ᠣᠢ ᠰᠢᠭᠤᠢ ᠶᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠶᠢ ᠥᠷᠨᠢᠭᠦᠯᠵᠦ ᠪᠣᠬᠢᠷᠳᠤᠯ ᠦᠭᠡᠢ ᠠᠮᠢ ᠠᠬᠤᠢ ᠶᠢᠨ ᠬᠠᠯᠬᠠᠪᠴᠢ ᠶᠢ ᠪᠠᠲᠤ ᠴᠣᠭᠴᠠᠯᠠᠶ᠎ᠠ
ᠨᠡᠶᠢᠲᠡᠯᠡᠭᠰᠡᠨ ᠴᠠᠭ᠄
2024/8/5

    ᠠᠭᠤᠷ ᠠᠮᠢᠰᠭᠤᠯ ᠠᠭᠠᠵᠢᠮ ᠢᠶᠠᠷ ᠳᠡᠭᠡᠭᠰᠢᠯᠡᠬᠦ  ᠶᠢ ᠳᠠᠭᠠᠯᠳᠤᠨ᠂ ᠣᠢ ᠰᠢᠭᠤᠢ ᠶᠢᠨ ᠡᠪᠡᠳᠴᠢᠨ

ᠬᠤᠷᠣᠬᠠᠢ ᠶᠢᠨ ᠬᠥᠨᠥᠭᠡᠯ ᠴᠦ ᠣᠯᠠᠨ ᠡᠭᠦᠰᠬᠦ ᠬᠤᠭᠤᠴᠠᠭᠠᠨ ᠳᠤ ᠣᠷᠣᠵᠤ᠂ ᠣᠢ ᠰᠢᠭᠤᠢ ᠶᠢᠨ ᠡᠪᠡᠳᠴᠢᠨ

ᠬᠤᠷᠣᠬᠠᠢ ᠶᠢᠨ ᠬᠥᠨᠥᠭᠡᠯ ᠳᠡᠯᠭᠡᠷᠡᠬᠦ ᠪᠠ ᠬᠤᠣᠷ ᠬᠥᠨᠥᠭᠡᠯ ᠢ ᠪᠦᠲᠦᠮᠵᠢᠲᠡᠢ ᠬᠢᠵᠠᠭᠠᠷᠯᠠᠵᠤ᠂ ᠣᠢ ᠮᠣᠳᠣᠨ ᠤ

ᠡᠷᠡᠭᠦᠯ ᠴᠢᠭᠢᠷᠠᠭ ᠢ  ᠪᠠᠲᠤᠯᠠᠬᠤ ᠶᠢᠨ ᠲᠤᠰᠠᠳᠠ᠂ ᠣᠶᠢᠷ᠎ᠠ ᠶᠢᠨ ᠡᠳᠦᠷ  ᠤᠳ ᠲᠤ ᠤᠯᠠᠭᠠᠢ ᠬᠠᠮᠢᠶᠠᠷᠤᠯᠲᠠ ᠶᠢᠨ

ᠣᠷᠣᠨ ᠤ ᠣᠢ ᠰᠢᠭᠤᠢ ᠪᠣᠯᠣᠨ ᠨᠤᠲᠤᠭ ᠪᠡᠯᠴᠢᠭᠡᠷ ᠤᠨ ᠠᠵᠢᠯ ᠤᠨ ᠥᠷᠲᠡᠭᠡ ᠵᠠᠩᠭᠢᠯᠠᠭ᠎ᠠ ᠶᠢᠨ ᠬᠤᠭᠤᠴᠠᠭᠠᠨ ᠳᠤ

ᠣᠢ ᠰᠢᠭᠤᠢ ᠶᠢᠨ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠠᠵᠢᠯ ᠢ ᠢᠳᠡᠪᠬᠢᠲᠡᠢ ᠥᠷᠨᠢᠭᠦᠯᠪᠡ

    ᠲᠣᠰ ᠤᠳᠠᠭᠠᠨ ᠤ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠪᠠᠷ ᠭᠤᠣᠯ ᠪᠣᠯᠭᠠᠵᠤ᠂ ᠬᠢᠮᠢ ᠶᠢᠨ

ᠠᠷᠭ᠎ᠠ ᠶᠢ ᠬᠡᠷᠡᠭᠯᠡᠨ᠂ ᠮᠠᠰᠢᠨ ᠢᠶᠠᠷ ᠠᠵᠢᠯᠯᠠᠬᠤ ᠲᠡᠷᠭᠡ ᠪᠠᠷ ᠰᠦᠷᠴᠢᠬᠦ ᠵᠢᠴᠢ ᠵᠢᠯᠣᠭᠤᠴᠢ ᠦᠭᠡᠢ ᠨᠢᠰᠬᠡᠯ ᠢᠶᠠᠷ

ᠬᠢᠮᠢ ᠶᠢᠨ ᠲᠠᠷᠢᠶᠠᠨ ᠡᠮ ᠰᠦᠷᠴᠢᠬᠦ ᠠᠷᠭ᠎ᠠ ᠮᠠᠶ᠋ᠢᠭ ᠢᠶᠠᠷ ᠳᠠᠮᠵᠢᠭᠤᠯᠤᠨ ᠰᠡᠷᠭᠡᠶᠢᠯᠡᠨ ᠵᠠᠰᠠᠵᠤ᠂ ᠰᠡᠷᠭᠡᠶᠢᠯᠡᠨ ᠵᠠᠰᠠᠬᠤ

ᠬᠡᠪᠴᠢᠶ᠎ᠡ ᠨᠢ ᠪᠥᠬᠦ ᠬᠠᠮᠢᠶᠠᠷᠤᠯᠲᠠ ᠶᠢᠨ ᠣᠷᠣᠨ ᠤ ᠭᠤᠷᠪᠠᠨ ᠲᠠᠯᠠᠪᠠᠶ ᠨᠢᠭᠡ ᠪᠠᠯᠭᠠᠰᠤᠨ ᠤ ᠣᠶᠢᠲᠤ ᠭᠠᠵᠠᠷ ᠢ

ᠬᠠᠮᠤᠷᠴᠤ᠂ ᠣᠳᠣᠬᠠᠨ ᠳᠤ᠂ ᠣᠶ ᠰᠢᠭᠤᠢ ᠶᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠠᠵᠢᠯ ᠢ ᠨᠢᠭᠡᠨᠲᠡ

ᠪᠦᠬᠦᠨ ᠢ ᠪᠡᠶᠡᠯᠡᠭᠦᠯᠵᠦ᠂ ᠰᠡᠷᠭᠡᠶᠢᠯᠡᠨ ᠵᠠᠰᠠᠭᠰᠠᠨ ᠲᠠᠯᠠᠪᠠᠶ ᠨᠢ ᠨᠡᠶᠢᠲᠡ 3000 ᠮᠦ ᠪᠠᠶᠢᠨ᠎ᠠ᠃

    ᠲᠠᠷᠠᠭᠠᠴᠢ ᠶᠢᠨ ᠠᠯᠬᠤᠮ ᠳᠤ᠂ ᠣᠶ ᠰᠢᠭᠤᠢ ᠪᠠ ᠨᠤᠲᠤᠭ ᠪᠡᠯᠴᠢᠭᠡᠷ ᠤᠨ ᠠᠵᠢᠯ ᠤᠨ ᠥᠷᠲᠡᠭᠡ ᠨᠢ

ᠬᠠᠮᠢᠶᠠᠷᠤᠯᠲᠠ ᠶᠢᠨ ᠣᠷᠣᠨ ᠤ ᠳᠣᠲᠣᠷᠠᠬᠢ ᠣᠶ ᠰᠢᠭᠤᠢ ᠶᠢᠨ ᠬᠥᠨᠥᠭᠡᠯᠲᠡᠢ ᠠᠮᠢᠳᠤ ᠪᠣᠳᠠᠰ ᠤᠨ ᠡᠭᠦᠰᠬᠦ ᠪᠠᠶᠢᠳᠠᠯ ᠢ

ᠦᠷᠭᠦᠯᠵᠢᠯᠡᠨ ᠠᠩᠬᠠᠷᠴᠤ᠂ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠪᠠ ᠬᠠᠮᠢᠶᠠᠷᠬᠤ ᠪᠠᠨ ᠴᠢᠩᠭᠠᠳᠬᠠᠨ᠂

ᠵᠢᠭᠰᠠᠭᠠᠨ ᠪᠠᠶᠢᠴᠠᠭᠠᠬᠤ ᠪᠠ ᠰᠡᠷᠭᠡᠶᠢᠯᠡᠨ ᠵᠠᠰᠠᠬᠤ ᠶᠢ ᠪᠠᠶᠢᠩᠭᠤᠵᠢᠭᠤᠯᠤᠨ ᠥᠷᠨᠢᠭᠦᠯᠵᠦ᠂ ᠡᠪᠡᠳᠴᠢᠨ

ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠡᠵᠡᠮᠳᠡᠬᠦ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨᠬᠦ

ᠪᠠᠲᠤᠯᠠᠨ᠎ᠠ᠃

 
ᠢᠷᠡᠯᠲᠡ᠄ ᠤᠯᠠᠭᠠᠶ ᠬᠠᠮᠢᠶᠠᠷᠤᠯᠲᠠ ᠶᠢᠨ ᠣᠷᠣᠨ ᠤ ᠵᠠᠰᠠᠭ ᠤᠨ ᠶᠠᠪᠤᠳᠠᠯ ᠤᠨ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号