ᠣᠷᠳᠣᠰ ᠬᠤᠲᠠ ᠠᠭᠠᠷ ᠠᠶᠠᠯᠠᠯ ᠢᠶᠠᠷ ᠲᠦᠮᠡᠨ ᠬᠥᠮᠥᠨ ᠢ ᠬᠢᠯᠢ ᠳᠤ ᠣᠷᠣᠵᠤ ᠵᠢᠭᠤᠯᠴᠢᠯᠠᠭᠤᠯᠬᠤ ᠬᠤᠲᠠ ᠶᠢ | ᠳᠤᠯᠠᠭᠠᠴᠠᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠪᠠ᠃ ᠤᠷᠢᠳ ᠬᠤᠵᠢᠳ ᠺᠣᠷᠢᠶᠠ ᠶᠢᠨ ᠰᠧᠦ᠋ᠯ᠂ ᠶᠢᠨ ᠴᠧᠨ᠂ ᠵᠧ ᠵᠦ᠂ ᠮᠦ ᠠᠨ᠂ | ᠸᠢᠶᠧᠲᠨᠠᠮ ᠤᠨ ᠬᠠᠨᠤᠢ ᠵᠡᠷᠭᠡ 6 ᠵᠤᠷᠪᠤᠰ ᠣᠯᠠᠨ ᠤᠯᠤᠰ ᠤᠨ ᠰᠢᠭᠤᠳ ᠨᠢᠰᠬᠦ ᠠᠶᠠᠯᠠᠯ ᠤᠨ ᠱᠤᠭᠤᠮ ᠢ | ᠨᠡᠪᠲᠡᠷᠡᠭᠦᠯᠪᠡ᠃ ᠡᠭᠦᠨ ᠤ ᠬᠠᠮᠲᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠵᠣᠷᠢᠭᠵᠢᠭᠤᠯᠬᠤ | ᠪᠠ ᠬᠥᠲᠥᠯᠥᠨ ᠵᠢᠯᠤᠭᠤᠳᠴᠤ ᠪᠠᠶᠢᠭᠠᠳ ᠠᠳᠠᠯᠢ ᠪᠤᠰᠤ ᠬᠥᠮᠥᠰ ᠲᠤ ᠴᠢᠭᠯᠡᠭᠦᠯᠦᠨ᠂ ᠬᠢᠯᠢ ᠪᠠᠷ ᠣᠷᠣᠵᠤ ᠢᠷᠡᠬᠦ | ᠵᠢᠭᠤᠯᠴᠢᠯᠠᠯ ᠤᠨ ᠵᠣᠬᠢᠴᠠᠩᠭᠤᠢ ᠪᠦᠲᠦᠭᠡᠭᠳᠡᠬᠦᠨ ᠢ ᠭᠠᠷᠭᠠᠵᠤ᠂ ᠵᠢᠭᠤᠯᠴᠢᠯᠠᠯ ᠤᠨ ᠰᠣᠳᠣᠨ ᠵᠠᠮ ᠱᠤᠭᠤᠮ ᠢ | ᠲᠥᠯᠥᠪᠯᠡᠵᠦ᠂ ᠬᠠᠷᠢᠯᠴᠠᠨ ᠬᠥᠳᠡᠯᠦᠯᠴᠡᠬᠦ ᠪᠡᠶᠡᠴᠢᠯᠡᠨ ᠣᠷᠣᠯᠴᠠᠬᠤ ᠲᠥᠷᠥᠯ ᠵᠦᠢᠯ ᠢ ᠬᠠᠩᠭᠠᠵᠤ᠂ ᠵᠢᠭᠤᠯᠴᠢᠯᠠᠯ ᠤᠨ | ᠣᠯᠠᠨ ᠨᠡᠶᠢᠲᠡ ᠶᠢᠨ ᠦᠢᠯᠡᠴᠢᠯᠡᠭᠡᠨ ᠤ ᠳᠡᠯᠡᠬᠡᠶᠢᠵᠢᠭᠰᠡᠨ ᠲᠦᠪᠰᠢᠨ ᠢ ᠳᠡᠭᠡᠭᠰᠢᠯᠡᠭᠦᠯᠦᠨ᠎ᠡ᠃ 7 ᠳ᠋ᠤᠭᠠᠷ ᠰᠠᠷ᠎ᠠ ᠳᠤ᠂ | ᠣᠷᠳᠣᠰ ᠨᠢᠰᠬᠡᠯ ᠤᠨ ᠪᠠᠭᠤᠳᠠᠯ ᠨᠢ 39.2 ᠲᠦᠮᠡᠨ ᠬᠥᠮᠥᠨ ᠤᠳᠠᠭ᠎ᠠ ᠠᠶᠠᠨᠴᠢᠳ ᠢ ᠳᠤᠰᠤᠭᠰᠠᠨ ᠪᠠ ᠬᠦᠷᠭᠡᠵᠦ᠂ | 3320 ᠤᠳᠠᠭ᠎ᠠ ᠶᠢᠨ ᠲᠡᠭᠡᠭᠡᠪᠦᠷᠢ ᠶᠢᠨ ᠨᠢᠰᠦᠯᠲᠡ ᠶᠢ ᠪᠠᠲᠤᠯᠠᠵᠤ᠂ ᠡᠳᠦᠷ ᠳᠤᠮᠳᠠᠴᠢ ᠪᠠᠷ ᠠᠶᠠᠨᠴᠢᠳ ᠢ | ᠣᠷᠣᠭᠤᠯᠵᠤ ᠭᠠᠷᠭᠠᠭᠰᠠᠨ ᠬᠡᠮᠵᠢᠶ᠎ᠡ ᠨᠢ 1.26 ᠲᠦᠮᠡᠨ ᠬᠥᠮᠥᠨ ᠤᠳᠠᠭ᠎ᠠ ᠳᠤ ᠬᠦᠷᠴᠦ᠂ ᠡᠳᠡᠭᠡᠷ ᠨᠢ ᠴᠥᠮ | ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃ ︵ᠣᠷᠳᠣᠰ ᠬᠤᠳᠠ ᠶᠢᠨ ᠵᠠᠰᠠᠭ ᠤᠨ ᠣᠷᠳᠣᠨ︶ |