ᠣᠶᠢᠷ᠎ᠠ ᠶᠢᠨ ᠡᠳᠦᠷ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠳᠡᠳ᠋ ᠬᠤᠷᠢᠶᠠᠨ ᠳᠠᠷᠤᠭ᠎ᠠ᠂ ︽9 · 3︾ ᠤ ᠡᠷᠳᠡᠮ ᠰᠢᠨᠵᠢᠯᠡᠭᠡᠨ ᠤ ᠨᠡᠶᠢᠭᠡᠮᠯᠢᠭ ᠤᠨ | ᠲᠥᠪ ᠬᠤᠷᠢᠶᠠᠨ ᠤ ᠲᠡᠷᠢᠭᠦᠯᠡᠭᠴᠢ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ | ᠦ᠋ ᠸᠧᠢ ᠬᠤᠸᠠ ᠪᠠᠶᠢᠴᠠᠭᠠᠨ ᠰᠤᠳᠤᠯᠬᠤ ᠳᠤᠭᠤᠶᠢᠯᠠᠩ ᠳᠠᠭᠠᠭᠤᠯᠤᠨ ᠬᠠᠳᠤᠨ ᠭᠤᠣᠯ ᠤᠨ ᠤᠰᠤᠨ ᠤ ᠡᠬᠢ | ᠪᠠᠶᠠᠯᠢᠭ ᠢ ᠥᠨᠳᠥᠷ ᠪᠦᠲᠦᠮᠵᠢᠲᠡᠢ ᠠᠰᠢᠭᠯᠠᠬᠤ᠂ ᠲᠠᠷᠢᠶᠠᠯᠠᠩ ᠤᠨ ᠤᠰᠤ ᠠᠷᠪᠢᠯᠠᠬᠤ ᠵᠢᠴᠢ ᠬᠠᠳᠤᠨ ᠭᠤᠣᠯ ᠤᠨ | ︽ᠶᠡᠭᠡ ᠲᠣᠬᠤᠢ︾ ᠶᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠣᠯᠣᠨ ᠴᠢᠨᠠᠷ ᠰᠠᠶᠢᠲᠠᠢ | ᠬᠥᠭᠵᠢᠯᠲᠡ ᠶᠢᠨ ᠲᠣᠭᠤᠷᠢᠨ ᠳᠤ ᠮᠠᠨ ᠤ ᠣᠷᠣᠨ ᠳᠤ ᠪᠠᠶᠢᠴᠠᠭᠠᠨ ᠰᠤᠳᠤᠯᠪᠠ ᠃ | ᠦᠬᠠᠢ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ᠂ ᠬᠠᠲᠤᠨ | ᠭᠤᠣᠯ ᠤᠨ ᠬᠠᠶᠢᠷᠤᠪ ᠤᠨ ᠲᠣᠬᠤᠢ ᠶᠢᠨ ᠤᠰᠤᠨ ᠠᠰᠢᠭᠯᠠᠯᠲᠠ ᠶᠢᠨ ᠬᠦᠢᠰᠦ ᠢᠨᠵᠧᠨᠧᠷᠢᠩ ᠳᠤ ᠪᠠᠶᠢᠴᠠᠭᠠᠨ | ᠰᠤᠳᠤᠯᠬᠤ ᠳᠤᠭᠤᠶᠢᠯᠠᠩ ᠪᠠᠭ᠎ᠠ ᠨᠡᠭᠦᠷᠡᠰᠦᠲᠥ᠋ᠷᠥᠭᠴᠢᠲᠦ ᠠᠵᠤ ᠦᠢᠯᠡᠰ ᠤᠨ ᠬᠦᠷᠢᠶᠡᠯᠡᠩ ᠤᠨ ᠠᠵᠤ | ᠦᠢᠯᠡᠳᠪᠦᠷᠢ ᠶᠢᠨ ᠬᠡᠷᠡᠭᠯᠡᠬᠦ ᠤᠰᠤ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ | ᠪᠣᠯᠣᠨ ᠬᠠᠮᠢᠶᠠᠷᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃ ᠪᠠᠶᠠᠨᠨᠠᠭᠤᠷ | ᠬᠤᠲᠠ ᠶᠢᠨ ᠳ᠋ᠧᠩᠺᠸᠤ ᠰᠢᠶᠠᠨ᠂ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠤᠰᠤᠨ ᠤ ᠬᠡᠮᠵᠢᠶ᠎ᠡ ᠶᠢᠨ ᠮᠡᠳᠡᠭᠡ | ᠵᠠᠩᠭᠢᠵᠢᠯᠲᠠ ᠶᠢᠨ ᠬᠢᠨᠠᠨ ᠬᠡᠮᠵᠢᠬᠦ ᠲᠥᠪ᠂ ᠯᠢᠨᠾᠧ ᠲᠠᠷᠢᠶᠠᠯᠠᠩ ᠤᠨ ᠲᠠᠯᠠᠪᠠᠶ᠂ ᠹᠦ᠋ ᠰᠢᠩ ᠴᠢᠦᠢ ᠤᠰᠤ ᠬᠠᠩᠭᠠᠬᠤ | ᠭᠠᠵᠠᠷ ᠵᠡᠷᠭᠡ ᠭᠠᠵᠠᠷ ᠲᠤ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠲᠤᠬᠠᠢ ᠶᠢᠨ ᠭᠠᠵᠠᠷ ᠤᠨ | ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠶᠡᠷᠦᠩᠬᠡᠶᠢᠯᠡᠭᠰᠡᠨ ᠵᠠᠰᠠᠯᠲᠠ᠂ ᠤᠰᠤᠯᠠᠯᠲᠠ ᠶᠢᠨ ᠣᠷᠣᠨ ᠤ | ᠣᠳᠣᠬᠢᠴᠢᠯᠠᠭᠰᠠᠨ ᠥᠭᠡᠷᠡᠴᠢᠯᠡᠯᠲᠡ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ | ᠲᠠᠷᠢᠶᠠᠯᠠᠩ ᠤᠨ ᠤᠰᠤ ᠠᠷᠪᠢᠯᠠᠬᠤ᠂ ᠤᠰᠤᠨ ᠤ ᠡᠷᠬᠡ ᠶᠢᠨ ᠠᠷᠠᠯᠵᠢᠶ᠎ᠠ᠂ ᠰᠤᠪᠠᠭ ᠤᠨ ᠰᠢᠰᠲ᠋ᠧᠮ ᠤᠨ | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠵᠡᠷᠭᠡ ᠲᠠᠯ᠎ᠠ ᠶᠢᠨ ᠪᠠᠶᠢᠳᠠᠯ ᠢ ᠣᠶᠢᠯᠠᠭᠠᠪᠠ᠃ | ᠪᠠᠶᠢᠴᠠᠭᠠᠨ ᠰᠤᠳᠤᠯᠬᠤ ᠳᠤᠮᠳᠠ ᠦ᠋ ᠸᠧᠢ ᠬᠤᠸᠠ ᠵᠠᠮ ᠲᠤᠷᠰᠢ ᠪᠠᠶᠢᠴᠠᠭᠠᠨ ᠦᠵᠡᠵᠦ᠂ ᠲᠤᠬᠠᠢ ᠶᠢᠨ | ᠭᠠᠵᠠᠷ ᠤᠨ ᠺᠠᠳ᠋ᠷ ᠤᠯᠠᠨ ᠲᠦᠮᠡᠨ ᠲᠠᠢ ᠬᠠᠮᠲᠤ ︽ᠤᠰᠤᠨ ᠤ ᠳᠠᠩᠰᠠ︾ ᠶᠢ ᠪᠤᠳᠤᠵᠦ᠂ ᠠᠰᠠᠭᠤᠳᠠᠯ ᠳᠤᠷᠠᠳᠴᠤ᠂ | ᠠᠷᠭ᠎ᠠ ᠵᠥᠪᠯᠡᠪᠡ᠃ ᠦ᠋ ᠸᠧᠢ ᠬᠤᠸᠠ᠂ ᠲᠣᠰ ᠤᠳᠠᠭ᠎ᠠ ᠥᠪᠥᠷ ᠮᠣᠩᠭᠤᠯ ᠳᠤ ᠢᠷᠡᠵᠦ ︽ᠬᠠᠲᠤᠨ ᠭᠤᠣᠯ ᠤᠨ | ︿ᠶᠡᠭᠡ ᠲᠣᠬᠤᠢ﹀ ᠶᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠬᠢᠭᠡᠳ ᠴᠢᠨᠠᠷ ᠰᠠᠶᠢᠲᠠᠢ ᠬᠥᠭᠵᠢᠯᠲᠡ︾ | ᠭᠡᠬᠦ ᠰᠡᠳᠦᠪ ᠤᠨ ᠪᠠᠶᠢᠴᠠᠭᠠᠨ ᠰᠤᠳᠤᠯᠤᠯᠲᠠ ᠥᠷᠨᠢᠭᠦᠯᠦᠭᠰᠡᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ | ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ ᠮᠥᠨ᠃ ᠬᠠᠲᠤᠨ ᠭᠤᠣᠯ ᠤᠨ ᠰᠠᠪᠠ | ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠪᠣᠯ ᠶᠡᠷᠦᠩᠬᠡᠢ ᠱᠦᠵᠢ ᠰᠢ ᠶᠢᠨ | ᠫᠢᠩ ᠤᠨ ᠪᠡᠶ᠎ᠡ ᠪᠠᠷ ᠢᠶᠠᠨ ᠤᠬᠠᠭᠠᠯᠠᠨ ᠲᠥᠯᠥᠪᠯᠡᠵᠦ᠂ ᠪᠡᠶ᠎ᠡ ᠪᠠᠷ ᠢᠶᠠᠨ ᠪᠠᠶᠢᠷᠢᠯᠠᠭᠤᠯᠵᠤ᠂ ᠪᠡᠶ᠎ᠡ ᠪᠠᠷ ᠢᠶᠠᠨ | ᠠᠬᠢᠭᠤᠯᠤᠭᠰᠠᠨ ᠴᠢᠬᠤᠯᠠ ᠶᠡᠭᠡ ᠤᠯᠤᠰ ᠤᠨ ᠪᠠᠶᠢᠯᠳᠤᠬᠤ ᠪᠣᠳᠣᠯᠭ᠎ᠠ ᠮᠥᠨ᠂ ᠬᠠᠲᠤᠨ ᠭᠤᠣᠯ ᠤᠨ ᠰᠠᠪᠠ | ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠴᠢᠬᠤᠯᠠ ᠠᠴᠢ ᠬᠤᠯᠪᠣᠭᠳᠠᠯ ᠢ | ᠭᠦᠢᠴᠡᠳ ᠲᠠᠨᠢᠵᠤ᠂ ᠪᠦᠭᠦ ᠲᠠᠯ᠎ᠠ ᠪᠠ ᠪᠦᠭᠦ ᠰᠠᠪᠠ ᠭᠠᠵᠠᠷ ᠤᠨ ᠣᠶᠢᠯᠠᠭᠠᠭᠳᠠᠬᠤᠨ ᠢ ᠪᠤᠶ ᠪᠤᠯᠭᠠᠵᠤ᠂ ᠬᠥᠭᠵᠢᠯᠲᠡ | ᠪᠠ ᠬᠠᠮᠠᠭᠠᠯᠠᠯᠲᠠ᠂ ᠪᠦᠭᠦ ᠲᠠᠯ᠎ᠠ ᠪᠠ ᠬᠡᠰᠡᠭ ᠲᠠᠯ᠎ᠠ᠂ ᠣᠳᠣᠬᠠᠨ ᠤ ᠪᠠ ᠠᠯᠤᠰ ᠭᠡᠲᠦ ᠵᠡᠷᠭᠡ ᠬᠠᠷᠢᠴᠠᠭ᠎ᠠ ᠶᠢ ᠵᠥᠪ | ᠰᠢᠢᠳᠪᠦᠷᠢᠯᠡᠵᠦ᠂ ᠬᠠᠲᠤᠨ ᠭᠤᠣᠯ ᠤᠨ ᠬᠠᠮᠠᠭᠠᠯᠠᠯᠲᠠ ᠵᠠᠰᠠᠯᠲᠠ ᠶᠢᠨ ᠠᠵᠢᠯ ᠤᠨ ᠪᠦᠲᠦᠮᠵᠢᠲᠡᠶ ᠠᠷᠭ᠎ᠠ ᠵᠠᠮ ᠢ | ᠰᠢᠨᠵᠢᠯᠡᠬᠦ ᠤᠬᠠᠭᠠᠨᠴᠢ ᠪᠠᠷ ᠰᠦᠪᠡᠭᠴᠢᠯᠡᠬᠦ ᠬᠡᠷᠡᠭᠲᠡᠢ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ | ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠤᠰᠤ ᠪᠠᠷ ᠳᠥᠷᠪᠡ ᠶᠢ ᠲᠣᠭᠲᠠᠭᠠᠬᠤ︾ | ᠵᠠᠷᠴᠢᠮ ᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠤᠰᠤᠨ ᠤ ᠠᠮᠤᠷ ᠲᠦᠪᠰᠢᠨ ᠢ ᠪᠦᠲᠦᠮᠵᠢᠲᠡᠶ ᠪᠠᠲᠤᠯᠠᠬᠤ᠂ | ᠤᠰᠤᠨ ᠤ ᠡᠬᠢ ᠪᠠᠶᠠᠯᠢᠭ ᠢ ᠥᠨᠳᠥᠷ ᠪᠦᠲᠦᠮᠵᠢᠲᠡᠶ ᠠᠰᠢᠭᠯᠠᠬᠤ᠂ ᠤᠰᠤᠨ ᠤ ᠠᠮᠢ ᠠᠬᠤᠢ ᠶᠢ ᠢᠯᠡᠳᠲᠡ | ᠰᠠᠶᠢᠵᠢᠷᠠᠭᠤᠯᠬᠤ ᠡᠷᠴᠢᠮᠵᠢᠭᠦᠯᠦᠨ ᠠᠷᠪᠢᠯᠠᠬᠤ ᠬᠥᠭᠵᠢᠯᠲᠡ ᠶᠢᠨ ᠵᠠᠮ ᠢᠶᠠᠷ ᠰᠠᠶᠢᠲᠤᠷ ᠵᠠᠮᠨᠠᠬᠤ ᠬᠡᠷᠡᠭᠲᠡᠢ ᠭᠡᠵᠦ | ᠢᠯᠡᠳᠬᠡᠪᠡ᠃ | ︽9 · 3︾ ᠤ ᠡᠷᠳᠡᠮ ᠰᠢᠨᠵᠢᠯᠡᠭᠡᠨ ᠤ ᠨᠡᠶᠢᠭᠡᠮᠯᠢᠭ ᠤᠨ ᠲᠥᠪ ᠬᠤᠷᠢᠶᠠᠨ ᠤ ᠳᠡᠳ᠋ ᠲᠡᠷᠢᠭᠦᠯᠡᠭᠴᠢ ᠯᠢᠦ ᠵᠧᠩ | ᠺᠦᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠭᠢᠯᠡᠭᠴᠢ ᠯᠢ ᠪᠢᠩ ᠷᠦᠩ ᠪᠠᠷ᠎ᠠ | ᠪᠣᠯᠵᠤ ᠪᠠᠶᠢᠴᠠᠭᠠᠨ ᠰᠤᠳᠤᠯᠪᠠ᠃ |