ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠵᠡᠷᠭᠡ ᠲᠤᠯᠤᠭᠠᠨ ᠰᠠᠯᠠᠭ᠎ᠠ ᠮᠥᠴᠢᠷ ᠬᠠᠮᠲᠤᠷᠠᠨ ︽ | ᠵᠣᠵᠢᠭ ᠬᠡᠮ ᠲᠠᠢ ᠬᠡᠦᠬᠡᠳ ᠢ ᠬᠠᠯᠠᠮᠵᠢᠯᠠᠨ ᠬᠠᠶᠢᠷᠠᠯᠠᠬᠤ ᠶᠢ ᠠᠬᠢᠭᠤᠯᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ ︵ | 2024 — 2028 ᠣᠨ︶︾ ᠢ ᠨᠡᠶᠢᠲᠡᠯᠡᠪᠡ᠃ 29 ᠵᠦᠢᠯ ᠤᠨ ᠡᠮᠴᠢᠯᠡᠭᠡ ᠡᠷᠡᠭᠦᠯᠵᠢᠯ ᠤᠨ ᠵᠦᠢᠯᠡᠰ ᠢ | ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠤᠨ᠎ᠠ ᠭᠡᠵᠦ | ᠳᠤᠷᠠᠳᠴᠠᠢ᠃ | ᠲᠤᠰ ᠲᠥᠰᠥᠯ ᠳᠤ ᠮᠠᠨ ᠤ ᠤᠯᠤᠰ 5 ᠵᠢᠯ ᠣᠷᠴᠢᠮ ᠤᠨ ᠴᠠᠭ ᠢ ᠬᠡᠷᠡᠭᠰᠡᠵᠦ ᠪᠠᠶᠢᠭᠠᠳ ᠵᠣᠵᠢᠭ ᠬᠡᠮ ᠲᠠᠢ | ᠬᠡᠦᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠠᠵᠢᠯ ᠤᠨ ᠲᠣᠭᠲᠠᠴᠠ᠂ ᠦᠢᠯᠡᠴᠢᠯᠡᠭᠡᠨ ᠤ ᠰᠢᠰᠲ᠋ᠧᠮ ᠢ | ᠲᠡᠭᠦᠯᠳᠡᠷᠵᠢᠭᠦᠯᠬᠦ ᠶᠢ ᠠᠬᠢᠭᠤᠯᠵᠤ᠂ ᠵᠣᠵᠢᠭ ᠬᠡᠮ ᠲᠠᠢ ᠬᠡᠦᠬᠡᠳ ᠲᠤ ᠦᠢᠯᠡᠴᠢᠯᠡᠬᠦ ᠴᠢᠳᠠᠪᠤᠷᠢ ᠪᠠ ᠪᠠᠲᠤᠯᠠᠭ᠎ᠠ ᠶᠢᠨ | ᠨᠥᠬᠦᠴᠡᠯ ᠢ ᠳᠡᠭᠡᠭᠰᠢᠯᠡᠭᠦᠯᠵᠦ᠂ ᠵᠣᠵᠢᠭ ᠬᠡᠮ ᠲᠠᠢ ᠬᠡᠦᠬᠡᠳ ᠤᠨ ᠦᠰᠦᠨ ᠪᠣᠶᠢᠵᠢᠬᠤ᠂ ᠬᠥᠭᠵᠢᠬᠦ ᠣᠷᠴᠢᠨ | ᠨᠥᠬᠦᠴᠡᠯ ᠢ ᠪᠦᠲᠦᠮᠵᠢᠲᠡᠶ ᠰᠠᠶᠢᠵᠢᠷᠠᠭᠤᠯᠤᠨ᠎ᠠ᠃ 2024 ᠣᠨ ᠠᠴᠠ 2025 ᠣᠨ ᠪᠣᠯᠲᠠᠯ᠎ᠠ ᠡᠯ᠎ᠡ ᠮᠤᠵᠢ | ᠣᠷᠣᠨ ᠨᠥᠬᠦᠴᠡᠯ ᠲᠠᠢ ᠬᠤᠲᠠ᠂ ᠰᠢᠶᠠᠨ ᠢ ᠰᠣᠩᠭᠤᠵᠤ᠂ ᠵᠣᠵᠢᠭ ᠬᠡᠮ ᠲᠠᠢ ᠬᠡᠦᠬᠡᠳ ᠢ ᠬᠠᠯᠠᠮᠵᠢᠯᠠᠨ ᠬᠠᠶᠢᠷᠠᠯᠠᠬᠤ | ᠠᠵᠢᠯ ᠤᠨ ᠲᠣᠭᠲᠠᠴᠠ ᠶᠢ ᠤᠷᠢᠳ ᠢᠶᠠᠷ ᠪᠦᠷᠢᠨᠰᠢᠭᠦᠯᠦᠨ᠎ᠡ᠃ 2025 ᠣᠨ ᠠᠴᠠ 2028 ᠣᠨ ᠪᠣᠯᠲᠠᠯ᠎ᠠ ᠪᠣᠶ | ᠪᠦᠬᠦᠢ ᠬᠤᠲᠠ᠂ ᠰᠢᠶᠠᠨ ᠳᠤ ᠵᠣᠵᠢᠭ ᠬᠡᠮ ᠲᠠᠢ ᠬᠡᠦᠬᠡᠳ ᠢ ᠬᠠᠯᠠᠮᠵᠢᠯᠠᠨ ᠬᠠᠶᠢᠷᠠᠯᠠᠬᠤ ᠠᠵᠢᠯ ᠤᠨ ᠲᠣᠭᠲᠠᠴᠠ ᠶᠢ | ᠨᠡᠶᠢᠳᠡᠮ ᠲᠡᠭᠦᠯᠳᠡᠷᠵᠢᠭᠦᠯᠬᠦ ᠶᠢ ᠠᠬᠢᠭᠤᠯᠵᠤ᠂ ᠵᠣᠵᠢᠭ ᠬᠡᠮ ᠲᠠᠢ ᠬᠡᠦᠬᠡᠳ ᠤᠨ ᠬᠥᠭᠵᠢᠯᠲᠡ ᠶᠢᠨ ᠪᠥᠬᠦ ᠶᠠᠪᠤᠴᠠ ᠶᠢᠨ | ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠡᠭᠦᠷᠭᠡ ᠪᠠ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ | ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ ᠭᠡᠵᠦ ᠳᠤᠷᠠᠳᠴᠠᠢ᠃ | ᠠᠵᠢᠯᠯᠠᠭ᠎ᠠ ᠶᠢᠨ ᠬᠤᠭᠤᠴᠠᠭᠠᠨ ᠳᠤ ᠡᠯ᠎ᠡ ᠭᠠᠵᠠᠷ ᠤᠨ ᠬᠢᠨ ᠵᠣᠵᠢᠭ ᠬᠡᠮ ᠲᠠᠢ ᠬᠡᠦᠬᠡᠳ ᠤᠨ ᠡᠮᠴᠢᠯᠡᠭᠡᠨ ᠤ | ᠪᠠᠲᠤᠯᠠᠭ᠎ᠠ ᠪᠠ ᠡᠷᠡᠭᠦᠯᠵᠢᠯ ᠤᠨ ᠠᠪᠤᠷᠠᠨ ᠲᠤᠰᠠᠯᠠᠬᠤ ᠠᠵᠢᠯ ᠢ ᠴᠢᠩᠭᠠᠳᠬᠠᠵᠤ᠂ ᠵᠣᠵᠢᠭ ᠬᠡᠮ ᠲᠠᠢ ᠬᠡᠦᠬᠡᠳ ᠤᠨ | ᠭᠡᠷ ᠪᠦᠯᠢ ᠶᠢᠨ ᠡᠮᠴᠢᠯᠡᠭᠡ ᠬᠢᠭᠡᠳ ᠡᠷᠡᠭᠦᠯᠵᠢᠯ ᠤᠨ ᠳᠠᠷᠤᠭᠠᠰᠤ ᠶᠢ ᠬᠥᠩᠭᠡᠷᠡᠭᠦᠯᠵᠦ᠂ ᠣᠲᠣ ᠦᠶ᠎ᠡ ᠶᠢᠨ ᠡᠷᠡᠭᠦᠯᠵᠢᠯ᠂ | ᠬᠢᠲᠠᠳ ᠡᠮᠨᠡᠯᠭᠡ ᠶᠢᠨ ᠡᠷᠡᠭᠦᠯᠵᠢᠯ ᠵᠡᠷᠭᠡ 29 ᠵᠦᠢᠯ ᠤᠨ ᠡᠮᠴᠢᠯᠡᠭᠡᠨ ᠤ ᠡᠷᠡᠭᠦᠯᠵᠢᠯ ᠤᠨ ᠲᠥᠷᠥᠯ ᠵᠦᠢᠯ ᠢ | ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠬᠤ ᠱᠠᠭᠠᠷᠳᠠᠯᠭ᠎ᠠ ᠶᠢ | ᠨᠠᠶᠢᠳᠠᠪᠤᠷᠢᠵᠢᠭᠤᠯᠬᠤ ᠬᠡᠷᠡᠭᠲᠡᠢ᠃ ᠨᠥᠬᠦᠴᠡᠯ ᠲᠠᠢ ᠭᠠᠵᠠᠷ ᠣᠷᠣᠨ ᠨᠢ ᠰᠠᠭᠤᠷᠢ ᠮᠥᠩᠭᠦᠨ ᠤ ᠳᠠᠭᠠᠭᠠᠬᠤ | ᠴᠢᠳᠠᠪᠤᠷᠢ ᠲᠠᠢ ᠤᠶᠠᠯᠳᠤᠭᠤᠯᠤᠨ ᠡᠭᠦᠳᠡᠨ ᠡᠮᠨᠡᠯᠭᠡ ᠶᠢᠨ ᠪᠠᠲᠤᠯᠠᠭ᠎ᠠ ᠶᠢ ᠴᠢᠩᠭᠠᠳᠬᠠᠬᠤ ᠶᠢᠨ ᠬᠠᠮᠲᠤ | ᠡᠷᠡᠭᠦᠯᠵᠢᠯ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠢᠳᠡᠪᠬᠢᠲᠡᠢ ᠳᠡᠭᠡᠭᠰᠢᠯᠡᠭᠦᠯᠵᠦ᠂ ᠠᠪᠤᠷᠠᠨ ᠲᠤᠰᠠᠯᠠᠬᠤ ᠨᠠᠰᠤᠨ ᠤ | ᠬᠡᠪᠴᠢᠶ᠎ᠡ ᠶᠢ ᠥᠷᠭᠡᠳᠬᠡᠨ᠂ ᠨᠥᠬᠦᠴᠡᠯ ᠳᠤ ᠨᠡᠶᠢᠴᠡᠬᠦ ᠵᠣᠵᠢᠭ ᠬᠡᠮ ᠲᠠᠢ ᠬᠡᠦᠬᠡᠳ ᠢ ︽ᠠᠪᠤᠷᠠᠪᠠᠯ ᠵᠣᠬᠢᠬᠤ ᠶᠢ ᠨᠢ | ᠪᠦᠬᠦᠨ ᠢ ᠠᠪᠤᠷᠠᠬᠤ︾ ᠶᠢ ᠦᠨᠡᠨᠬᠦ ᠪᠠᠲᠤᠯᠠᠬᠤ ᠬᠡᠷᠡᠭᠲᠡᠢ᠃ | ᠡᠯ᠎ᠡ ᠭᠠᠵᠠᠷ ᠤᠨ ᠬᠢᠨ ᠲᠠᠰ ᠳᠠᠪᠬᠤᠷᠭ᠎ᠠ ᠲᠥᠷᠥᠯ ᠬᠤᠪᠢᠶᠠᠭᠰᠠᠨ ᠨᠡᠶᠢᠭᠡᠮ ᠤᠨ ᠠᠪᠤᠷᠠᠨ ᠲᠤᠰᠠᠯᠠᠬᠤ | ᠰᠢᠰᠲ᠋ᠧᠮ ᠢ ᠪᠦᠷᠢᠨᠰᠢᠭᠦᠯᠵᠦ᠂ ᠨᠥᠬᠦᠴᠡᠯ ᠳᠤ ᠨᠡᠶᠢᠴᠡᠬᠦ ᠵᠣᠵᠢᠭ ᠬᠡᠮ ᠲᠠᠢ ᠬᠡᠦᠬᠡᠳ ᠤᠨ ᠭᠡᠷ ᠪᠦᠯᠢ ᠶᠢ | ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠵᠡᠷᠭᠡ ᠨᠡᠶᠢᠭᠡᠮ ᠤᠨ ᠠᠪᠤᠷᠠᠨ ᠲᠤᠰᠠᠯᠠᠬᠤ ᠪᠠᠲᠤᠯᠠᠭ᠎ᠠ ᠶᠢᠨ | ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠤ ᠣᠷᠣᠭᠤᠯᠬᠤ ᠬᠡᠷᠡᠭᠲᠡᠢ᠃ ᠭᠡᠨᠡᠳᠲᠡ ᠶᠢᠨ ᠬᠡᠷᠡᠭ᠂ ᠰᠠᠨᠠᠭᠠᠨ ᠳᠤ ᠦᠭᠡᠢ | ᠭᠡᠮᠲᠦᠯ ᠳᠤ ᠤᠴᠠᠷᠠᠭᠰᠠᠨ ᠵᠡᠷᠭᠡ ᠪᠠᠶᠢᠳᠠᠯ᠂ ᠦᠨᠳᠦᠰᠦᠨ ᠠᠮᠢᠳᠤᠷᠠᠯ ᠨᠢ ᠬᠦᠴᠢᠷᠳᠡᠯ ᠳᠤ ᠲᠤᠯᠭᠠᠷᠠᠭᠰᠠᠨ ᠵᠣᠵᠢᠭ | ᠬᠡᠮ ᠲᠠᠢ ᠬᠡᠦᠬᠡᠳ ᠤᠨ ᠭᠡᠷ ᠪᠦᠯᠢ ᠳᠤ ᠡᠯ᠎ᠡ ᠭᠠᠵᠠᠷ ᠤᠨ ᠬᠢᠨ ᠲᠦᠷ ᠴᠠᠭ ᠤᠨ ᠲᠤᠰᠠᠯᠠᠮᠵᠢ ᠦᠵᠡᠭᠦᠯᠬᠦ ᠬᠡᠷᠡᠭᠲᠡᠢ᠃ | ᠨᠥᠬᠦᠴᠡᠯ ᠲᠠᠢ ᠭᠠᠵᠠᠷ ᠣᠷᠣᠨ ᠨᠢ ᠬᠦᠨᠳᠦ ᠵᠡᠮᠳᠡᠭᠴᠦᠳ ᠢ ᠰᠤᠪᠢᠯᠠᠬᠤ ᠨᠥᠬᠦᠪᠦᠷᠢ ᠶᠢᠨ ᠬᠦᠷᠢᠶ᠎ᠡ ᠬᠡᠪᠴᠢᠶ᠎ᠡ ᠪᠠᠨ | ᠭᠤᠷᠪᠠ᠂ ᠳᠥᠷᠪᠡᠳᠦᠭᠡᠷ ᠳᠡᠰ ᠤᠨ ᠣᠶᠤᠨ ᠰᠠᠨᠠᠭᠠᠨ ᠤ ᠵᠡᠮᠳᠡᠭᠴᠦᠳ ᠬᠦᠷᠲᠡᠯ᠎ᠡ ᠥᠷᠭᠡᠳᠬᠡᠵᠦ ᠪᠣᠯᠣᠨ᠎ᠠ᠃ | ᠡᠭᠦᠨ ᠠᠴᠠ ᠭᠠᠳᠠᠨ᠎ᠠ ᠮᠠᠨ ᠤ ᠤᠯᠤᠰ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠵᠣᠵᠢᠭ | ᠬᠡᠮ ᠲᠠᠢ ᠰᠤᠷᠤᠭᠴᠢ ᠶᠢᠨ ᠤᠨᠴᠠᠭᠠᠢ ᠰᠤᠷᠭᠠᠨ ᠬᠥᠮᠦᠵᠢᠯ ᠬᠦᠷᠳᠡᠬᠦ ᠬᠥᠮᠥᠨ ᠳᠤᠮᠳᠠᠴᠢ ᠶᠢᠨ ᠨᠡᠶᠢᠲᠡ ᠶᠢᠨ | ᠬᠡᠷᠡᠭᠯᠡᠭᠡᠨ ᠤ ᠵᠠᠷᠤᠳᠠᠯ ᠤᠨ ᠪᠠᠷᠢᠮᠵᠢᠶ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠰᠣᠷᠣᠭᠴᠢ ᠨᠢᠭᠡᠪᠦᠷᠢ ᠵᠢᠯ ᠳᠤ | 6000 ᠲᠥᠭᠦᠷᠢᠭ ᠪᠠᠶᠢᠭᠰᠠᠨ ᠠᠴᠠ 7000 ᠲᠥᠭᠦᠷᠢᠭ ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠦᠨ᠎ᠡ︔ ᠭᠡᠷ | ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠵᠣᠵᠢᠭ ᠬᠡᠮ ᠲᠠᠢ ᠰᠤᠷᠤᠭᠴᠢᠳ ᠲᠤ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠱᠠᠲᠤᠨ ᠳᠤ ᠰᠦᠢᠳᠬᠡᠯ ᠬᠤᠷᠢᠶᠠᠬᠤ ᠦᠭᠡᠢ ᠰᠤᠷᠭᠠᠨ ᠬᠥᠮᠦᠵᠢᠯ ᠬᠦᠷᠲᠡᠭᠡᠨ᠎ᠡ᠃ ᠬᠠᠮᠢᠶ᠎ᠠ ᠪᠦᠬᠦᠢ | ᠰᠠᠯᠠᠭ᠎ᠠ ᠮᠥᠴᠢᠷ ᠤᠳ ᠣᠲᠣ ᠶᠢᠨ ᠪᠠᠶᠢᠭ᠎ᠠ ᠵᠣᠵᠢᠭ ᠬᠡᠮ ᠲᠠᠢ ᠰᠤᠷᠤᠭᠴᠢ ᠶᠢ ᠬᠥᠮᠥᠵᠢᠭᠦᠯᠬᠦ ᠰᠤᠷᠭᠠᠭᠤᠯᠢ᠂ | ᠨᠥᠬᠦᠴᠡᠯ ᠲᠠᠢ ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ᠂ ᠶᠡᠭᠡ ᠳᠡᠭᠡᠳᠦ ᠰᠤᠷᠭᠠᠭᠤᠯᠢ ᠵᠡᠷᠭᠡ ᠳᠤ | ᠲᠦᠰᠢᠭᠯᠡᠨ ᠣᠷᠣᠨ ᠪᠦᠰᠡ ᠶᠢᠨ ᠵᠣᠵᠢᠭ ᠬᠡᠮ ᠲᠠᠢ ᠬᠡᠦᠬᠡᠳ ᠤᠨ ᠰᠤᠷᠭᠠᠨ ᠬᠥᠮᠦᠵᠢᠯ ᠤᠨ ᠵᠢᠯᠤᠭᠤᠳᠬᠤ ᠲᠥᠪ | ᠪᠠᠶᠢᠭᠤᠯᠬᠤ ᠶᠢ ᠳᠡᠮᠵᠢᠵᠦ᠂ ᠰᠤᠷᠭᠠᠭᠤᠯᠢ᠂ ᠭᠡᠷ ᠪᠦᠯᠢ ᠪᠠ ᠨᠡᠶᠢᠭᠡᠮ ᠲᠣᠭᠤᠷᠢᠭ ᠲᠠᠬᠢ ᠵᠢᠯᠣᠭᠤᠳᠤᠯᠭ᠎ᠠ ᠶᠢ | ᠴᠢᠩᠭᠠᠳᠬᠠᠨ᠂ ᠵᠣᠵᠢᠭ ᠬᠡᠮ ᠲᠠᠢ ᠬᠡᠦᠬᠡᠳ ᠲᠤ ᠬᠠᠨᠳᠤᠭᠤᠯᠤᠭᠰᠠᠨ ᠣᠨᠴᠠᠭᠠᠢ ᠰᠤᠷᠭᠠᠨ ᠬᠥᠮᠦᠵᠢᠯ ᠤᠨ | ᠦᠢᠯᠡᠴᠢᠯᠡᠭᠡᠨ ᠤ ᠲᠣᠭᠲᠠᠴᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠎ᠡ᠃ | | |