ᠠᠶᠢᠮᠠᠭ ᠤᠨ ᠤᠰᠤᠨ ᠠᠰᠢᠭᠯᠠᠯᠲᠠ ᠶᠢᠨ ᠲᠣᠪᠴᠢᠶ᠎ᠠ ᠤᠯᠠᠭᠠᠢ ᠤᠰᠤᠨ ᠠᠰᠢᠭᠯᠠᠯᠲᠠ ᠶᠢᠨ ᠲᠣᠪᠴᠢᠶ᠎ᠠ ᠲᠠᠢ ᠬᠠᠮᠲᠤᠷᠠᠨ ᠤᠯᠠᠭᠠᠢ ᠤᠰᠤᠨ ᠴᠥᠭᠦᠷᠥᠮ ᠤᠨ ᠡᠷᠭᠢ ᠶᠢ ᠴᠡᠭᠴᠡᠯᠡᠨ ᠵᠠᠰᠠᠬᠤ ᠢᠨᠵᠧᠨᠧᠷᠢᠩ ᠤᠨ ᠪᠠᠷᠢᠯᠭ᠎ᠠ ᠶᠢᠨ ᠲᠤᠬᠠᠢ ᠶᠢᠨ ᠭᠠᠵᠠᠷ ᠤᠨ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/8/6

    ᠬᠠᠮᠢᠶᠠᠷᠤᠯᠲᠠ ᠶᠢᠨ ᠣᠷᠣᠨ ᠤ ᠣᠰᠣᠨ ᠠᠰᠢᠭᠯᠠᠯᠲᠠ ᠶᠢᠨ ᠠᠵᠢᠯ ᠲᠦᠷᠦᠯ ᠤᠨ ᠠᠶᠤᠯᠭᠦᠢ

ᠦᠢᠯᠡᠳᠪᠦᠷᠢᠯᠡᠯ ᠤᠨ ᠪᠠᠶᠢᠳᠠᠯ ᠦᠷᠭᠦᠯᠵᠢᠳᠡ  ᠲᠣᠭᠲᠠᠭᠤᠨ  ᠪᠠᠶᠢᠬᠤ ᠶᠢ  ᠪᠠᠲᠤᠯᠠᠵᠤ᠂ ᠠᠮᠤᠷ ᠲᠦᠪᠰᠢᠨ ᠤ ᠬᠡᠷᠡᠭ

ᠡᠭᠦᠰᠬᠦ ᠶᠢ ᠡᠷᠡᠰ ᠰᠡᠷᠭᠡᠶᠢᠯᠡᠨ ᠬᠤᠷᠢᠭᠯᠠᠬᠤ ᠶᠢᠨ ᠲᠥᠯᠥᠭᠡ᠂ 8 ᠰᠠᠷ᠎ᠠ ᠶᠢᠨ 5 ᠤ ᠡᠳᠦᠷ᠂ ᠠᠶᠢᠮᠠᠭ ᠤᠨ ᠣᠰᠣᠨ

ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠯᠠᠭᠠᠢ ᠣᠰᠣᠨ ᠠᠰᠢᠭᠯᠠᠯᠲᠠ ᠶᠢᠨ ᠲᠣᠪᠴᠢᠶ᠎ᠠ ᠯᠤᠭ᠎ᠠ

ᠬᠤᠯᠪᠤᠭᠠᠯᠠᠨ ᠤᠯᠠᠭᠠᠢ ᠣᠰᠣᠨ ᠠᠰᠢᠭᠯᠠᠯᠲᠠ ᠶᠢᠨ ᠢᠨᠵᠧᠨᠧᠷᠢᠩ ᠤᠨ ᠠᠵᠢᠯ ᠤᠨ ᠠᠬᠤᠢ ᠳᠠᠯᠠᠪᠠᠢ ᠶᠢᠨ ᠠᠶᠤᠯᠭᠦᠢ

ᠦᠢᠯᠡᠳᠪᠦᠷᠢᠯᠡᠯ ᠤᠨ ᠪᠠᠶᠢᠴᠠᠭᠠᠯᠲᠠ ᠶᠢᠨ ᠠᠵᠢᠯ ᠥᠷᠨᠢᠭᠦᠯᠪᠡ᠃

    ᠪᠠᠶᠢᠴᠠᠭᠠᠬᠤ ᠳᠤᠭᠤᠶᠢᠯᠠᠩ ᠤᠯᠠᠭᠠᠢ ᠤᠰᠤᠨ ᠴᠥᠭᠦᠷᠥᠮ ᠤᠨ ᠡᠷᠭᠢ ᠶᠢ ᠴᠡᠭᠴᠡᠯᠡᠨ ᠵᠠᠰᠠᠬᠤ ᠪᠠᠷᠢᠯᠭ᠎ᠠ ᠶᠢᠨ

ᠠᠵᠢᠯ ᠤᠨ ᠲᠤᠬᠠᠢ ᠶᠢᠨ ᠲᠠᠯᠠᠪᠠᠶ ᠳᠤ ᠭᠦᠨᠵᠡᠭᠡᠶᠢᠷᠡᠵᠦ᠂ ᠤᠷᠢᠳᠠᠪᠠᠷ ᠪᠠᠷᠢᠯᠭ᠎ᠠ ᠪᠠᠷᠢᠬᠤ ᠨᠢᠭᠡᠴᠡ ᠶᠢ ᠵᠣᠬᠢᠶᠠᠨ

ᠪᠠᠶᠢᠭᠤᠯᠤᠨ ᠠᠶᠤᠯᠭᠦᠢ ᠦᠢᠯᠡᠳᠪᠦᠷᠢᠯᠡᠯ ᠤᠨ ᠰᠡᠷᠡᠮᠵᠢᠯᠡᠭᠦᠯᠬᠦ ᠬᠥᠮᠦᠵᠢᠯ ᠤᠨ ᠸᠢᠳᠢᠤ᠋ ᠶᠢ ᠦᠵᠡᠵᠦ᠂ ᠳᠠᠷᠠᠭ᠎ᠠ ᠨᠢ

ᠪᠠᠷᠢᠯᠭ᠎ᠠ ᠶᠢᠨ ᠠᠮᠤᠷ ᠲᠦᠪᠰᠢᠨ ᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠠᠷᠢᠯᠭ᠎ᠠ ᠶᠢᠨ

ᠭᠠᠵᠠᠷ ᠢ ᠬᠢᠨᠠᠮᠠᠭᠠᠢ ᠪᠠᠶᠢᠴᠠᠭᠠᠬᠤ ᠶᠢᠨ ᠬᠠᠮᠲᠤ ᠪᠠᠷᠢᠯᠭ᠎ᠠ ᠶᠢᠨ ᠠᠵᠢᠯ ᠤᠨ ᠲᠠᠩᠰᠠ ᠡᠪᠬᠡᠮᠡᠯ ᠢ ᠨᠠᠷᠢᠨ ᠨᠢᠮᠪᠠᠢ

ᠪᠠᠶᠢᠴᠠᠭᠠᠨ ᠦᠵᠡᠵᠦ᠂ ᠠᠮᠤᠷ ᠲᠦᠪᠰᠢᠨ ᠤ ᠳᠠᠯᠳᠠ ᠬᠡᠮ ᠳᠤ ᠴᠢᠭᠯᠡᠭᠦᠯᠦᠨ ᠲᠤᠬᠠᠢ ᠶᠢᠨ ᠲᠠᠯᠠᠪᠠᠶ ᠳᠤ ᠴᠡᠭᠴᠡᠯᠡᠨ

ᠰᠠᠶᠢᠵᠢᠷᠠᠭᠤᠯᠬᠤ ᠰᠠᠨᠠᠯ ᠳᠤᠷᠠᠳᠪᠠ᠃

    ᠪᠠᠶᠢᠴᠠᠭᠠᠬᠤ ᠳᠤᠭᠤᠶᠢᠯᠠᠩ ᠠᠴᠠ᠂ ᠪᠠᠷᠢᠯᠭ᠎ᠠ ᠶᠢᠨ ᠨᠢᠭᠡᠴᠡ ᠳᠤ ᠱᠠᠭᠠᠷᠳᠠᠯᠭ᠎ᠠ ᠲᠠᠯᠪᠢᠵᠠᠢ᠃ ᠨᠢᠭᠡ ᠳᠤ᠂

ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠨᠠᠶᠢᠳᠠᠪᠤᠷᠢᠵᠢᠭᠤᠯᠵᠤ᠂ ᠠᠮᠤᠷ

ᠲᠦᠪᠰᠢᠨ ᠤ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ︽ᠠᠮᠤᠷ ᠲᠦᠪᠰᠢᠨ ᠢ ᠲᠡᠷᠢᠭᠦᠨ ᠳᠤ

ᠲᠠᠯᠪᠢᠬᠤ︾ ᠠᠵᠢᠯ ᠤᠨ ᠵᠣᠷᠢᠯᠲᠠ ᠶᠢ ᠢᠮᠠᠭᠲᠠ ᠪᠠᠷᠢᠮᠲᠠᠯᠠᠬᠤ ᠬᠡᠷᠡᠭᠲᠡᠢ︔ ᠬᠤᠶᠠᠷ ᠲᠤ᠂ ᠲᠦᠷ ᠴᠠᠭ ᠤᠨ

ᠪᠠᠷᠢᠯᠭ᠎ᠠ ᠶᠢᠨ ᠬᠠᠰᠢᠯᠭ᠎ᠠ ᠶᠢ ᠬᠦᠷᠢᠶᠡᠯᠡᠨ ᠣᠪᠣᠭᠠᠯᠠᠵᠤ ᠪᠠᠶᠢᠭᠤᠯᠬᠤ ᠠᠮᠤᠷ ᠲᠦᠪᠰᠢᠨ ᠤ ᠠᠵᠢᠯ ᠢ

ᠭᠤᠣᠯᠳᠠᠯᠭ᠎ᠠ ᠲᠠᠢ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠭᠡᠮ ᠰᠣᠭᠤᠭ ᠢ ᠴᠠᠭ ᠲᠤᠬᠠᠢ ᠳᠤᠨᠢ ᠪᠠᠶᠢᠴᠠᠭᠠᠵᠤ᠂

ᠳᠣᠣᠷ᠎ᠠ ᠲᠠᠯ᠎ᠠ ᠶᠢᠨ ᠠᠵᠢᠯ ᠤᠨ ᠬᠡᠰᠡᠭ ᠤᠨ ᠪᠠᠷᠢᠯᠭ᠎ᠠ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ︔ ᠭᠤᠷᠪᠠ ᠳᠤ᠂

ᠢᠨᠵᠧᠨᠧᠷᠢᠩ ᠤᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠠᠮᠤᠷ ᠲᠦᠪᠰᠢᠨ ᠤ ᠮᠡᠷᠭᠡᠵᠢᠯ ᠤᠨ ᠠᠷᠭ᠎ᠠ

ᠬᠡᠮᠵᠢᠶ᠎ᠡ ᠶᠢ ᠦᠨᠡᠨᠬᠦ ᠳᠡᠭᠡᠭᠰᠢᠯᠡᠭᠦᠯᠵᠦ᠂ ᠪᠠᠷᠢᠯᠭ᠎ᠠ ᠶᠢᠨ ᠬᠤᠭᠤᠴᠠᠭ᠎ᠠ ᠶᠢ ᠪᠠᠲᠤᠯᠠᠬᠤ  ᠬᠡᠷᠡᠭᠲᠡᠢ︔ ᠳᠥᠷᠪᠡ ᠳᠤ᠂

ᠪᠦᠬᠦ ᠠᠵᠢᠯᠲᠠᠨ ᠤ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠰᠠᠶᠢᠲᠤᠷ ᠬᠢᠵᠦ᠂ ᠠᠵᠢᠯ ᠡᠷᠬᠢᠯᠡᠭᠰᠡᠳ ᠤᠨ

ᠠᠮᠤᠷ ᠲᠦᠪᠰᠢᠨ ᠤ ᠤᠬᠠᠮᠰᠠᠷ ᠢ ᠴᠢᠩᠭᠠᠳᠬᠠᠵᠤ᠂ ᠠᠳᠡᠯ ᠢ ᠰᠡᠷᠭᠡᠶᠢᠯᠡᠬᠦ ᠤᠬᠠᠮᠰᠠᠷ ᠵᠢᠴᠢ ᠰᠢᠢᠳᠪᠦᠷᠢᠯᠡᠬᠦ

ᠴᠢᠳᠠᠪᠤᠷᠢ ᠶᠢ ᠴᠢᠩᠭᠠᠳᠬᠠᠵᠤ᠂ ᠠᠮᠤᠷ ᠲᠦᠪᠰᠢᠨ ᠤ ᠴᠢᠨᠠᠷ ᠰᠠᠶᠢᠲᠠᠢ ᠢᠨᠵᠧᠨᠧᠷᠢᠩ ᠢ ᠪᠠᠶᠢᠭᠤᠯᠬᠤ ᠬᠡᠷᠡᠭᠲᠡᠢ᠃

 
ᠢᠷᠡᠯᠲᠡ᠄ ᠤᠯᠠᠭᠠᠶ ᠬᠠᠮᠢᠶᠠᠷᠤᠯᠲᠠ ᠶᠢᠨ ᠣᠷᠣᠨ ᠤ ᠵᠠᠰᠠᠭ ᠤᠨ ᠶᠠᠪᠤᠳᠠᠯ ᠤᠨ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号