ᠦᠶᠡᠷ ᠤᠨ ᠬᠤᠭᠤᠴᠠᠭᠠᠨ ᠳᠠᠬᠢ ᠭᠠᠳᠠᠭᠰᠢ ᠵᠢᠭᠤᠯᠴᠢᠯᠠᠬᠤ ᠲᠠᠯ᠎ᠠ ᠪᠠᠷ ᠬᠢ ᠠᠮᠤᠷ ᠲᠦᠪᠰᠢᠨ ᠤ ᠰᠠᠨᠠᠭᠤᠯᠤᠮᠵᠢ
ᠨᠡᠶᠢᠲᠡᠯᠡᠭᠰᠡᠨ ᠴᠠᠭ᠄
2024/8/8

    ᠰᠣᠶᠣᠯ ᠵᠢᠭᠤᠯᠴᠢᠯᠠᠯ ᠤᠨ ᠶᠠᠮᠤᠨ ᠦᠶᠡᠷ ᠤᠨ ᠬᠤᠭᠤᠴᠠᠭᠠᠨ ᠳᠠᠬᠢ ᠭᠠᠳᠠᠭᠰᠢ ᠵᠢᠭᠤᠯᠴᠢᠯᠠᠬᠤ ᠲᠠᠯ᠎ᠠ ᠪᠠᠷ ᠬᠢ

ᠠᠮᠤᠷ ᠲᠦᠪᠰᠢᠨ ᠤ ᠰᠠᠨᠠᠭᠤᠯᠤᠮᠵᠢ ᠶᠢ ᠨᠡᠶᠢᠲᠡᠯᠡᠪᠡ

    ᠣᠳᠣᠬᠠᠨ ᠳᠤ᠂ ᠮᠠᠨ ᠤ ᠤᠯᠤᠰ ᠶᠠᠭ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠪᠠ᠂

ᠡᠨᠡ ᠬᠦ ᠬᠤᠭᠤᠴᠠᠭᠠᠨ ᠳᠤ ᠬᠡᠴᠡᠭᠦᠦ ᠠᠭᠤᠷ ᠠᠮᠢᠰᠬᠤᠯ ᠣᠯᠠᠨᠲᠠ ᠡᠭᠦᠰᠳᠡᠭ ᠪᠣᠯᠬᠤᠷ ᠰᠣᠶᠣᠯ ᠪᠠ

ᠵᠢᠭᠤᠯᠴᠢᠯᠠᠯ ᠤᠨ ᠶᠠᠮᠤᠨ ᠠᠴᠠ ᠥᠷᠭᠡᠨ ᠣᠯᠠᠨ ᠵᠢᠭᠤᠯᠴᠢᠯᠠᠭᠴᠢᠳ ᠲᠤ ᠵᠢᠭᠤᠯᠴᠢᠯᠠᠯ ᠤᠨ ᠲᠠᠯ᠎ᠠ ᠪᠠᠷ ᠬᠢ ᠠᠮᠤᠷ

ᠲᠦᠪᠰᠢᠨ ᠢᠶᠠᠨ ᠣᠨᠴᠠ ᠠᠩᠬᠠᠷᠬᠤ ᠶᠢ ᠰᠠᠨᠠᠭᠤᠯᠪᠠ᠄ ᠨᠢᠭᠡ ᠳᠤ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ

ᠠᠩᠬᠠᠷᠤᠨ᠎ᠠ᠃ ᠵᠢᠭᠤᠯᠴᠢᠯᠠᠨ ᠣᠴᠢᠬᠤ ᠭᠠᠵᠠᠷ ᠵᠢᠴᠢ ᠵᠠᠮ ᠳᠠᠭᠠᠤ ᠶᠢᠨ ᠠᠭᠤᠷ ᠠᠮᠢᠰᠬᠤᠯ ᠤᠨ ᠪᠠᠶᠢᠳᠠᠯ᠂

ᠢᠯᠠᠩᠭᠤᠶ᠎ᠠ ᠴᠠᠭ ᠠᠭᠤᠷ ᠪᠣᠯᠣᠨ ᠭᠠᠵᠠᠷ ᠬᠥᠷᠥᠰᠥᠨ ᠤ ᠭᠠᠮᠰᠢᠭ ᠤᠨ ᠲᠠᠯ᠎ᠠ ᠪᠠᠷ ᠬᠢ ᠰᠡᠷᠡᠮᠵᠢᠯᠡᠭᠦᠯᠬᠦ ᠮᠡᠳᠡᠭᠡ

ᠵᠠᠩᠭᠢ ᠶᠢ ᠣᠨᠴᠠ ᠠᠩᠬᠠᠷᠴᠤ᠂ ᠠᠶᠠᠯᠠᠵᠤ ᠵᠢᠭᠤᠯᠴᠢᠯᠠᠬᠤ ᠪᠠᠨ ᠵᠣᠬᠢᠰᠲᠠᠢ ᠲᠥᠯᠥᠪᠵᠢᠭᠦᠯᠵᠦ ᠴᠠᠭ ᠲᠤᠬᠠᠢ ᠳᠤ ᠨᠢ

ᠵᠣᠬᠢᠴᠠᠭᠤᠯᠬᠤ ᠬᠡᠷᠡᠭᠲᠡᠢ᠃ ᠬᠤᠶᠠᠷ ᠲᠤ᠂ ᠬᠤᠪᠢ ᠪᠡᠶ᠎ᠡ ᠶᠢᠨ ᠠᠮᠤᠷ ᠲᠦᠪᠰᠢᠨ ᠢᠶᠠᠨ ᠪᠠᠲᠤᠯᠠᠬᠤ ᠠᠵᠢᠯ ᠢ ᠰᠠᠶᠢᠲᠤᠷ

ᠬᠢᠨ᠎ᠡ᠃ ᠮᠠᠰᠢᠨ ᠲᠡᠷᠭᠡ ᠵᠢᠯᠤᠭᠤᠳᠬᠤ ᠪᠤᠶᠤ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠪᠠᠷ ᠭᠠᠳᠠᠭᠰᠢ

ᠭᠠᠷᠬᠤ ᠳᠤ ᠪᠠᠨ ᠵᠠᠪᠠᠯ ᠠᠶᠤᠯ ᠦᠭᠡᠢ ᠪᠦᠰᠡ ᠶᠢ ᠪᠦᠰᠡᠯᠡᠬᠦ  ᠬᠡᠷᠡᠭᠲᠡᠢ᠃ ᠭᠤᠷᠪᠠ ᠳᠤ᠂ ᠰᠡᠷᠭᠡᠶᠢᠯᠡᠬᠦ ᠦᠵᠡᠯ

ᠤᠬᠠᠮᠰᠠᠷ ᠢᠶᠠᠨ ᠳᠡᠭᠡᠭᠰᠢᠯᠡᠭᠦᠯᠦᠨ᠎ᠡ᠃ ᠵᠢᠭᠤᠯᠴᠢᠯᠠᠭᠰᠠᠨ ᠭᠠᠵᠠᠷ ᠲᠤ ᠪᠠᠨ ᠬᠤᠨᠣᠭᠯᠠᠬᠤ ᠳᠤ ᠭᠠᠯ ᠠᠴᠠ ᠵᠠᠶᠢᠯᠠᠵᠤ

ᠵᠢᠭᠤᠲᠠᠬᠤ ᠵᠠᠮ ᠵᠢᠴᠢ ᠣᠷᠣᠨ ᠰᠠᠭᠤᠴᠠ ᠶᠢᠨ ᠡᠷᠬᠢᠨ ᠲᠣᠭᠤᠷᠢᠨ ᠳᠠᠬᠢ ᠠᠮᠤᠷ ᠲᠦᠪᠰᠢᠨ ᠢᠶᠠᠨ ᠪᠠᠲᠤᠯᠠᠬᠤ

ᠪᠠᠶᠢᠳᠠᠯ ᠢ ᠴᠠᠭ ᠲᠤᠬᠠᠢ ᠳᠤ ᠨᠢ ᠣᠶᠢᠯᠠᠭᠠᠵᠤ ᠠᠪᠤᠭᠰᠠᠨ ᠪᠠᠶᠢᠬᠤ ᠬᠡᠷᠡᠭᠲᠡᠢ᠃

     ᠲᠥᠷᠥ ᠶᠢᠨ ᠶᠠᠪᠤᠳᠠᠯ ᠤᠨ ᠬᠤᠷᠢᠶᠠᠨ ᠤ ᠬᠡᠷᠡᠭᠯᠡᠭᠴᠢ ᠶᠢᠨ ᠦᠵᠦᠭᠦᠷ ᠤᠨ ᠵᠢᠵᠢᠭ ᠫᠷᠣᠭ᠍ᠷᠠᠮ ᠤᠨ ︽ᠦᠶᠡᠷ ᠢ

ᠰᠡᠷᠭᠡᠶᠢᠯᠡᠬᠦ ᠦᠢᠯᠡᠴᠢᠯᠡᠭᠡᠨ ᠤ ᠲᠤᠰᠬᠠᠢ ᠪᠣᠯᠣᠩ︾

     ᠦᠶᠡᠷ ᠤᠨ ᠰᠡᠷᠡᠮᠵᠢᠯᠡᠭᠦᠯᠦᠯ᠂ ᠦᠶᠡᠷ ᠤᠨ ᠪᠠᠶᠢᠳᠠᠯ ᠢ ᠮᠡᠳᠡᠭᠡᠯᠡᠨ᠎ᠡ

 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号