ ᠶᠢ ᠠᠬᠢᠭᠤᠯᠪᠠ᠃

    ᠤᠯᠠᠭᠠᠢ ᠬᠠᠮᠢᠶᠠᠷᠤᠯᠲᠠ ᠶᠢᠨ ᠣᠷᠣᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠠᠶᠠᠨ ᠵᠠᠮ ᠳᠤ᠂

ᠦᠨᠳᠦᠰᠦᠲᠡᠨ ᠨᠦᠭᠦᠳ ᠤᠨ ᠣᠯᠠᠨ ᠲᠦᠮᠡᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠳᠤᠮᠳᠠ ᠰᠠᠬᠢᠨ

ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠠᠮᠢ ᠠᠬᠤᠢ ᠶᠢᠨ ᠬᠠᠮᠠᠭᠠᠯᠠᠯᠲᠠ ᠨᠢ ᠰᠢᠨ᠎ᠡ

ᠵᠢᠳᠬᠦᠯ ᠴᠢᠷᠮᠠᠶᠢᠯᠭ᠎ᠠ ᠭᠠᠷᠭᠠᠵᠤ᠂ ᠠᠵᠤ ᠠᠬᠤᠢ ᠶᠢᠨ ᠡᠷᠭᠢᠯᠲᠡ ᠳᠤ ᠰᠢᠨ᠎ᠡ ᠳᠦᠷᠰᠦ ᠪᠠᠶᠢᠳᠠᠯ ᠢᠯᠡᠷᠡᠵᠦ᠂ ᠠᠵᠤ

ᠦᠢᠯᠡᠰ ᠤᠨ ᠰᠢᠨ᠎ᠡ ᠬᠥᠳᠡᠯᠭᠡᠬᠦ ᠬᠦᠴᠦᠨ ᠢ ᠪᠠᠳᠠᠷᠠᠭᠤᠯᠵᠠᠢ ᠁ ᠬᠠᠮᠲᠤ ᠪᠠᠷ ᠪᠦᠯᠬᠦᠮᠳᠡᠨ ᠲᠡᠮᠡᠴᠡᠵᠦ᠂

ᠬᠠᠮᠲᠤ ᠪᠠᠷ ᠴᠡᠴᠡᠭᠯᠡᠨ ᠬᠥᠭᠵᠢᠬᠦ ᠰᠢᠨ᠎ᠡ ᠬᠠᠭᠤᠳᠠᠰᠤ ᠶᠢ ᠪᠢᠴᠢᠭᠯᠡᠵᠡᠢ᠃

 
ᠢᠷᠡᠯᠲᠡ᠄ ᠲᠡᠭᠷᠢᠯᠢᠭ ᠲᠠᠯ᠎ᠠ ᠤᠯᠠᠭᠠᠢ ᠸᠢᠴᠠᠲ ᠤᠨ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号