ᠲᠡᠭᠷᠢ ᠶᠢᠨ ᠬᠠᠶᠠᠭ᠎ᠠ ᠶᠢᠨ ᠲᠠᠯ᠎ᠠ ᠨᠤᠲᠤᠭ ᠢᠶᠠᠷ ᠵᠤᠭᠠᠴᠠᠵᠤ ᠪᠦᠯᠢᠶᠡᠨ ᠪᠤᠯᠠᠭ ᠢᠶᠠᠷ ᠰᠡᠯᠡᠭᠦᠴᠡᠨ ᠲᠤᠭᠤᠷᠢᠬᠤ
ᠨᠡᠶᠢᠲᠡᠯᠡᠭᠰᠡᠨ ᠴᠠᠭ᠄
2024/8/7

    ᠪᠦᠯᠢᠶᠡᠨ ᠪᠤᠯᠠᠭ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠪᠣᠯ ᠤᠯᠤᠰ ᠤᠨ 4A ᠲᠡᠰ ᠤᠨ

ᠵᠢᠭᠤᠯᠴᠢᠯᠠᠯ ᠤᠨ ᠦᠵᠡᠮᠵᠢ ᠶᠢᠨ ᠣᠷᠣᠨ ᠪᠣᠯᠣᠨ᠎ᠠ᠂ ᠤᠯᠠᠭᠠᠢ ᠶᠢᠨ ᠮᠠᠯᠵᠢᠯ ᠤᠨ ᠲᠠᠯᠠᠪᠠᠢ ᠶᠢᠨ ᠬᠢᠯᠢ ᠳᠤ ᠪᠠᠶᠢᠷᠢᠯᠠᠵᠤ᠂

ᠤᠯᠠᠭᠠᠢ ᠶᠢᠨ ᠪᠠᠶᠠᠨᠬᠤᠰᠢᠭᠤ ᠪᠠᠯᠭᠠᠰᠤ ᠠᠴᠠ ᠮᠣᠷᠳᠠᠵᠤ᠂ ᠨᠢᠭᠡ ᠵᠠᠮ ᠤᠮᠠᠷᠠᠰᠢ 10 ᠺᠢᠯᠣᠮᠧᠲᠷ ᠲᠤ ᠬᠦᠷᠳᠡᠭ᠃

ᠦᠵᠡᠮᠵᠢ ᠶᠢᠨ ᠣᠷᠣᠨ ᠤ ᠲᠠᠯᠠᠪᠠᠢ ᠨᠢ 1 ᠲᠦᠮᠡᠨ ᠮᠦ ᠪᠠᠶᠢᠵᠤ᠂ 2005 ᠣᠨ ᠤ ᠤᠯᠠᠭᠠᠢ ᠮᠠᠯᠵᠢᠯ ᠤᠨ

ᠲᠠᠯᠠᠪᠠᠢ ᠠᠴᠠ ᠡᠬᠢᠯᠡᠨ ᠪᠡᠯᠡ ᠣᠷᠣᠭᠤᠯᠤᠨ ᠪᠠᠶᠢᠭᠤᠯᠤᠭᠰᠠᠨ ᠵᠢᠭᠤᠯᠴᠢᠯᠠᠯ᠂ ᠢᠳᠡᠭᠡᠨ ᠤᠮᠳᠠᠭᠠᠨ᠂ ᠬᠤᠨᠤᠭ᠂

ᠵᠤᠭ᠎ᠠ ᠴᠡᠩᠭᠡᠯ  ᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠢ ᠵᠢᠭᠤᠯᠴᠢᠯᠠᠯ ᠤᠨ ᠦᠵᠡᠮᠵᠢ ᠶᠢᠨ

ᠣᠷᠣᠨ ᠪᠣᠯᠣᠨ᠎ᠠ᠂ ᠦᠵᠡᠮᠵᠢ ᠶᠢᠨ ᠣᠷᠣᠨ ᠤ ᠳᠣᠲᠣᠷ᠎ᠠ ᠪᠠᠶᠢᠭᠠᠯᠢᠯᠢᠭ ᠲᠠᠯ᠎ᠠ ᠨᠤᠲᠤᠭ᠂ ᠪᠠᠶᠢᠭᠠᠯᠢ ᠶᠢᠨ ᠪᠤᠯᠠᠭ ᠤᠨ

ᠤᠰᠤ᠂ ᠡᠯ᠎ᠡ ᠵᠦᠢᠯ ᠤᠨ ᠬᠡᠭᠡᠷ᠎ᠡ ᠶᠢᠨ ᠠᠮᠢᠲᠠᠨ ᠤᠷᠭᠤᠮᠠᠯ ᠵᠡᠷᠭᠡ ᠪᠠᠶᠢᠭᠠᠯᠢ ᠶᠢᠨ ᠦᠵᠡᠮᠵᠢ ᠪᠠᠶᠢᠬᠤ ᠮᠥᠷᠲᠡᠭᠡᠨ

ᠪᠠᠰᠠ ᠨᠠᠢᠮᠠᠨ ᠥᠨᠴᠥᠭᠲᠦ ᠲᠢᠩᠬᠢᠮ᠂ ᠮᠣᠩᠭᠤᠯ ᠭᠡᠷ᠂ ᠪᠢᠩᠲ᠋ᠤᠸᠠᠨ ᠤ ᠪᠠᠷᠢᠯᠭ᠎ᠠ ᠵᠡᠷᠭᠡ ᠥᠪᠡᠷᠮᠢᠴᠡ ᠬᠥᠮᠥᠨ

ᠨᠡᠶᠢᠭᠡᠮ ᠤᠨ ᠦᠵᠡᠮᠵᠢ ᠪᠤᠶ᠃ ︽ᠴᠢᠨ᠋ᠸ᠎ᠠ ᠲᠣᠲ᠋ᠧᠮ︾᠂︽ᠳᠠᠯᠠᠢ ᠶᠢᠨ ᠡᠴᠦᠰ ᠦᠨ ᠲᠠᠯ᠎ᠠ ᠨᠤᠲᠤᠭ︾ ᠵᠡᠷᠭᠡ 10

ᠭᠠᠷᠤᠢᠺᠢᠨᠣ᠋ ᠠᠳᠡᠬᠢ ᠦᠵᠡᠮᠵᠢ ᠶᠢ ᠰᠡᠭᠦᠳᠡᠷᠯᠡᠨ ᠠᠪᠴᠠᠢ᠃

    ᠡᠨᠡ ᠵᠢᠯ ᠪᠦᠯᠢᠶᠡᠨ ᠪᠤᠯᠠᠭ ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠣᠷᠣᠨ ᠨᠤᠲᠤᠭ ᠤᠨ ᠣᠨᠴᠠᠯᠢᠭᠲᠤ

ᠰᠣᠶᠣᠯ ᠤᠨ ᠵᠢᠭᠤᠯᠴᠢᠯᠠᠯ ᠤᠨ ᠠᠭᠤᠯᠤᠭᠳᠠᠬᠤᠨ ᠢ ᠭᠦᠨ ᠮᠠᠯᠲᠠᠵᠤ᠂ ᠵᠢᠭᠤᠯᠴᠢᠯᠠᠯ ᠤᠨ ᠬᠥᠲᠥᠴᠢ ᠶᠢᠨ

ᠲᠠᠶᠢᠯᠪᠤᠷᠢᠯᠠᠬᠤ ᠠᠭᠤᠯᠭ᠎ᠠ ᠶᠢ ᠴᠠᠭ ᠲᠤᠬᠠᠢ ᠳᠤᠨᠢ ᠰᠢᠨᠡᠳᠭᠡᠨ ᠵᠢᠷᠤᠮᠵᠢᠭᠤᠯᠤᠨ᠎ᠠ᠃ ᠳ᠋ᠠᠨ ᠳ᠋ᠦᠩ ᠣᠯᠠᠨ

ᠤᠯᠤᠰ ᠤᠨ ᠵᠢᠭᠤᠯᠴᠢᠯᠠᠯ ᠤᠨ ᠬᠤᠷᠢᠶ᠎ᠠ ᠶᠢᠨ ᠬᠢᠵᠠᠭᠠᠷᠲᠤ ᠺᠣᠮᠫᠠᠨᠢ ︽ᠪᠦᠯᠢᠶᠡᠨ ᠪᠤᠯᠠᠭ ᠦᠵᠡᠮᠵᠢ ᠶᠢᠨ ᠣᠷᠣᠨ ᠤ

ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠤ ᠲᠥᠷᠥᠯ ᠵᠦᠢᠯ︾ ︽ᠪᠦᠯᠢᠶᠡᠨ ᠪᠤᠯᠠᠭ ᠦᠵᠡᠮᠵᠢ ᠶᠢᠨ ᠣᠷᠣᠨ ᠤ

ᠪᠣᠳᠠᠲᠤ ᠦᠵᠡᠮᠵᠢ ᠶᠢᠨ ᠵᠦᠴᠦᠭᠡ ᠶᠢᠨ ᠲᠣᠭᠯᠠᠯᠲᠠ ᠶᠢᠨ ᠤᠷᠠᠯᠢᠭ ᠤᠨ ᠲᠥᠷᠥᠯ ᠵᠦᠢᠯ︾ ᠤᠨ ᠲᠤᠬᠠᠢ

ᠵᠥᠪᠳᠡᠯᠴᠡᠵᠦ ᠬᠠᠮᠲᠤᠷᠠᠨ ᠠᠵᠢᠯᠯᠠᠵᠤ᠂ ᠪᠡᠯᠡ ᠣᠷᠣᠭᠤᠯᠵᠤ ᠦᠵᠡᠮᠵᠢ ᠶᠢᠨ ᠣᠷᠣᠨ ᠤ ᠪᠠᠷᠠᠭᠤᠨ ᠲᠠᠯ᠎ᠠ ᠶᠢᠨ

ᠨᠡᠭᠦᠳᠡᠯ ᠰᠣᠶᠣᠯ ᠤᠨ ᠪᠡᠶᠡᠴᠢᠯᠡᠨ ᠣᠶᠢᠯᠠᠭᠠᠬᠤ ᠲᠣᠭᠤᠷᠢᠭ ᠢ ᠰᠢᠨ᠎ᠡ ᠪᠠᠷ ᠪᠠᠶᠢᠭᠤᠯᠵᠤ᠂ ᠲᠣᠮᠣ ᠬᠡᠯᠪᠡᠷᠢ ᠶᠢᠨ ᠮᠣᠷᠢᠨ

ᠮᠡᠷᠭᠡᠵᠢᠯ ᠤᠨ ᠲᠣᠭᠯᠠᠯᠲᠠ ᠶᠢᠨ ᠲᠣᠭᠤᠷᠢᠭ ᠢ ᠰᠢᠨ᠎ᠡ ᠪᠠᠷ ᠪᠠᠢᠭᠤᠯᠵᠠᠢ᠃ ᠦᠨᠳᠦᠰᠦᠲᠡᠨ ᠤ ᠪᠦᠯᠬᠦᠮᠳᠡᠯ ᠲᠠᠢ

ᠤᠶᠠᠯᠳᠤᠭᠤᠯᠤᠨ᠂ ᠲᠠᠯ᠎ᠠ ᠨᠤᠲᠤᠭ ᠤᠨ ᠰᠣᠶᠣᠯ ᠢᠶᠠᠷ ᠠᠬᠤᠢ ᠪᠠᠶᠢᠳᠠᠯ ᠢ ᠪᠣᠯᠭᠠᠭᠰᠠᠨ ᠲᠣᠮᠣ ᠬᠡᠯᠪᠡᠷᠢ ᠶᠢᠨ ᠪᠣᠳᠠᠲᠤ

ᠦᠵᠡᠮᠵᠢ ᠶᠢᠨ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠵᠦᠴᠦᠭᠡ ᠶᠢᠨ ᠦᠢᠯᠡ ᠶᠠᠪᠤᠳᠠᠯ ᠨᠢ ᠦᠨᠳᠦᠰᠦᠲᠡᠨ ᠤ

ᠰᠣᠶᠣᠯ ᠤᠨ ᠣᠯᠠᠨ ᠵᠦᠢᠯ ᠤᠨ ᠡᠯᠧᠮᠧᠨ᠋ᠲ ᠢ ᠣᠷᠣᠭᠤᠯᠪᠠ᠂ ᠵᠢᠱᠢᠶᠡᠯᠡᠪᠡᠯ᠂ ᠪᠥᠬᠡ ᠪᠠᠷᠢᠯᠳᠤᠬᠤ᠂ ᠰᠤᠷ ᠬᠠᠷᠪᠤᠬᠤ᠂

ᠠᠪᠠ ᠠᠩᠨᠠᠬᠤ᠂ ᠪᠥᠭᠡᠮᠥᠷᠭᠦᠯ᠂ ᠮᠣᠷᠢᠨ ᠬᠤᠭᠤᠷ᠂ ᠨᠠᠭᠠᠳᠤᠮ ᠵᠡᠷᠭᠡ ᠵᠤᠭᠠᠴᠠᠭᠰᠠᠳ ᠲᠤ ᠦᠨᠳᠦᠰᠦᠲᠡᠨ ᠤ

ᠰᠣᠶᠣᠯ ᠢ ᠭᠦᠨᠵᠡᠭᠡᠢ ᠮᠡᠳᠡᠷᠡᠭᠦᠯᠵᠦ᠂ ᠨᠡᠭᠦᠳᠡᠯ ᠰᠣᠶᠣᠯ ᠢ ᠣᠶᠢᠯᠠᠭᠠᠭᠤᠯᠪᠠ᠃ ᠡᠭᠦᠨ ᠤ ᠬᠠᠮᠲᠤ ᠳᠣᠣᠷ᠎ᠠ ᠠᠭᠠᠷ ᠤᠨ

ᠨᠢᠰᠦᠯᠲᠡ ᠶᠢᠨ ᠲᠥᠷᠥᠯ ᠵᠦᠢᠯ ᠢ ᠣᠷᠣᠭᠤᠯᠵᠤ᠂ ᠵᠤᠭᠠᠴᠠᠭᠰᠠᠳ ᠤᠨ ᠠᠭᠠᠷ ᠤᠨ ᠠᠶᠠᠯᠠᠯ ᠵᠢᠭᠤᠯᠴᠢᠯᠠᠯ ᠤᠨ

ᠪᠡᠶᠡᠴᠢᠯᠡᠨ ᠣᠶᠢᠯᠠᠭᠠᠯᠲᠠ ᠶᠢ

ᠬᠠᠩᠭᠠᠨ᠎ᠠ᠃

    ᠦᠳᠡᠰᠢ ᠶᠢᠨ ᠬᠥᠰᠢᠭᠡ ᠪᠠᠭᠤᠬᠤ ᠳᠤ᠂ ᠲᠠᠯ᠎ᠠ ᠨᠤᠲᠤᠭ  ᠤᠨ ᠣᠭᠲᠠᠷᠭᠤᠢ ᠳᠤ ᠷᠣᠮᠠᠨᠲ᠋ᠢᠭ ᠥᠩᠭᠡ ᠪᠣᠯᠤᠭᠰᠠᠨ ᠨᠢ ᠪᠠᠷᠤᠭ ᠳᠡᠯᠡᠬᠡᠢ ᠳᠡᠭᠡᠷᠡᠬᠢ ᠬᠠᠮᠤᠭ ᠤᠨ ᠭᠤᠶᠣ ᠦᠵᠡᠮᠵᠢ ᠪᠣᠯᠣᠨ᠎ᠠ᠃ ᠲᠦᠳᠡᠭ ᠭᠠᠯ ᠤᠨ ᠳᠡᠷᠭᠡᠳᠡ

ᠳᠠᠭᠤᠯᠠᠨ ᠪᠥᠵᠢᠭᠯᠡᠵᠦ᠂ ᠪᠠᠶᠠᠷᠯᠠᠨ ᠢᠨᠢᠶᠡᠯᠴᠡᠬᠦ ᠳᠠᠭᠤᠨ ᠤ ᠳᠤᠮᠳᠠ ᠪᠢᠳᠡ ᠬᠥᠮᠥᠨ ᠤ ᠶᠢᠷᠲᠢᠨᠴᠦ ᠶᠢᠨ ᠬᠠᠮᠤᠭ ᠤᠨ ᠴᠢᠩ ᠦᠨᠡᠨᠴᠢ ᠠᠮᠢᠳᠤᠷᠠᠯ ᠤᠨ ᠵᠢᠷᠤᠭ ᠢᠣᠯᠵᠤ ᠬᠠᠷᠠᠵᠠᠢ᠃ ᠡᠨᠡ ᠨᠢ ᠨᠠᠮ ᠰᠡᠯᠡᠭᠦᠨ ᠲᠠᠯ᠎ᠠ ᠨᠤᠲᠤᠭ ᠲᠤ ᠢᠷᠠᠭᠤ

ᠰᠠᠶᠢᠬᠠᠨ ᠰᠣᠨᠣᠰᠬᠠᠯ ᠤᠨ ᠬᠥᠭ ᠠᠶᠠᠰ ᠢ ᠪᠢᠴᠢᠭᠯᠡᠭᠰᠡᠨ ᠰᠢᠭ ᠰᠠᠨᠠᠭᠳᠠᠨ᠎ᠠ᠃

 
ᠢᠷᠡᠯᠲᠡ᠄ ᠤᠯᠠᠭᠠᠶ ᠬᠠᠮᠢᠶᠠᠷᠤᠯᠲᠠ ᠶᠢᠨ ᠣᠷᠣᠨ ᠤ ᠵᠠᠰᠠᠭ ᠤᠨ ᠶᠠᠪᠤᠳᠠᠯ ᠤᠨ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号