ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠠᠴᠠ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ | ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ ᠰᠢᠰᠲ᠋ᠧᠮ ᠲᠠᠢ ᠪᠠᠶᠢᠷᠢᠯᠠᠭᠤᠯᠤᠯᠲᠠ ᠬᠢᠵᠦ᠂ | ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠲᠣᠭᠲᠠᠭᠠᠯ︾ ︵ᠳᠣᠷᠣᠭᠰᠢ ︽ᠲᠣᠭᠲᠠᠭᠠᠯ︾ ᠭᠡᠵᠦ ᠳᠥᠭᠦᠮᠴᠢᠯᠡᠨ᠎ᠡ︶ ᠢ ᠬᠢᠨᠠᠨ ᠵᠥᠪᠯᠡᠵᠦ ᠪᠠᠲᠤᠯᠠᠭᠰᠠᠨ | ᠨᠢ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠤ | ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠶᠤᠮ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ | ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠲᠤᠭᠤᠰᠢᠯᠠᠭᠤᠯᠬᠤ | ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ | ᠮᠥᠨ᠃ ᠪᠢᠳᠡ ᠣᠷᠣᠨ ᠳᠠᠶᠠᠭᠠᠷ ᠢ ᠬᠥᠲᠥᠯᠥᠨ ᠵᠢᠯᠤᠭᠤᠳᠴᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ | ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠰᠢᠰᠲ᠋ᠧᠮ ᠲᠠᠢ᠂ | ᠨᠡᠪᠲᠡᠷᠡᠲᠡᠯ᠎ᠡ ᠰᠤᠷᠤᠯᠴᠠᠨ ᠣᠶᠢᠯᠠᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠤᠨ | ᠲᠣᠭᠤᠷᠢᠨ ᠳᠤ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠥᠷᠭᠡᠴᠡ ᠪᠠ ᠭᠦᠨᠴᠡ ᠲᠡᠶᠢᠰᠢ | ᠤᠷᠤᠭᠰᠢᠯᠠᠬᠤ ᠶᠢ ᠠᠬᠢᠭᠤᠯᠵᠤ᠂ ᠡᠯ᠎ᠡ ᠲᠠᠯ᠎ᠠ ᠶᠢᠨ ᠬᠥᠳᠡᠯᠭᠡᠭᠴᠢ ᠬᠦᠴᠦᠨ ᠠᠮᠢᠵᠢᠷᠠᠯ ᠤᠨ ᠬᠦᠴᠦᠨ ᠢ ᠬᠥᠭᠵᠢᠭᠡᠵᠦ᠂ | ᠡᠬᠡ ᠤᠯᠤᠰ ᠤᠨ ᠤᠮᠠᠷᠠᠲᠤ ᠶᠢᠨ ᠨᠠᠩ ᠦᠵᠡᠰᠬᠦᠯᠡᠩᠲᠦ ᠰᠠᠶᠢᠬᠠᠨ ᠦᠵᠡᠮᠵᠢ ᠪᠠᠷ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠥᠨᠢᠷ ᠰᠠᠶᠢᠬᠠᠨ ᠦᠵᠡᠮᠵᠢ ᠳᠤ ᠥᠩᠭᠡ ᠭᠠᠯᠪᠢᠷ ᠨᠡᠮᠡᠷᠢᠯᠡᠬᠦ ᠪᠣᠯᠣᠨ᠎ᠠ᠃ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ | ᠰᠠᠨᠠᠭ᠎ᠠ ᠪᠠᠷ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠦᠨᠡᠨ ᠬᠦ ᠨᠢᠭᠡᠳᠬᠡᠨ᠎ᠡ | ᠶᠡᠷᠦᠩᠬᠡᠢ ᠱᠦᠵᠢ ᠰᠢ ᠶᠢᠨ ᠫᠢᠩ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ | ᠠᠯᠢ ᠣᠯᠠᠨ ᠰᠢᠨ᠎ᠡ ᠦᠵᠡᠯ ᠰᠠᠨᠠᠭ᠎ᠠ ᠰᠢᠨ᠎ᠡ ᠦᠵᠡᠯᠲᠡ ᠰᠢᠨ᠎ᠡ ᠨᠤᠲᠠᠯᠠᠯᠲᠠ ᠶᠢ ᠭᠦᠨᠵᠡᠭᠡᠢ ᠰᠤᠷᠤᠯᠴᠠᠨ | ᠨᠡᠪᠲᠡᠷᠡᠲᠡᠯ᠎ᠡ ᠣᠶᠢᠯᠠᠭᠠᠵᠤ ᠴᠢᠭᠯᠡᠯ ᠢᠶᠠᠨ ᠲᠣᠳᠣᠷᠬᠠᠶᠢᠯᠠᠨ᠎ᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ | ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠢ | ᠪᠡᠶ᠎ᠡ ᠪᠠᠷ ᠢᠶᠠᠨ ᠤᠳᠤᠷᠢᠳᠴᠤ᠂ ᠪᠡᠶ᠎ᠡ ᠪᠠᠷ ᠢᠶᠠᠨ ᠪᠠᠶᠢᠷᠢᠯᠠᠭᠤᠯᠵᠤ᠂ ᠪᠡᠶ᠎ᠡ ᠪᠠᠷ ᠢᠶᠠᠨ ᠠᠬᠢᠭᠤᠯᠵᠤ᠂ ᠶᠠᠭᠤᠨ ᠳᠤ | ᠥᠭᠡᠷᠡᠴᠢᠯᠡᠬᠦ᠂ ᠶᠠᠭᠤ ᠶᠢ ᠥᠭᠡᠷᠡᠴᠢᠯᠡᠬᠦ᠂ ᠬᠡᠷᠬᠢᠨ ᠥᠭᠡᠷᠡᠴᠢᠯᠡᠬᠦ ᠵᠡᠷᠭᠡ ᠴᠢᠬᠤᠯᠠ ᠶᠡᠭᠡ ᠤᠨᠤᠯ ᠤᠨ ᠪᠠ | ᠦᠢᠯᠡᠳᠦᠯᠭᠡ ᠶᠢᠨ ᠠᠰᠠᠭᠤᠳᠠᠯ ᠢ ᠰᠢᠨᠵᠢᠯᠡᠬᠦ ᠤᠬᠠᠭᠠᠨᠴᠢ ᠪᠠᠷ ᠬᠠᠷᠢᠭᠤᠯᠵᠤ᠂ ᠰᠢᠨ᠎ᠡ ᠴᠠᠭ ᠦᠶ᠎ᠡ ᠶᠢᠨ | ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢ ᠬᠥᠲᠥᠯᠥᠨ ᠵᠢᠯᠤᠭᠤᠳᠴᠤ ᠪᠠᠶᠢᠭᠠᠳ ᠲᠡᠦᠬᠡᠲᠦ | ᠴᠢᠨᠠᠷᠲᠠᠢ᠂ ᠬᠤᠪᠢᠰᠬᠠᠯᠲᠤ ᠴᠢᠨᠠᠷᠲᠠᠢ᠂ ᠡᠭᠦᠳᠦᠯᠲᠡ ᠶᠢᠨ ᠴᠢᠨᠠᠷᠲᠠᠢ ᠠᠮᠵᠢᠯᠲᠠ ᠣᠯᠣᠭᠰᠠᠨ ᠢᠶᠠᠷ ᠪᠠᠷᠠᠬᠤ ᠦᠭᠡᠢ᠂ | ᠪᠠᠰᠠ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ ᠬᠦᠴᠦᠷᠬᠡᠭ ᠶᠡᠭᠡ ᠦᠵᠡᠯ ᠰᠠᠨᠠᠭᠠᠨ ᠤ ᠵᠡᠪᠰᠡᠭ | ᠬᠠᠩᠭᠠᠭᠰᠠᠨ ᠪᠠᠶᠢᠨ᠎ᠠ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠲᠤᠬᠠᠢ ᠠᠯᠢ ᠣᠯᠠᠨ ᠰᠢᠨ᠎ᠡ ᠦᠵᠡᠯ ᠰᠠᠨᠠᠭ᠎ᠠ ᠰᠢᠨ᠎ᠡ ᠦᠵᠡᠯᠲᠡ ᠰᠢᠨ᠎ᠡ ᠨᠤᠲᠠᠯᠠᠯᠲᠠ ᠶᠢ | ᠭᠦᠨᠵᠡᠭᠡᠢ ᠰᠤᠷᠤᠯᠴᠠᠨ ᠣᠶᠢᠯᠠᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠵᠤ᠂ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠲᠠᠢ ᠤᠶᠠᠯᠳᠤᠭᠤᠯᠵᠤ᠂ ᠲᠡᠭᠦᠨ ᠳᠤ ᠠᠭᠤᠯᠤᠭᠳᠠᠵᠤ | ᠪᠠᠶᠢᠭ᠎ᠠ ᠶᠢᠷᠲᠢᠨᠴᠦ ᠶᠢᠨ ᠦᠵᠡᠯᠲᠡ ᠪᠠ ᠠᠷᠭ᠎ᠠ ᠶᠢᠨ ᠣᠨᠣᠯ ᠢ ᠭᠦᠨᠵᠡᠭᠡᠢ ᠣᠶᠢᠯᠠᠭᠠᠵᠤ᠂ ᠶᠡᠷᠦᠩᠬᠡᠢ ᠱᠦᠵᠢ ᠰᠢ ᠶᠢᠨ | ᠫᠢᠩ ᠤᠨ ᠲᠦᠷᠦ ᠶᠢ ᠵᠠᠰᠠᠵᠤ ᠵᠠᠰᠠᠭ ᠢ ᠡᠷᠭᠢᠯᠡᠭᠦ ᠭᠦᠨᠵᠡᠭᠡᠢ ᠦᠵᠡᠯ ᠰᠠᠨᠠᠭ᠎ᠠ ᠪᠣᠯᠣᠨ ᠠᠭᠤᠤ ᠶᠡᠭᠡ | ᠦᠢᠯᠡᠳᠦᠯᠭᠡ ᠶᠢ ᠭᠦᠨᠵᠡᠭᠡᠢ ᠣᠶᠢᠯᠠᠭᠠᠵᠤ᠂ ︽ᠬᠤᠶᠠᠷ ᠢ ᠲᠣᠭᠲᠠᠭᠠᠭᠰᠠᠨ︾ ᠢ ᠨᠠᠩ ᠤᠬᠠᠮᠰᠠᠷ ᠠᠴᠠ ᠪᠠᠨ ᠡᠷᠡᠰ | ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ | ᠴᠢᠭᠯᠡᠯ ᠢᠶᠠᠷ ᠥᠭᠡᠷᠡᠴᠢᠯᠡᠯᠲᠡ ᠶᠢ ᠲᠦᠯᠬᠢᠨ ᠤᠷᠤᠭᠰᠢᠯᠠᠭᠤᠯᠤᠨ᠎ᠠ᠃ | ᠨᠠᠮ ᠤᠨ ᠲᠥᠪ ᠬᠤᠷᠢᠶ᠎ᠠ ᠶᠢᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠪᠠᠷ | ᠭᠤᠣᠯ ᠰᠡᠳᠦᠪ ᠪᠣᠯᠭᠠᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠪᠠᠶᠢᠯᠳᠤᠬᠤ ᠪᠣᠳᠣᠯᠭ᠎ᠠ ᠶᠢᠨ | ᠪᠣᠳᠣᠯᠬᠢᠯᠠᠯ ᠢ ᠭᠦᠨᠵᠡᠭᠡᠢ ᠣᠶᠢᠯᠠᠭᠠᠬᠤ ᠳᠤᠮᠳᠠ ᠤᠬᠠᠮᠰᠠᠷ ᠢᠶᠠᠨ ᠴᠢᠩᠭᠠᠳᠬᠠᠨ᠎ᠠ᠃ ᠨᠠᠮ ᠤᠨ ᠬᠤᠷᠢᠳᠤᠭᠠᠷ ᠶᠡᠭᠡ | ᠬᠤᠷᠠᠯ ᠠᠴᠠ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠦᠨᠳᠦᠰᠦᠲᠡᠨ ᠤ ᠰᠡᠷᠭᠦᠨ ᠮᠠᠨᠳᠤᠯᠲᠠ ᠶᠢᠨ | ᠵᠢᠷᠤᠭ ᠲᠥᠯᠥᠪᠯᠡᠭᠡ ᠶᠢ ᠶᠡᠷᠦᠩᠬᠡᠢ ᠳᠤᠨᠢ ᠵᠢᠷᠤᠭᠯᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ | ᠬᠤᠷᠢᠶ᠎ᠠ ᠶᠢᠨ ᠬᠤᠶᠠᠳᠤᠭᠠᠷ ᠪᠦᠭᠦᠳᠠ ᠬᠤᠷᠠᠯ ᠠᠴᠠ ᠨᠠᠮ ᠪᠣᠯᠣᠨ ᠲᠦᠷᠦ ᠶᠢᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢ ᠪᠠᠶᠢᠷᠢᠯᠠᠭᠤᠯᠤᠭᠰᠠᠨ ᠤ ᠲᠠᠷᠠᠭ᠎ᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ | ᠭᠤᠷᠪᠠᠳᠤᠭᠠᠷ ᠪᠦᠭᠦᠳᠠ ᠬᠤᠷᠠᠯ ᠠᠴᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠠᠢ | ᠨᠢᠭᠲᠠ ᠤᠶᠠᠯᠳᠤᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ | ᠦᠷᠭᠦᠯᠵᠢᠯᠡᠨ ᠲᠡᠭᠦᠯᠳᠡᠷᠵᠢᠭᠦᠯᠬᠦ ᠪᠠ ᠬᠥᠭᠵᠢᠭᠦᠯᠬᠦ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ | ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠶᠡᠷᠦᠩᠬᠡᠢ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠪᠠᠶᠢᠯᠳᠤᠬᠤ | ᠪᠣᠳᠣᠯᠭ᠎ᠠ ᠶᠢᠨ ᠪᠠᠶᠢᠷᠢᠯᠠᠭᠤᠯᠤᠯᠲᠠ ᠬᠢᠵᠡᠢ᠃ ᠡᠳᠡᠭᠡᠷ ᠴᠢᠬᠤᠯᠠ ᠶᠡᠭᠡ ᠪᠠᠶᠢᠷᠢᠯᠠᠭᠤᠯᠤᠯᠲᠠ ᠨᠢ ᠬᠦᠴᠦᠷᠬᠡᠭ | ᠤᠯᠤᠰ ᠤᠨ ᠪᠦᠲᠦᠭᠡᠨ ᠪᠠᠶᠢᠭᠤᠯᠤᠯᠲᠠ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ | ᠲᠥᠯᠥᠪᠵᠢᠭᠦᠯᠵᠦ᠂ ᠳᠤᠮᠳᠠᠳᠤ ᠤᠯᠤᠰ ᠤᠨ ᠮᠠᠶ᠋ᠢᠭ ᠣᠳᠣᠬᠢᠴᠢᠯᠠᠯᠲᠠ ᠶᠢᠨ ᠶᠡᠭᠡ ᠲᠠᠯ᠎ᠠ ᠶᠢ ᠪᠠᠶᠢᠷᠢᠯᠠᠭᠤᠯᠵᠤ᠂ | ᠨᠠᠮ ᠤᠨ ᠤᠷᠳᠤ ᠬᠤᠭᠤᠴᠠᠭ᠎ᠠ ᠪᠠᠷ ᠲᠦᠷᠦ ᠪᠠᠷᠢᠬᠤ᠂ ᠤᠯᠤᠰ ᠤᠨ ᠥᠨᠢ ᠤᠳᠠᠭᠠᠨ ᠠᠮᠤᠷ ᠲᠦᠪᠰᠢᠨ ᠪᠠᠶᠢᠬᠤ ᠶᠢᠨ | ᠰᠠᠭᠤᠷᠢ ᠶᠢ ᠴᠣᠭᠴᠠᠯᠠᠵᠤ᠂ ᠨᠠᠮ ᠪᠣᠯᠣᠨ ᠤᠯᠤᠰ ᠤᠨ ᠠᠵᠢᠯ ᠦᠢᠯᠡᠰ ᠤᠨ ᠲᠣᠭᠲᠠᠭᠤᠨ ᠢᠶᠠᠷ ᠬᠤᠯᠠ ᠠᠶᠠᠯᠠᠬᠤ᠂ | ᠳᠠᠬᠢᠨᠲᠠ ᠭᠡᠷᠡᠯ ᠰᠠᠴᠤᠷᠠᠩᠭᠤᠢ ᠠᠮᠵᠢᠯᠲᠠ ᠣᠯᠬᠤ ᠶᠢ ᠠᠬᠢᠭᠤᠯᠬᠤ ᠨᠢ ᠯᠠᠪᠲᠠᠢ ᠶᠤᠮ᠃ ᠪᠢᠳᠡ ᠵᠠᠪᠠᠯ ᠤᠯᠤᠰ | ᠲᠦᠷᠦ᠂ ᠪᠠᠶᠢᠯᠳᠤᠬᠤ ᠪᠣᠳᠣᠯᠭ᠎ᠠ᠂ ᠪᠦᠭᠦ ᠲᠠᠯ᠎ᠠ ᠶᠢᠨ ᠥᠨᠳᠥᠷᠴᠡ ᠠᠴᠠ ᠥᠭᠡᠷᠡᠴᠢᠯᠡᠯᠲᠡ ᠶᠢ ᠤᠯᠠᠮ ᠨᠢᠭᠡ ᠠᠯᠬᠤᠮ | ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠲᠠᠨᠢᠵᠤ ᠡᠵᠡᠮᠰᠢᠨ᠂ ︽ᠲᠣᠭᠲᠠᠭᠠᠯ︾ | ᠳᠤ ᠳᠤᠷᠠᠳᠤᠭᠰᠠᠨ ︽ᠵᠢᠷᠭᠤᠭᠠᠨ ᠵᠠᠶᠢᠯᠠᠰᠢ ᠦᠭᠡᠢ ᠱᠠᠭᠠᠷᠳᠠᠯᠭ᠎ᠠ︾ ᠪᠠ ᠶᠡᠷᠦᠩᠬᠡᠢ ᠱᠦᠵᠢ ᠰᠢ ᠶᠢᠨ ᠫᠢᠩ ᠤᠨ | ᠴᠢᠬᠤᠯᠠᠴᠢᠯᠠᠭᠰᠠᠨ︽ᠳᠦᠷᠪᠡᠨ ᠲᠤᠯᠭᠠᠮ ᠱᠠᠭᠠᠷᠳᠠᠯᠭ᠎ᠠ︾ ᠶᠢ ᠭᠦᠨᠵᠡᠭᠡᠢ ᠣᠶᠢᠯᠠᠭᠠᠵᠤ᠂ ︽ᠶᠠᠭᠤᠨ ᠳᠤ ᠥᠭᠡᠷᠡᠴᠢᠯᠡᠯᠲᠡ | ᠬᠢᠬᠦ︾ ᠲᠠᠯ᠎ᠠ ᠪᠠᠷ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ᠳᠡᠭᠡᠳᠦ ᠬᠡᠮᠵᠢᠶᠡᠨ ᠤ ᠤᠯᠤᠰ | ᠲᠦᠷᠦ ᠶᠢᠨ ᠤᠬᠠᠮᠰᠠᠷ ᠢᠶᠠᠷ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠬᠦ ᠬᠡᠷᠡᠭᠲᠡᠢ᠃ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠨᠠᠮ ᠤᠨ | ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠶᠢ ᠣᠨᠣᠪᠴᠢᠲᠠᠶ ᠡᠵᠡᠮᠰᠢᠬᠦ ᠳᠤᠮᠳᠠ ᠨᠠᠶᠢᠳᠠᠪᠤᠷᠢᠵᠢᠭᠤᠯᠤᠯᠲᠠ ᠶᠢ ᠠᠳᠬᠤᠨ᠎ᠠ᠃ | ︽ᠲᠣᠭᠲᠠᠭᠠᠯ︾ ᠨᠢ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢᠬᠢ ᠢᠯᠠᠩᠭᠤᠶ᠎ᠠ ᠰᠢᠨ᠎ᠡ ᠴᠠᠭ ᠦᠶ᠎ᠡ ᠳᠤ | ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠦᠭᠰᠡᠨ ᠡᠷᠬᠢᠮ ᠨᠠᠨᠳᠢᠨ ᠲᠤᠷᠰᠢᠯᠭ᠎ᠠ ᠶᠢ ᠳ᠋ᠦᠩᠨᠡᠨ ᠬᠡᠷᠡᠭᠯᠡᠵᠦ᠂ | ︽ᠵᠢᠷᠭᠤᠭ᠎ᠠ ᠶᠢ ᠪᠠᠷᠢᠮᠲᠠᠯᠠᠬᠤ︾ ᠴᠢᠬᠤᠯᠠ ᠶᠡᠭᠡ ᠵᠠᠷᠴᠢᠮ ᠢ ᠳᠤᠷᠠᠳᠴᠤ᠂ ᠥᠭᠡᠷᠡᠴᠢᠯᠡᠯᠲᠡ ᠶᠢ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠳᠤ ᠴᠢᠬᠤᠯᠠ ᠵᠢᠷᠤᠮᠯᠠᠯ ᠬᠠᠩᠭᠠᠪᠠ᠃ ︽ᠲᠣᠭᠲᠠᠭᠠᠯ︾ ᠳᠤ ᠳᠤᠷᠠᠳᠤᠭᠰᠠᠨ 300 ᠭᠠᠷᠤᠢ | ᠵᠦᠢᠯ ᠤᠨ ᠴᠢᠬᠤᠯᠠ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠨᠢ ᠬᠤᠶᠠᠳᠤᠭᠠᠷ ᠵᠠᠭᠤᠨ ᠵᠢᠯ ᠤᠨ ᠲᠡᠮᠡᠴᠡᠬᠦ | ᠬᠠᠷᠠᠯᠲᠠ ᠶᠢ ᠪᠡᠶᠡᠯᠡᠭᠦᠯᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠣᠷᠭᠠᠨᠢᠭ ᠢᠶᠠᠷ ᠵᠣᠯᠭᠠᠯᠴᠠᠵᠤ᠂ | ᠤᠯᠤᠰ ᠤᠨ ᠳᠣᠲᠣᠭᠠᠳᠤ ᠶᠢᠨ ᠶᠡᠭᠡ ᠣᠷᠴᠢᠯ ᠪᠣᠯᠣᠨ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ | ᠣᠷᠴᠢᠯ ᠢ ᠥᠨᠳᠥᠷ ᠪᠦᠲᠦᠮᠵᠢᠲᠡᠢ ᠠᠭᠤᠰᠤᠯᠴᠠᠭᠤᠯᠵᠤ᠂ ᠵᠠᠬ᠎ᠠ ᠳᠡᠯᠭᠡᠭᠦᠷ ᠪᠣᠯᠣᠨ ᠵᠠᠰᠠᠭ ᠤᠨ ᠣᠷᠳᠣᠨ ᠤ ︽ᠬᠤᠶᠠᠷ | ᠭᠠᠷ︾ ᠤᠨ ᠦᠢᠯᠡᠳᠦᠯ ᠢ ᠤᠯᠠᠮ ᠨᠢᠭᠡ ᠠᠯᠬᠤᠮ ᠴᠢᠩᠭᠠᠳᠬᠠᠵᠤ᠂ ︽ᠬᠤᠶᠠᠷᠯᠠᠬᠤ ᠤᠨᠤᠯ︾ ᠪᠣᠯᠣᠨ ︽ᠭᠤᠣᠯᠳᠠᠯᠭᠠᠲᠤ | ᠤᠨᠤᠯ︾ ᠤᠨ ᠬᠤᠪᠢᠰᠤᠩᠭᠤᠢ ᠨᠢᠭᠡᠳᠦᠯ ᠢ ᠢᠯᠡᠷᠡᠭᠦᠯᠵᠦ᠂ ᠴᠥᠮ ᠲᠤᠯᠭᠠᠭᠤᠷᠢᠯᠠᠬᠤ ᠴᠢᠨᠠᠷᠲᠠᠢ᠂ ᠬᠥᠲᠥᠯᠥᠨ | ᠳᠠᠭᠠᠭᠤᠯᠬᠤ ᠴᠢᠨᠠᠷᠲᠠᠢ᠂ ᠵᠣᠬᠢᠴᠠᠩᠭᠤᠢ ᠴᠢᠨᠠᠷᠲᠠᠢ᠂ ᠤᠷᠢᠳᠴᠢᠯᠠᠬᠤ ᠴᠢᠨᠠᠷᠲᠠᠢ ᠥᠭᠡᠷᠡᠴᠢᠯᠡᠯᠲᠡ ᠪᠣᠯᠣᠨ᠎ᠠ᠂ | ᠨᠠᠶᠢᠳᠠᠪᠤᠷᠢᠵᠢᠭᠤᠯᠤᠭᠰᠠᠨ ᠤ ᠲᠠᠷᠠᠭ᠎ᠠ ᠯᠠᠪᠲᠠᠢ ᠯᠤᠲᠤ ᠶᠡᠭᠡ ᠶᠡᠷᠦᠩᠬᠡᠶᠢᠯᠡᠭᠰᠡᠨ ᠦᠢᠯᠡᠳᠦᠯ ᠦᠵᠡᠭᠦᠯᠵᠦ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠬᠥᠲᠥᠯᠥᠨ ᠳᠠᠭᠠᠭᠤᠯᠵᠤ ᠰᠢᠨ᠎ᠡ | ᠪᠠᠶᠢᠳᠠᠯ ᠢ ᠲᠠᠰᠤᠷᠠᠯᠳᠠ ᠦᠭᠡᠢ ᠡᠭᠦᠳᠬᠦ ᠪᠣᠯᠣᠨ᠎ᠠ᠃ ᠪᠢᠳᠡ ᠯᠠᠪᠲᠠᠢ ᠪᠦᠭᠦ ᠬᠦᠴᠦᠨ ᠢᠶᠠᠷ ᠢᠶᠠᠨ ᠴᠢᠷᠮᠠᠶᠢᠵᠤ᠂ | ᠨᠠᠮ ᠤᠨ ᠲᠥᠪ ᠬᠤᠷᠢᠶ᠎ᠠ ᠶᠢᠨ ᠪᠠᠶᠢᠷᠢᠯᠠᠭᠤᠯᠤᠭᠰᠠᠨ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠲᠡᠷᠡ | ᠶᠣᠰᠣᠭᠠᠷ ᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠥᠪᠥᠷ ᠮᠣᠩᠭᠤᠯ ᠤᠨ ᠪᠣᠳᠠᠲᠤ ᠪᠠᠶᠢᠳᠠᠯ ᠲᠠᠢ | ᠤᠶᠠᠯᠳᠤᠭᠤᠯᠤᠨ ︽ᠲᠣᠰ ᠭᠠᠵᠠᠷ ᠤᠨ ᠣᠨᠴᠠᠯᠢᠭ ᠲᠠᠢ ᠥᠭᠡᠷᠡᠴᠢᠯᠡᠯᠲᠡ ᠶᠢ ᠬᠠᠶᠢᠨ ᠰᠦᠪᠡᠭᠴᠢᠯᠡᠵᠦ︾᠂ ᠶᠡᠭᠡ | ᠲᠠᠯ᠎ᠠ ᠶᠢ ᠲᠣᠭᠲᠠᠪᠤᠷᠢᠵᠢᠭᠤᠯᠬᠤ᠂ ᠬᠤᠪᠢᠷᠠᠯᠲᠠ ᠶᠢ ᠠᠷᠭᠠᠴᠠᠬᠤ᠂ ᠰᠢᠨ᠎ᠡ ᠪᠠᠶᠢᠳᠠᠯ ᠢ ᠡᠭᠦᠳᠬᠦ ᠳᠤ ᠥᠪᠥᠷ | ᠮᠣᠩᠭᠤᠯ ᠤᠨ ᠬᠦᠴᠦᠨ ᠴᠢᠳᠠᠯ ᠢᠶᠠᠨ ᠡᠷᠭᠦᠨ᠎ᠡ᠃ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠥᠭᠡᠷᠡᠴᠢᠯᠡᠯᠲᠡ ᠶᠢ ᠤᠯᠠᠮ ᠨᠢᠭᠡ | ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠡᠯ᠎ᠡ ᠲᠠᠯ᠎ᠠ ᠪᠦᠭᠦ ᠶᠠᠪᠤᠴᠠ ᠳᠤ ᠲᠤᠭᠤᠰᠢᠯᠠᠭᠤᠯᠤᠨ | ᠨᠠᠶᠢᠳᠠᠪᠤᠷᠢᠵᠢᠭᠤᠯᠤᠨ᠎ᠠ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠢ | ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠣᠯᠣᠨ ᠵᠢᠱᠢᠶᠡᠴᠢ | ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ | ᠪᠣᠯ ᠥᠪᠥᠷ ᠮᠣᠩᠭᠤᠯ ᠤᠨ ᠭᠤᠣᠯ ᠡᠭᠦᠷᠭᠡ᠂ ᠮᠥᠨ ᠴᠦ ᠥᠪᠥᠷ ᠮᠣᠩᠭᠤᠯ ᠤᠨ ᠬᠠᠮᠤᠭ ᠤᠨ ᠶᠡᠭᠡ ᠪᠣᠳᠠᠲᠤ ᠪᠠᠶᠢᠳᠠᠯ | ᠪᠣᠯᠣᠨ᠎ᠠ᠃ ᠪᠢᠳᠡ ᠡᠨᠡ ᠬᠦ ᠭᠤᠣᠯ ᠡᠭᠦᠷᠭᠡ ᠪᠣᠯᠣᠨ ᠬᠠᠮᠤᠭ ᠤᠨ ᠶᠡᠭᠡ ᠪᠣᠳᠠᠲᠤ ᠪᠠᠶᠢᠳᠠᠯ ᠢ ᠴᠢᠩᠭ᠎ᠠ ᠡᠵᠡᠮᠳᠡᠵᠦ᠂ | ᠪᠦᠭᠦ ᠣᠷᠣᠨ ᠤ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢ ᠬᠦᠯᠢᠶᠡᠰᠦᠯᠡᠵᠦ ᠪᠠᠶᠢᠭ᠎ᠠ ᠪᠠᠶᠢᠭᠤᠯᠤᠯ | ᠲᠣᠭᠲᠠᠴᠠ ᠶᠢᠨ ᠲᠦᠭᠵᠢᠷᠡᠯ ᠢ ᠪᠦᠭᠦ ᠬᠦᠴᠦᠨ ᠢᠶᠠᠷ ᠢᠶᠠᠨ ᠨᠠᠪᠲᠠᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠰᠢᠨ᠎ᠡ ᠵᠠᠮ ᠨᠡᠭᠡᠭᠡᠬᠦ ᠪᠠᠷ ᠴᠢᠷᠮᠠᠶᠢᠨ᠎ᠠ᠃ | ᠴᠢᠨᠠᠷ ᠰᠠᠶᠢᠲᠠᠢ ᠬᠥᠭᠵᠢᠯᠲᠡ ᠳᠤ ᠵᠣᠬᠢᠴᠠᠭᠰᠠᠨ ᠠᠵᠤ ᠠᠬᠤᠢ ᠶᠢᠨ ᠪᠠᠶᠢᠷᠢᠰᠢᠯ ᠢ ᠲᠦᠷᠭᠡᠳᠬᠡᠨ | ᠪᠠᠶᠢᠭᠤᠯᠤᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠪᠠ ︽ᠲᠣᠭᠲᠠᠭᠠᠯ︾ ᠳᠤ ᠴᠥᠮ | ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠭᠰᠡᠨ ᠣᠷᠣᠨ ᠪᠦᠰᠡ ᠶᠢᠨ ᠠᠵᠤ ᠠᠬᠤᠢ ᠶᠢᠨ ᠪᠠᠶᠢᠷᠢᠰᠢᠯ ᠢ ᠪᠠᠶᠢᠭᠤᠯᠬᠤ | ᠬᠡᠷᠡᠭᠲᠡᠢ ᠭᠡᠵᠦ ᠱᠠᠭᠠᠷᠳᠠᠵᠠᠢ᠃ ᠪᠢᠳᠡ ᠭᠠᠵᠠᠷ ᠣᠷᠣᠨ ᠤ ᠪᠣᠳᠠᠲᠤ ᠪᠠᠶᠢᠳᠠᠯ ᠳᠤ ᠰᠠᠭᠤᠷᠢᠯᠠᠨ᠂ ᠬᠠᠷᠢᠴᠠᠭᠤᠯᠤᠭᠰᠠᠨ | ᠳᠠᠪᠠᠭᠤᠯᠢᠭ ᠢᠶᠠᠨ ᠪᠠᠳᠠᠷᠠᠭᠤᠯᠵᠤ᠂ ᠣᠨᠴᠠᠯᠢᠭ ᠳᠠᠪᠠᠭᠤᠯᠢᠭ ᠪᠦᠬᠦᠢ ᠣᠳᠣᠬᠢᠴᠢᠯᠠᠭᠰᠠᠨ ᠠᠵᠤ ᠦᠢᠯᠡᠰ ᠤᠨ | ᠰᠢᠰᠲ᠋ᠧᠮ ᠢ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠦᠨ ᠠᠵᠤ ᠦᠢᠯᠡᠰ ᠤᠨ | ᠪᠠᠶᠢᠷᠢᠰᠢᠭᠤᠯᠤᠯᠲᠠ ᠪᠠᠨ ᠰᠢᠯᠢᠳᠡᠭᠵᠢᠭᠦᠯᠵᠦ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ᠣᠲᠣ ᠦᠶ᠎ᠡ ᠶᠢᠨ ᠲᠣᠨᠣᠭᠯᠠᠯ | ᠦᠢᠯᠡᠳᠬᠦ᠂ ᠠᠮᠢᠳᠤ ᠪᠣᠳᠠᠰ ᠤᠨ ᠡᠮ ᠡᠮᠨᠡᠯᠭᠡ᠂ ᠠᠭᠠᠷ ᠤᠨ ᠠᠶᠠᠯᠠᠯ ᠰᠠᠨᠰᠠᠷ ᠤᠨ ᠠᠶᠠᠯᠠᠯ᠂ ᠵᠣᠬᠢᠶᠠᠮᠠᠯ ᠣᠶᠤᠨ | ᠴᠢᠳᠠᠪᠤᠷᠢ᠂ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠵᠡᠷᠭᠡ ᠰᠢᠨ᠎ᠡ ᠪᠠᠷ ᠮᠠᠨᠳᠤᠭᠰᠠᠨ ᠠᠵᠤ | ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ ᠠᠬᠢᠭᠤᠯᠵᠤ᠂ ᠨᠡᠭᠦᠷᠡᠰᠦ᠂ | ᠲᠡᠮᠦᠷᠯᠢᠭ ᠬᠠᠶᠢᠯᠤᠭᠤᠯᠬᠤ᠂ ᠬᠢᠮᠢ ᠶᠢᠨ ᠠᠵᠤ ᠦᠢᠯᠡᠳᠪᠦᠷᠢ ᠵᠡᠷᠭᠡ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ | ᠳᠡᠭᠡᠭᠰᠢᠯᠡᠭᠦᠯᠭᠦ ᠡᠷᠴᠢᠮ ᠢᠶᠠᠨ ᠴᠢᠩᠭᠠᠷᠠᠭᠤᠯᠵᠤ᠂ ᠢᠷᠡᠭᠡᠳᠦᠢ ᠶᠢᠨ ᠠᠵᠤ ᠦᠢᠯᠡᠰ᠂ ᠦᠢᠯᠡᠴᠢᠯᠡᠭᠡᠨ ᠤ ᠦᠢᠯᠡᠰ᠂ | ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠲᠥᠷᠥ ᠶᠢᠨ | ᠪᠣᠳᠣᠯᠭ᠎ᠠ ᠶᠢ ᠪᠦᠷᠢᠨᠰᠢᠭᠦᠯᠵᠦ᠂ ᠡᠯ᠎ᠡ ᠲᠥᠷᠥᠯ ᠤᠨ ᠲᠡᠷᠢᠭᠦᠨ ᠤ ᠦᠢᠯᠡᠳᠪᠦᠷᠢᠯᠡᠯ ᠤᠨ ᠡᠯᠧᠮᠧᠨ᠋ᠲ ᠤᠨ ᠰᠢᠨ᠎ᠡ | ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠲᠡᠶᠢᠰᠢ ᠲᠥᠪᠯᠡᠷᠡᠬᠦ ᠶᠢ ᠠᠬᠢᠭᠤᠯᠤᠨ᠎ᠠ᠃ ᠡᠭᠦᠨ ᠤ | ᠬᠠᠮᠲᠤ ᠡᠷᠴᠢᠮᠵᠢᠭᠦᠯᠬᠦ ᠲᠥᠪᠯᠡᠷᠡᠭᠦᠯᠬᠦ ᠬᠥᠭᠵᠢᠯᠲᠡ ᠶᠢ ᠠᠬᠢᠭᠤᠯᠬᠤ ᠶᠢᠨ ᠲᠣᠭᠤᠷᠢᠨ ᠳᠤ ᠬᠥᠮᠥᠨ ᠠᠮᠠ᠂ ᠤᠰᠤᠨ | ᠠᠰᠢᠭᠯᠠᠯᠲᠠ᠂ ᠵᠠᠮ ᠬᠠᠷᠢᠯᠴᠠᠭ᠎ᠠ᠂ ᠪᠠᠷᠠᠭᠠᠨ ᠤ ᠭᠦᠢᠯᠭᠡᠭᠡ ᠵᠡᠷᠭᠡ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠬᠤᠳᠠ | ᠬᠥᠳᠡᠭᠡ᠂ ᠣᠷᠣᠨ ᠪᠦᠰᠡ ᠶᠢᠨ ᠪᠠᠶᠢᠷᠢᠰᠢᠭᠤᠯᠤᠯᠲᠠ ᠶᠢ ᠵᠣᠬᠢᠴᠠᠩᠭᠤᠢ ᠪᠠᠷ ᠬᠥᠭᠵᠢᠭᠦᠯᠦᠨ ᠰᠢᠯᠢᠳᠡᠭᠵᠢᠭᠦᠯᠬᠦ ᠶᠢ | ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠲᠠᠯ᠎ᠠ ᠶᠢᠨ ᠳᠠᠪᠠᠭᠤᠯᠢᠭ ᠡᠬᠢ ᠪᠠᠶᠠᠯᠢᠭ ᠢ | ᠭᠤᠣᠯᠳᠠᠯᠭ᠎ᠠ ᠲᠠᠢ ᠬᠦᠷᠢᠶ᠎ᠡ ᠲᠡᠶᠢᠰᠢ ᠨᠢᠭᠡᠳᠦᠯᠲᠡᠢ ᠲᠥᠯᠥᠪᠯᠡᠨ ᠨᠡᠶᠢᠳᠬᠡᠬᠦ ᠶᠢ ᠠᠬᠢᠭᠤᠯᠤᠨ᠎ᠠ᠃ ᠵᠢᠷᠤᠮᠵᠢᠭᠤᠨ | ᠪᠥᠭᠡᠳ ᠡᠮᠬᠢ ᠵᠢᠷᠤᠮ ᠲᠠᠢ᠂ ᠲᠡᠯᠢᠢᠭᠦ ᠲᠠᠯᠪᠢᠬᠤ ᠨᠢ ᠵᠣᠬᠢᠰᠲᠠᠢ᠂ ᠣᠷᠴᠢᠯ ᠨᠢ ᠰᠠᠭᠠᠳ ᠦᠭᠡᠢ᠂ ᠠᠮᠢᠵᠢᠷᠠᠯ ᠤᠨ | ᠬᠦᠴᠦᠨ ᠢᠶᠠᠷ ᠪᠢᠯᠬᠠᠮ᠎ᠠ ᠠᠵᠤ ᠠᠬᠤᠢ ᠶᠢᠨ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠬᠤ ᠪᠠᠷ | ᠳᠠᠮᠵᠢᠭᠤᠯᠤᠨ ᠡᠯ᠎ᠡ ᠵᠦᠢᠯ ᠤᠨ ᠠᠵᠢᠯ ᠢ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ ᠲᠥᠪ ᠬᠤᠷᠢᠶ᠎ᠠ ᠠᠴᠠ | ᠥᠪᠥᠷ ᠮᠣᠩᠭᠤᠯ ᠳᠤ ᠣᠯᠭᠤᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠯᠤᠭ᠎ᠠ ᠨᠢᠭᠡᠳᠦᠯᠲᠡᠢ | ᠪᠠᠶᠢᠯᠭᠠᠬᠤ᠂ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ ᠪᠦᠲᠦᠭᠡᠨ ᠪᠠᠶᠢᠭᠤᠯᠬᠤ ᠱᠠᠭᠠᠷᠳᠠᠯᠭ᠎ᠠ | ᠯᠤᠭ᠎ᠠ ᠵᠣᠯᠭᠠᠭᠤᠯᠬᠤ ᠶᠢ ᠦᠨᠡᠨ ᠬᠦ ᠪᠠᠲᠤᠯᠠᠨ᠎ᠠ᠃ | ᠰᠢᠰᠲ᠋ᠧᠮ ᠤᠨ ᠦᠵᠡᠯᠲᠡ ᠪᠠᠷ ︽ᠲᠠᠪᠤᠨ ᠶᠡᠭᠡ ᠡᠭᠦᠷᠭᠡ︾ ᠶᠢᠨ ᠠᠵᠢᠯ ᠤᠨ ᠰᠢᠰᠲ᠋ᠧᠮ ᠢ ᠰᠢᠯᠢᠳᠡᠭᠵᠢᠭᠦᠯᠬᠦ ᠶᠢ | ᠪᠠᠷᠢᠮᠲᠠᠯᠠᠨ᠎ᠠ᠃ ᠥᠪᠥᠷ ᠮᠣᠩᠭᠤᠯ ᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ | ᠲᠦᠪᠰᠢᠨ ᠤ ᠬᠠᠯᠬᠠᠪᠴᠢ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ᠂ | ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ᠂ ᠤᠯᠤᠰ ᠤᠨ | ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ᠂ ᠮᠠᠨ ᠤ | ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠪᠣᠯᠭᠠᠨ ᠪᠦᠲᠦᠭᠡᠨ ᠪᠠᠶᠢᠭᠤᠯᠬᠤ ᠪᠣᠯ ᠶᠡᠷᠦᠩᠬᠡᠢ | ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠣᠯᠭᠤᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ | ᠪᠠ ᠴᠢᠬᠤᠯᠠ ᠶᠡᠭᠡ ᠬᠠᠷᠢᠭᠤᠴᠠᠯᠭ᠎ᠠ ᠪᠣᠯᠣᠨ᠎ᠠ᠂ ᠪᠢᠳᠡ ᠥᠭᠡᠷᠡᠴᠢᠯᠡᠯᠲᠡ ᠶᠢ ᠠᠳᠬᠤᠵᠤ ᠬᠥᠭᠵᠢᠯᠲᠡ ᠶᠢ | ᠠᠬᠢᠭᠤᠯᠬᠤ ᠳᠤ ᠡᠷᠬᠡᠪᠰᠢ ᠡᠭᠦᠨ ᠢ ᠴᠢᠩᠭ᠎ᠠ ᠵᠢᠷᠤᠮᠯᠠᠨ ᠥᠷᠨᠢᠭᠦᠯᠬᠦ ᠬᠡᠷᠡᠭᠲᠡᠢ᠃ ᠠᠮᠢ ᠠᠬᠤᠢ ᠶᠢᠨ ᠠᠮᠤᠷ | ᠲᠦᠪᠰᠢᠨ ᠤ ᠬᠠᠯᠬᠠᠪᠴᠢ ᠶᠢᠨ ᠲᠠᠯ᠎ᠠ ᠪᠠᠷ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ︽ᠨᠢᠭᠡ ᠵᠢᠷᠤᠭ︾ ᠤᠨ | ᠬᠠᠮᠢᠶᠠᠷᠤᠯᠲᠠ ᠶᠢ ᠭᠦᠨᠵᠡᠭᠡᠶᠢᠷᠡᠭᠦᠯᠵᠦ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠭᠤᠷᠪᠠᠨ ᠶᠡᠭᠡ ᠪᠡᠯᠭᠡ | ᠲᠡᠮᠳᠡᠭ ᠤᠨ ᠴᠢᠨᠠᠷᠲᠠᠢ ᠳᠠᠶᠢᠯᠠᠯᠳᠤᠭᠠᠨ ᠢ ᠠᠬᠢᠭᠤᠯᠬᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ | ᠪᠦᠲᠦᠭᠡᠯ ᠢ ᠣᠷᠳᠣ ᠬᠤᠭᠤᠴᠠᠭ᠎ᠠ ᠪᠠᠷ ᠪᠦᠲᠦᠮᠵᠢᠲᠡᠶ ᠬᠠᠮᠢᠶᠠᠷᠤᠨ ᠬᠠᠮᠠᠭᠠᠯᠠᠬᠤ᠂ ᠣᠶ ᠰᠢᠭᠤᠢ ᠨᠤᠲᠤᠭ ᠪᠡᠯᠴᠢᠭᠡᠷ | ᠨᠤᠭᠤ ᠭᠠᠵᠠᠷ ᠲᠠᠷᠢᠶᠠᠨ ᠭᠠᠵᠠᠷ ᠢ ᠬᠠᠮᠠᠭᠠᠯᠠᠵᠤ ᠬᠢᠨᠠᠨ ᠬᠠᠮᠢᠶᠠᠷᠬᠤ᠂ ᠨᠤᠲᠤᠭ ᠪᠡᠯᠴᠢᠭᠡᠷ ᠲᠤ ᠬᠡᠲᠦᠷᠡᠲᠡᠯ᠎ᠡ | ᠮᠠᠯᠵᠢᠭᠰᠠᠨ ᠠᠰᠠᠭᠤᠳᠠᠯ ᠢ ᠰᠢᠢᠳᠪᠦᠷᠢᠯᠡᠬᠦ᠂ ᠬᠥᠬᠡ ᠣᠭᠲᠠᠷᠭᠤᠢ ᠬᠥᠬᠡᠮᠳᠦᠭ ᠤᠰᠤ ᠠᠷᠢᠭᠤᠨ ᠬᠥᠷᠥᠰᠥ ᠶᠢ | ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠬᠢᠬᠦ ᠵᠡᠷᠭᠡ ᠳᠦᠷᠢᠮ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ | ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠪᠦᠲᠦᠭᠡᠨ ᠪᠠᠶᠢᠭᠤᠯᠬᠤ ᠳᠤ ᠪᠠᠲᠤ ᠪᠠᠬᠢ ᠳᠦᠷᠢᠮ ᠤᠨ ᠪᠠᠲᠤᠯᠠᠭ᠎ᠠ | ᠬᠠᠩᠭᠠᠨ᠎ᠠ᠃ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢᠨ ᠲᠠᠯ᠎ᠠ ᠪᠠᠷ᠂ ᠤᠯᠤᠰ ᠤᠨ ᠠᠮᠤᠷ ᠲᠦᠪᠰᠢᠨ ᠢ | ᠬᠠᠮᠠᠭᠠᠯᠠᠬᠤ ︽1 + 8︾ ᠠᠵᠢᠯᠯᠠᠭᠠᠨ ᠤ ᠲᠣᠭᠲᠠᠴᠠ ᠶᠢ ᠰᠢᠯᠢᠳᠡᠭᠵᠢᠭᠦᠯᠦᠨ᠂ ᠠᠶᠤᠯ ᠦᠭᠡᠢ ᠦᠢᠯᠡᠳᠪᠦᠷᠢᠯᠡᠯ᠂ | ᠨᠡᠶᠢᠭᠡᠮ ᠤᠨ ᠵᠠᠰᠠᠯᠲᠠ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ᠂ ᠮᠥᠩᠭᠦᠨ ᠭᠦᠢᠯᠭᠡᠭᠡᠨ ᠤ | ᠠᠶᠤᠯ ᠲᠦᠭᠰᠢᠭᠦᠷᠢ ᠶᠢ ᠰᠡᠷᠭᠡᠶᠢᠯᠡᠬᠦ ᠵᠡᠷᠭᠡ ᠬᠦᠷᠢᠶᠡᠨ ᠳᠠᠬᠢ ᠳᠦᠷᠢᠮ ᠲᠣᠭᠲᠠᠴᠠ ᠶᠢ ᠦᠷᠭᠦᠯᠵᠢᠯᠡᠨ | ᠲᠡᠭᠦᠯᠳᠡᠷᠵᠢᠭᠦᠯᠵᠦ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ | ᠰᠠᠶᠢᠬᠠᠨ ᠦᠢᠯᠡᠳᠦᠯᠴᠡᠯ ᠢ ᠠᠬᠢᠭᠤᠯᠤᠨ᠎ᠠ᠃ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ | ᠰᠠᠭᠤᠷᠢᠨ ᠤ ᠲᠠᠯ᠎ᠠ ᠪᠠᠷ᠂ ᠡᠨᠧᠷᠭᠢ ᠶᠢᠨ ᠡᠬᠢ ᠪᠠᠶᠠᠯᠢᠭ ᠤᠨ ᠬᠠᠩᠭᠠᠯᠭ᠎ᠠ ᠶᠢ ᠪᠠᠲᠤᠯᠠᠬᠤ ᠪᠠ ᠨᠡᠭᠡᠭᠡᠨ ᠠᠰᠢᠭᠯᠠᠬᠤ | ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠬᠤᠪᠣᠷ ᠰᠢᠷᠣᠢ ᠶᠢ ᠰᠤᠳᠤᠯᠤᠨ ᠨᠡᠭᠡᠭᠡᠬᠦ ᠰᠢᠨ᠎ᠡ ᠮᠠᠶ᠋ᠢᠭ ᠤᠨ | ᠲᠣᠭᠲᠠᠴᠠ ᠶᠢ ᠪᠦᠷᠢᠨᠰᠢᠭᠦᠯᠵᠦ᠂ ᠰᠤᠳᠤᠯᠭᠠᠨ ᠤ ᠬᠦᠷᠢᠶ᠎ᠡ ᠪᠠ ᠴᠢᠭᠯᠡᠯ ᠢ ᠥᠷᠭᠡᠳᠬᠡᠨ᠂ ᠬᠤᠪᠣᠷ ᠰᠢᠷᠣᠢ ᠶᠢᠨ ᠠᠵᠤ | ᠦᠢᠯᠡᠰ ᠬᠢᠭᠡᠳ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ ᠶᠢᠨ ᠡᠪᠴᠡᠯᠳᠦᠨ ᠬᠥᠭᠵᠢᠬᠦ ᠶᠢ ᠠᠬᠢᠭᠤᠯᠤᠨ᠎ᠠ᠃ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠤ ᠲᠠᠯ᠎ᠠ ᠪᠠᠷ᠂ ︽ᠭᠠᠵᠠᠷ ᠰᠢᠷᠣᠢ᠂ | ᠤᠰᠤ᠂ ᠦᠷ᠎ᠡ ᠪᠠ ᠠᠮᠤ ᠪᠤᠳᠠᠭ᠎ᠠ᠂ ᠮᠢᠬ᠎ᠠ᠂ ᠰᠦ︾ ᠶᠢᠨ ᠲᠣᠭᠤᠷᠢᠨ ᠳᠤ ᠮᠠᠯ ᠠᠵᠤ ᠠᠬᠤᠢ ᠲᠠᠷᠢᠶᠠᠯᠠᠩ ᠤᠨ | ᠬᠥᠭᠵᠢᠯᠲᠡ ᠶᠢᠨ ᠪᠣᠭᠤᠮᠢ ᠬᠢᠵᠠᠭᠠᠷᠯᠠᠯ ᠢ ᠰᠢᠪᠲᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠲᠣᠭᠲᠠᠭᠠᠵᠤ᠂ ᠲᠥᠬᠦᠭᠡᠷᠦᠮᠵᠢᠲᠦ ᠲᠠᠷᠢᠶᠠᠯᠠᠩ᠂ ᠬᠠᠰᠢᠶᠠᠯᠠᠨ ᠲᠡᠵᠢᠭᠡᠵᠦ ᠠᠷᠠᠴᠢᠯᠠᠬᠤ᠂ ᠬᠦᠷᠢᠶ᠎ᠡ ᠬᠠᠰᠢᠶᠠᠨ ᠤ ᠠᠵᠤ | ᠠᠬᠤᠢ ᠶᠢᠨ ᠬᠥᠭᠵᠢᠯᠲᠡ ᠶᠢ ᠳᠡᠮᠵᠢᠵᠦ᠂ ᠮᠠᠯ ᠠᠵᠤ ᠠᠬᠤᠢ ᠲᠠᠷᠢᠶᠠᠯᠠᠩ ᠤᠨ ᠦᠢᠯᠡᠳᠪᠦᠷᠢᠯᠡᠯ᠂ ᠡᠳ᠋ᠰᠢᠭᠦᠯᠦᠨ | ᠪᠤᠯᠪᠠᠰᠤᠷᠠᠭᠤᠯᠬᠤ᠂ ᠭᠦᠢᠯᠭᠡᠭᠡ᠂ ᠦᠢᠯᠡᠴᠢᠯᠡᠭᠡ ᠵᠡᠷᠭᠡ ᠪᠦᠭᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ | ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢ ᠴᠢᠩᠭᠠᠷᠠᠭᠤᠯᠤᠨ᠎ᠠ᠃ ᠤᠮᠠᠷᠠᠰᠢ ᠨᠡᠭᠡᠭᠡᠯᠲᠡ ᠬᠢᠬᠦ ᠪᠠᠬᠢᠯᠡᠯᠲᠡ ᠶᠢᠨ | ᠲᠠᠯ᠎ᠠ ᠪᠠᠷ᠂ ᠳᠤᠮᠳᠠᠳᠤ ᠤᠯᠤᠰ ︵ᠥᠪᠥᠷ ᠮᠣᠩᠭᠤᠯ︶ ᠤᠨ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ | ᠲᠦᠷᠭᠡᠳᠬᠡᠨ ᠡᠭᠦᠳᠦᠨ ᠪᠠᠶᠢᠭᠤᠯᠵᠤ᠂ ︽ᠪᠣᠭᠤᠮᠲᠠ + ᠳᠣᠲᠣᠷ᠎ᠠ ᠭᠠᠵᠠᠷ︾ ᠤᠨ ᠬᠤᠯᠪᠤᠭᠠᠯᠠᠨ ᠬᠥᠳᠡᠯᠦᠯᠴᠡᠬᠦ | ᠬᠥᠭᠵᠢᠯᠲᠡ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠤᠯᠤᠰ ᠤᠨ ᠳᠣᠲᠣᠭᠠᠳᠤ ᠶᠢᠨ ᠪᠤᠰᠤᠳ ᠭᠠᠵᠠᠷ ᠣᠷᠣᠨ | ᠯᠤᠭ᠎ᠠ ᠶᠢᠨ ᠬᠠᠮᠲᠤᠷᠠᠯᠴᠠᠭᠠᠨ ᠤ ᠲᠣᠭᠲᠠᠴᠠ ᠶᠢ ᠪᠦᠷᠢᠨᠰᠢᠭᠦᠯᠵᠦ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠪᠠ | ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠳᠤ ᠠᠭᠤᠰᠤᠯᠴᠠᠬᠤ ᠳᠤ ᠨᠠᠩ ᠰᠠᠶᠢᠨ ᠦᠢᠯᠡᠴᠢᠯᠡᠨ᠎ᠡ᠃ | ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠠᠵᠢᠯ ᠢ ᠤᠯᠠᠮ ᠨᠢᠭᠡ | ᠠᠯᠬᠤᠮ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠤᠨ᠎ᠠ᠃ ᠶᠡᠷᠦᠩᠬᠡᠢ ᠱᠦᠵᠢ ᠰᠢ ᠶᠢᠨ ᠫᠢᠩ ᠥᠪᠥᠷ | ᠮᠣᠩᠭᠤᠯ ᠢ ᠰᠢᠨ᠎ᠡ ᠴᠠᠭ ᠦᠶ᠎ᠡ ᠳᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠡᠷᠬᠢᠮ ᠳᠡᠭᠡᠳᠦ ᠢᠷᠠᠭᠤ | ᠠᠯᠳᠠᠷ ᠢᠶᠠᠨ ᠦᠷᠭᠦᠯᠵᠢᠯᠡᠨ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠨᠢᠳᠤᠨᠤᠨ ᠵᠢᠯ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ | ᠪᠠᠶᠢᠭᠤᠯᠬᠤ ᠲᠤᠬᠠᠢ ᠲᠣᠭᠲᠠᠭᠠᠯ︾ ᠢ ᠲᠣᠭᠲᠠᠭᠠᠨ ᠨᠡᠶᠢᠲᠡᠯᠡᠵᠦ᠂ ︽ᠲᠤᠯᠤᠭᠠᠨ ᠲᠠᠯ᠎ᠠ ᠪᠠᠷ ᠵᠢᠱᠢᠶᠡᠴᠢ ᠪᠤᠯᠬᠤ︾ | ᠬᠠᠷᠠᠯᠲᠠ ᠪᠠ ᠡᠭᠦᠷᠭᠡ ᠶᠢ ᠳᠤᠷᠠᠳᠪᠠ᠂ ᠪᠢᠳᠡ ᠬᠠᠮᠢᠶ᠎ᠠ ᠪᠦᠬᠦᠢ ᠬᠦᠷᠢᠶᠡᠨ ᠤ ᠥᠭᠡᠷᠡᠴᠢᠯᠡᠯᠲᠡ ᠶᠢᠨ ᠠᠷᠭ᠎ᠠ | ᠬᠡᠮᠵᠢᠶ᠎ᠡ ᠶᠢ ᠲᠠᠰᠤᠷᠠᠯᠲᠠ ᠦᠭᠡᠢ ᠨᠠᠷᠢᠯᠢᠭᠵᠢᠭᠤᠯᠵᠤ᠂ ︽ᠵᠢᠱᠢᠶᠡᠴᠢ︾ ᠨᠢᠭᠡ ᠪᠦᠷᠢ ᠶᠢ ᠯᠠᠪᠳᠠᠭᠤᠨ ᠪᠠᠲᠤᠲᠠᠢ ᠪᠥᠭᠡᠳ | ᠭᠦᠨᠵᠡᠭᠡᠢ ᠬᠢᠬᠦ ᠪᠠᠷ ᠴᠢᠷᠮᠠᠶᠢᠨ᠎ᠠ᠃ ᠦᠵᠡᠯ ᠰᠠᠨᠠᠭ᠎ᠠ ᠪᠠᠷ ᠬᠥᠲᠥᠯᠥᠨ ᠳᠠᠭᠠᠭᠤᠯᠬᠤ ᠳᠦᠷᠢᠮ ᠲᠣᠭᠲᠠᠴᠠ ᠶᠢ | ᠲᠡᠭᠦᠯᠳᠡᠷᠵᠢᠭᠦᠯᠦᠨ ᠴᠢᠩᠭᠠᠳᠬᠠᠵᠤ᠂ ︽ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ | ᠳᠠᠭᠠᠬᠤ︾ ᠣᠯᠠᠨ ᠲᠦᠮᠡᠨᠴᠢ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ︽ᠵᠢᠷᠭᠤᠭᠠᠨ ᠥᠭᠦᠯᠡᠪᠦᠷᠢ ᠦᠭᠡ ᠶᠢᠨ | ᠪᠣᠳᠠᠲᠤ ᠶᠠᠪᠤᠳᠠᠯ ᠪᠠ ᠶᠣᠰᠣ ᠵᠦᠢ︾ ᠶᠢᠨ ᠲᠡᠦᠬᠡ ᠶᠢᠨ ᠮᠠᠲ᠋ᠧᠷᠢᠶᠠᠯ ᠢ ᠠᠭᠤᠳᠠᠯᠤᠨ ᠡᠮᠬᠢᠳᠬᠡᠬᠦ ᠪᠠ ᠤᠬᠠᠭᠤᠯᠤᠨ | ᠲᠠᠶᠢᠯᠪᠤᠷᠢᠯᠠᠬᠤ ᠲᠣᠭᠲᠠᠴᠠ ᠶᠢ ᠪᠦᠷᠢᠨᠰᠢᠭᠦᠯᠵᠦ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠢ | ᠬᠥᠲᠥᠯᠥᠨ ᠵᠢᠯᠤᠭᠤᠳᠴᠤ ᠪᠠᠶᠢᠭᠠᠳ ᠶᠡᠷᠦᠩᠬᠡᠢ ᠱᠦᠵᠢ ᠰᠢ ᠶᠢᠨ ᠫᠢᠩ ᠢ ᠨᠠᠩ ᠴᠢᠩ ᠰᠡᠳᠬᠢᠯ ᠠᠴᠠ ᠪᠠᠨ ᠳᠠᠭᠠᠵᠤ | ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠵᠢᠱᠢᠶ᠎ᠡ ᠦᠵᠡᠭᠦᠯᠭᠦ ᠣᠷᠣᠨ ᠢ ᠪᠦᠭᠦ ᠲᠠᠯ᠎ᠠ ᠪᠠᠷ ᠪᠠᠶᠢᠭᠤᠯᠵᠤ᠂ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠤᠯᠲᠠ ᠶᠢ ᠭᠦᠨᠵᠡᠭᠡᠢ ᠥᠷᠨᠢᠭᠦᠯᠵᠦ᠂ ᠦᠨᠳᠦᠰᠦᠲᠡᠨ ᠨᠦᠭᠦᠳ ᠤᠨ | ᠥᠷᠭᠡᠨ ᠳᠡᠯᠭᠡᠷ ᠶᠠᠪᠤᠯᠴᠠᠭ᠎ᠠ᠂ ᠪᠦᠭᠦ ᠲᠠᠯ᠎ᠠ ᠶᠢᠨ ᠰᠣᠯᠢᠯᠴᠠᠭ᠎ᠠ᠂ ᠭᠦᠨᠵᠡᠭᠡᠢ ᠠᠭᠤᠰᠤᠯᠴᠠᠯ ᠢ ᠠᠬᠢᠭᠤᠯᠤᠨ᠎ᠠ᠃ | ᠦᠨᠳᠦᠰᠦᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠲᠣᠭᠲᠠᠭᠤᠨ ᠢᠶᠠᠷ ᠳᠡᠭᠡᠭᠰᠢᠯᠡᠭᠦᠯᠭᠦ | ᠲᠣᠭᠲᠠᠴᠠ ᠶᠢ ᠲᠡᠭᠦᠯᠳᠡᠷᠵᠢᠭᠦᠯᠵᠦ᠂ ᠠᠵᠢᠯ ᠣᠯᠭᠤᠯᠲᠠ᠂ ᠡᠮᠴᠢᠯᠡᠭᠡ᠂ ᠨᠢᠯᠬᠠᠰ ᠢ ᠪᠣᠶᠢᠵᠢᠭᠤᠯᠬᠤ᠂ ᠨᠠᠰᠤᠵᠢᠯ ᠤᠨ | ᠠᠰᠠᠷᠠᠮᠵᠢ᠂ ᠨᠡᠶᠢᠭᠡᠮ ᠤᠨ ᠪᠠᠲᠤᠯᠠᠭ᠎ᠠ ᠵᠡᠷᠭᠡ ᠲᠠᠯ᠎ᠠ ᠶᠢᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠪᠦᠷᠢᠨᠰᠢᠭᠦᠯᠵᠦ᠂ | ᠦᠨᠳᠦᠰᠦᠲᠡᠨ ᠨᠦᠭᠦᠳ ᠤᠨ ᠣᠯᠠᠨ ᠲᠦᠮᠡᠨ ᠤ ᠨᠠᠩ ᠥᠷᠭᠡᠨ ᠳᠡᠯᠭᠡᠷ ᠢᠶᠠᠷ ᠬᠠᠮᠲᠤ ᠪᠠᠷ ᠣᠷᠣᠰᠢᠨ ᠰᠠᠭᠤᠷᠢᠰᠢᠵᠤ | ᠬᠠᠮᠲᠤ ᠪᠠᠷ ᠰᠤᠷᠤᠯᠴᠠᠬᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ᠂ ᠬᠠᠮᠲᠤ ᠪᠠᠷ ᠠᠵᠢᠯᠯᠠᠵᠤ ᠬᠠᠮᠲᠤ ᠪᠠᠷ | ᠵᠢᠷᠭᠠᠬᠤ ᠶᠢ ᠠᠬᠢᠭᠤᠯᠤᠨ᠎ᠠ᠃ ᠬᠢᠯᠢ ᠬᠢᠵᠠᠭᠠᠷ ᠢ ᠰᠠᠬᠢᠨ ᠬᠠᠮᠠᠭᠠᠯᠠᠵᠤ ᠬᠢᠯᠢ ᠬᠢᠵᠠᠭᠠᠷ ᠢ ᠪᠠᠬᠢᠵᠢᠭᠦᠯᠵᠦ ᠬᠢᠯᠢ | ᠬᠢᠵᠠᠭᠠᠷ ᠢ ᠬᠥᠭᠵᠢᠭᠦᠯᠦᠨ ᠮᠠᠨᠳᠤᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ | ᠦᠨᠳᠦᠰᠦᠨ ᠱᠠᠲᠤᠨ ᠤ ᠵᠠᠰᠠᠯᠲᠠ ᠶᠢᠨ ᠳᠤᠲᠠᠭᠤᠳᠠᠯ ᠢ ᠬᠦᠴᠦᠯᠡᠨ ᠨᠥᠬᠦᠪᠦᠷᠢᠯᠡᠵᠦ᠂ ᠬᠢᠯᠢ ᠬᠢᠵᠠᠭᠠᠷ ᠤᠨ | ᠲᠣᠭᠲᠠᠭᠤᠨ ᠪᠠᠶᠢᠳᠠᠯ ᠢ ᠪᠠᠶᠢᠩᠭᠤ ᠴᠣᠭᠴᠠᠯᠠᠵᠤ ᠪᠠᠶᠢᠩᠭᠤ ᠪᠠᠬᠢᠵᠢᠭᠦᠯᠬᠦ ᠶᠢ ᠦᠨᠡᠨ ᠬᠦ ᠪᠠᠲᠤᠯᠠᠨ᠎ᠠ᠃ ᠤᠮᠠᠷᠠᠲᠤ | ᠬᠢᠯᠢ ᠶᠢᠨ ᠰᠣᠶᠣᠯ ᠢ ᠰᠤᠳᠤᠯᠤᠨ ᠲᠠᠶᠢᠯᠪᠤᠷᠢᠯᠠᠬᠤ᠂ ᠵᠣᠬᠢᠶᠠᠨ ᠪᠦᠲᠦᠭᠡᠵᠦ ᠦᠢᠯᠡᠳᠪᠦᠷᠢᠯᠡᠬᠦ᠂ ᠤᠯᠠᠮᠵᠢᠯᠠᠨ | ᠳᠡᠯᠭᠡᠷᠡᠭᠦᠯᠵᠦ ᠬᠡᠷᠡᠭᠯᠡᠬᠦ᠂ ᠲᠤᠯᠭᠠᠭᠤᠷᠢᠯᠠᠵᠤ ᠪᠠᠲᠤᠯᠠᠬᠤ ᠲᠣᠭᠲᠠᠴᠠ ᠶᠢ ᠪᠦᠷᠢᠨᠰᠢᠭᠦᠯᠵᠦ᠂ ᠨᠡᠶᠢᠭᠡᠮ ᠵᠢᠷᠤᠮ ᠤᠨ | ᠭᠤᠣᠯᠯᠠᠭᠴᠢ ᠦᠷᠳᠡᠭ ᠤᠨ ᠦᠵᠡᠯᠲᠡ ᠶᠢ ᠬᠠᠤᠯᠢ ᠪᠠᠷ ᠵᠠᠰᠠᠬᠤ ᠪᠠᠶᠢᠭᠤᠯᠤᠯᠲᠠ ᠳᠤ ᠠᠭᠤᠰᠤᠯᠴᠠᠭᠤᠯᠬᠤ᠂ | ᠨᠡᠶᠢᠭᠡᠮ ᠤᠨ ᠬᠥᠭᠵᠢᠯᠲᠡ ᠳᠤ ᠠᠭᠤᠰᠤᠯᠴᠠᠭᠤᠯᠬᠤ᠂ ᠨᠡᠶᠢᠭᠡᠮ ᠤᠨ ᠠᠮᠢᠳᠤᠷᠠᠯ ᠳᠤ ᠠᠭᠤᠰᠤᠯᠴᠠᠭᠤᠯᠬᠤ ᠠᠵᠢᠯ ᠤᠨ | ᠲᠣᠭᠲᠠᠴᠠ ᠶᠢ ᠲᠡᠭᠦᠯᠳᠡᠷᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ | ᠣᠷᠣᠨ ᠢ ᠰᠠᠶᠢᠲᠤᠷ ᠴᠣᠭᠴᠠᠯᠠᠨ᠎ᠠ᠃ ᠰᠤᠷᠲᠠᠯ ᠢ ᠬᠤᠪᠢᠷᠠᠭᠤᠯᠬᠤ᠂ ᠰᠢᠨ᠎ᠡ ᠰᠤᠷᠲᠠᠯ ᠢ ᠪᠤᠢ ᠪᠤᠯᠭᠠᠬᠤ ᠶᠢ ᠴᠥᠬᠦᠷᠡᠰᠢ | ᠦᠭᠡᠢ ᠪᠠᠷᠢᠮᠲᠠᠯᠠᠵᠤ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠪᠠ ︽ᠤᠳᠠᠭᠠᠨ ᠪᠦᠳᠦᠭᠦᠯᠢᠭ | ᠬᠡᠶᠢᠰᠪᠦᠷᠢ︾ ᠪᠠᠶᠢᠬᠤ ᠠᠰᠠᠭᠤᠳᠠᠯ ᠢ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠰᠤᠷᠲᠠᠯ ᠤᠨ | ᠪᠠᠶᠢᠭᠤᠯᠤᠯᠲᠠ ᠶᠢ ᠪᠠᠶᠢᠩᠭᠤᠵᠢᠭᠤᠯᠤᠨ ᠤᠷᠳᠤ ᠬᠤᠭᠤᠴᠠᠭ᠎ᠠ ᠪᠦᠲᠦᠮᠵᠢᠲᠡᠢ ᠪᠤᠯᠭᠠᠬᠤ ᠶᠢ ᠠᠬᠢᠭᠤᠯᠤᠨ᠎ᠠ᠃ ᠨᠠᠮ ᠤᠨ | ᠳᠣᠲᠣᠭᠠᠳᠤ ᠶᠢᠨ ᠬᠢᠨᠠᠯᠲᠠ ᠲᠠᠯᠪᠢᠬᠤ ᠲᠣᠭᠲᠠᠴᠠ ᠶᠢ ᠲᠡᠭᠦᠯᠳᠡᠷᠵᠢᠭᠦᠯᠵᠦ᠂ ᠨᠠᠮ ᠤᠨ ᠭᠡᠰᠢᠭᠦᠨ ᠤ ᠬᠥᠮᠦᠵᠢᠯ | ᠬᠠᠮᠢᠶᠠᠷᠤᠯᠲᠠ᠂ ᠦᠢᠯᠡᠳᠦᠯ ᠢ ᠪᠠᠳᠠᠷᠠᠭᠤᠯᠬᠤ ᠪᠠ ᠰᠤᠯᠠ ᠵᠠᠳᠠᠭᠠᠢ ᠪᠠᠶᠢᠬᠤ ᠦᠨᠳᠦᠰᠦᠨ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠶᠢ ᠴᠡᠭᠴᠡᠯᠡᠬᠦ ᠪᠠᠶᠢᠩᠭᠤᠵᠢᠭᠰᠠᠨ ᠲᠣᠭᠲᠠᠴᠠ ᠶᠢ ᠲᠡᠭᠦᠯᠳᠡᠷᠵᠢᠭᠦᠯᠵᠦ᠂ ᠨᠠᠮ ᠤᠨ | ᠨᠢᠭᠲᠠᠷᠠᠯ ᠤᠨ ᠬᠦᠴᠦᠨ ᠪᠠ ᠲᠠᠶᠢᠴᠢᠨ ᠬᠦᠴᠦᠨ ᠢ ᠦᠷᠭᠦᠯᠵᠢᠯᠡᠨ ᠴᠢᠩᠭᠠᠷᠠᠭᠤᠯᠤᠨ᠎ᠠ᠃ | ᠵᠠᠬ᠎ᠠ ᠳᠡᠯᠭᠡᠭᠦᠷ ᠤᠨ ᠤᠬᠠᠮᠰᠠᠷ ᠢ ᠬᠦᠴᠦᠯᠡᠨ ᠴᠢᠩᠭᠠᠳᠬᠠᠵᠤ᠂ ᠵᠠᠬ᠎ᠠ ᠳᠡᠯᠭᠡᠭᠦᠷ ᠤᠨ ᠲᠣᠭᠲᠠᠴᠠ ᠶᠢᠨ | ᠦᠢᠯᠡᠳᠦᠯ ᠢ ᠨᠡᠩ ᠰᠠᠶᠢᠲᠤᠷ ᠪᠠᠳᠠᠷᠠᠭᠤᠯᠤᠨ᠎ᠠ | ᠶᠡᠷᠦᠩᠬᠡᠢ ᠱᠦᠵᠢ ᠰᠢ ᠶᠢᠨ ᠫᠢᠩ᠂ ᠥᠭᠡᠷᠡᠴᠢᠯᠡᠯᠲᠡ ᠪᠣᠯ ᠠᠰᠠᠭᠤᠳᠠᠯ ᠤᠨ ᠭᠡᠳᠡᠷᠭᠦ ᠰᠢᠬᠠᠯᠲᠠ ᠠᠴᠠ ᠪᠤᠶ | ᠪᠣᠯᠤᠭᠰᠠᠨ ᠮᠥᠷᠲᠡᠭᠡᠨ ᠠᠰᠠᠭᠤᠳᠠᠯ ᠢ ᠲᠠᠰᠤᠷᠠᠯᠲᠠ ᠦᠭᠡᠢ ᠰᠢᠢᠳᠪᠦᠷᠢᠯᠡᠬᠦ ᠳᠤᠮᠳᠠ ᠭᠦᠨᠵᠡᠭᠡᠶᠢᠷᠡᠳᠡᠭ ᠭᠡᠵᠦ | ᠵᠢᠭᠠᠵᠤ ᠭᠠᠷᠭᠠᠪᠠ᠃ ᠥᠪᠥᠷ ᠮᠣᠩᠭᠤᠯ ᠳᠤ ᠠᠪᠴᠤ ᠬᠡᠯᠡᠪᠡᠯ᠂ ᠣᠳᠣᠬᠠᠨ ᠤ ᠬᠠᠮᠤᠭ ᠤᠨ ᠲᠤᠯᠭᠠᠮ ᠠᠰᠠᠭᠤᠳᠠᠯ ᠪᠣᠯ | ︽ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠮᠵᠢ ᠶᠢ | ᠪᠠᠶᠢᠭᠤᠯᠬᠤ︾ ᠲᠤᠬᠠᠢ ᠨᠠᠮ ᠤᠨ ᠲᠥᠪ ᠬᠤᠷᠢᠶ᠎ᠠ ᠶᠢᠨ ᠱᠠᠭᠠᠷᠳᠠᠯᠭ᠎ᠠ ᠶᠣᠰᠣᠭᠠᠷ ᠵᠠᠬ᠎ᠠ ᠳᠡᠯᠭᠡᠭᠦᠷᠴᠢᠯᠡᠭᠰᠡᠨ ᠠᠷᠭ᠎ᠠ | ᠪᠠᠷᠢᠯ ᠳᠤ ᠲᠦᠰᠢᠭᠯᠡᠨ ︽ᠭᠤᠷᠪᠠᠨ ᠲᠦᠪᠰᠢᠨ︾ ᠢ ᠳᠡᠭᠡᠭᠰᠢᠯᠡᠭᠦᠯᠭᠦ ᠶᠠᠪᠤᠳᠠᠯ ᠪᠣᠯᠣᠨ᠎ᠠ᠃ | ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠳᠤ ᠲᠦᠰᠢᠭᠯᠡᠨ ᠠᠵᠤ ᠠᠬᠤᠢ ᠶᠢᠨ ᠬᠥᠭᠵᠢᠯᠲᠡ ᠶᠢᠨ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠎ᠡ᠃ ︽ᠲᠣᠭᠲᠠᠭᠠᠯ︾ ᠳᠤ᠂ ︽ᠨᠡᠩ ᠲᠥᠪ ᠭᠤᠣᠯᠴᠢ᠂ ᠨᠡᠩ ᠠᠮᠢᠵᠢᠷᠠᠯ ᠤᠨ | ᠬᠦᠴᠦᠨ ᠲᠠᠢ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠡᠭᠦᠳᠴᠦ᠂ ᠡᠬᠢ ᠪᠠᠶᠠᠯᠢᠭ ᠢ ᠲᠣᠬᠢᠷᠠᠭᠤᠯᠬᠤ ᠦᠷ᠎ᠡ | ᠪᠦᠲᠦᠮᠵᠢ ᠶᠢ ᠬᠠᠮᠤᠭ ᠤᠨ ᠰᠢᠯᠢᠳᠡᠭᠵᠢᠭᠦᠯᠬᠦ ᠪᠠ ᠦᠷ᠎ᠡ ᠠᠰᠢᠭ ᠢ ᠬᠠᠮᠤᠭ ᠤᠨ ᠶᠡᠭᠡ ᠪᠤᠯᠭᠠᠬᠤ ᠶᠢ ᠪᠡᠶᠡᠯᠡᠭᠦᠯᠬᠦ | ᠬᠡᠷᠡᠭᠲᠡᠢ︾ ᠭᠡᠵᠦ ᠴᠢᠬᠤᠯᠠᠴᠢᠯᠠᠪᠠ᠃ ᠪᠢᠳᠡ ᠠᠵᠤ ᠠᠬᠤᠢ ᠶᠢᠨ ᠠᠵᠢᠯᠯᠠᠭ᠎ᠠ ᠥᠷᠨᠢᠭᠦᠯᠬᠦ ᠳᠤ ᠵᠠᠪᠠᠯ ᠦᠷ᠎ᠡ ᠠᠰᠢᠭ ᠢ | ᠨᠠᠩ ᠴᠢᠬᠤᠯᠠᠴᠢᠯᠠᠵᠤ᠂ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠪᠠᠲᠤᠯᠠᠨ ᠦᠢᠯᠡᠴᠢᠯᠡᠬᠦ ᠤᠷᠢᠲᠠᠯ ᠳᠣᠣᠷ᠎ᠠ | ᠬᠠᠤᠯᠢ ᠲᠣᠭᠲᠠᠭᠠᠯ ᠶᠣᠰᠣᠭᠠᠷ ᠣᠷᠣᠨ ᠨᠤᠲᠤᠭ ᠲᠤ ᠢᠯᠡᠭᠦᠬᠡᠨ ᠠᠰᠢᠭ ᠬᠦᠷᠲᠡᠭᠡᠵᠦ᠂ ᠠᠷᠠᠳ ᠣᠯᠠᠨ ᠳᠤ | ᠢᠯᠡᠭᠦᠬᠡᠨ ᠪᠤᠶᠠᠨ ᠦᠢᠯᠡᠳᠴᠦ᠂ᠦᠷ᠎ᠡ ᠬᠤᠶᠢᠴᠢᠰ ᠲᠠᠭᠠᠨ ᠢᠯᠡᠭᠦᠬᠡᠨ ᠥᠪ ᠬᠥᠷᠥᠩᠭᠡ ᠬᠤᠷᠠᠮᠳᠤᠭᠤᠯᠵᠤ ᠥᠭᠬᠦ | ᠬᠡᠷᠡᠭᠲᠡᠢ᠃ ᠨᠠᠷᠢᠨ ᠪᠤᠳᠤᠬᠤ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠡᠨᠧᠷᠭᠢ᠂ ᠴᠠᠭᠢᠯᠭᠠᠨ ᠬᠦᠴᠦ᠂ᠭᠠᠵᠠᠷ | ᠰᠢᠷᠣᠢ᠂ ᠳ᠋ᠠᠶᠢᠲ᠋ᠠ ᠵᠡᠷᠭᠡ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠥᠭᠡᠷᠡᠴᠢᠯᠡᠯᠲᠡ ᠶᠢ ᠶᠡᠭᠡ ᠪᠠᠷ | ᠠᠬᠢᠭᠤᠯᠵᠤ᠂ ᠭᠠᠳᠠᠭᠠᠳᠤ ᠠᠴᠠ ᠣᠷᠣᠭᠤᠯᠵᠤ ᠢᠷᠡᠭᠰᠡᠨ ᠪᠥᠭᠡᠮ ᠲᠠᠸᠠᠷ ᠢ ᠬᠤᠷᠰᠢᠨ ᠡᠵᠡᠩᠨᠡᠬᠦ ᠲᠣᠭᠲᠠᠴᠠ ᠶᠢ | ᠰᠦᠪᠡᠭᠴᠢᠯᠡᠨ ᠪᠠᠶᠢᠭᠤᠯᠵᠤ᠂ ᠲᠥᠪ ᠪᠠ ᠣᠷᠣᠨ ᠨᠤᠲᠤᠭ ᠤᠨ ᠬᠠᠮᠲᠤᠷᠠᠯᠴᠠᠭᠠᠨ ᠤ ᠲᠣᠭᠲᠠᠴᠠ ᠶᠢ | ᠰᠢᠯᠢᠳᠡᠭᠵᠢᠭᠦᠯᠬᠦ ᠶᠢ ᠠᠬᠢᠭᠤᠯᠵᠤ᠂ ᠠᠷᠭ᠎ᠠ ᠪᠦᠭᠦᠨ ᠢ ᠰᠦᠪᠡᠭᠴᠢᠯᠡᠨ ᠠᠵᠤ ᠠᠬᠤᠢ ᠶᠢᠨ ᠳᠣᠲᠣᠭᠠᠳᠤ ᠭᠠᠳᠠᠭᠠᠳᠤ | ᠡᠷᠭᠢᠯᠲᠡ ᠶᠢ ᠰᠢᠯᠤᠭᠤᠳᠬᠠᠵᠤ᠂ ᠠᠵᠤ ᠠᠬᠤᠢ ᠶᠢᠨ ᠨᠡᠮᠡᠭᠳᠡᠯ ᠤᠨ ᠳᠣᠲᠣᠭᠠᠳᠤ ᠬᠥᠳᠡᠯᠭᠡᠬᠦ ᠬᠦᠴᠦᠨ ᠪᠠ | ᠠᠮᠢᠵᠢᠷᠠᠯ ᠤᠨ ᠬᠦᠴᠦᠨ ᠢ ᠲᠠᠰᠤᠷᠠᠯᠳᠠ ᠦᠭᠡᠢ ᠬᠥᠭᠵᠢᠭᠡᠨ᠎ᠡ᠃ | ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠳᠤ ᠲᠦᠰᠢᠭᠯᠡᠨ ᠨᠡᠶᠢᠭᠡᠮ ᠤᠨ ᠵᠠᠰᠠᠯᠲᠠ ᠶᠢᠨ ᠲᠦᠪᠰᠢᠨ ᠢ | ᠳᠡᠭᠡᠭᠰᠢᠯᠡᠭᠦᠯᠦᠨ᠎ᠠ᠃ ᠲᠥᠪ ᠭᠤᠣᠯᠴᠢ ᠡᠮᠬᠢ ᠵᠢᠷᠤᠮ ᠲᠠᠢ ᠨᠡᠶᠢᠭᠡᠮ ᠤᠨ ᠣᠷᠴᠢᠨ ᠨᠥᠬᠦᠴᠡᠯ ᠢ ᠪᠤᠢ ᠪᠤᠯᠭᠠᠬᠤ ᠳᠤ | ᠵᠠᠰᠠᠭ ᠵᠠᠬᠢᠷᠭᠠᠨ ᠤ ᠠᠷᠭ᠎ᠠ ᠪᠠᠷᠢᠯ ᠢᠶᠠᠷ ︽ᠬᠠᠮᠢᠶᠠᠷᠬᠤ︾ ᠴᠢᠬᠤᠯᠠᠲᠠᠢ ᠮᠥᠷᠲᠡᠭᠡᠨ ᠪᠠᠰᠠ ᠵᠠᠬ᠎ᠠ ᠳᠡᠯᠭᠡᠭᠦᠷ ᠤᠨ | ᠲᠣᠭᠲᠠᠴᠠ ᠪᠠᠷ ︽ᠵᠢᠯᠤᠭᠤᠳᠬᠤ︾ ᠴᠢᠬᠤᠯᠠᠲᠠᠢ ᠶᠤᠮ᠃ ᠪᠢᠳᠡ ︽ᠲᠣᠭᠲᠠᠭᠠᠯ︾ ᠳᠠᠬᠢ ︽ᠭᠤᠣᠯ ᠪᠤᠯᠬᠤ ᠵᠠᠬ᠎ᠠ | ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠬᠠᠷᠢᠴᠠᠭ᠎ᠠ ᠪᠠᠷ ᠡᠯᠧᠮᠧᠨ᠋ᠲ ᠤᠨ ᠦᠨ᠎ᠡ ᠬᠠᠩᠰᠢ ᠶᠢᠨ ᠲᠣᠭᠲᠠᠴᠠ ᠶᠢ | ᠲᠣᠭᠲᠠᠭᠠᠬᠤ︾ ᠲᠤᠬᠠᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ ᠵᠠᠬ᠎ᠠ ᠳᠡᠯᠭᠡᠭᠦᠷ ᠤᠨ ᠨᠡᠶᠢᠭᠡᠮ ᠤᠨ | ᠵᠠᠰᠠᠯᠲᠠ ᠳᠤᠮᠳᠠᠬᠢ ᠡᠯᠧᠮᠧᠨ᠋ᠲ ᠤᠨ ᠬᠥᠰᠢᠭᠦᠷᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠱᠠᠲᠤᠴᠢ ᠴᠢᠨᠠᠷᠲᠠᠢ | ᠦᠨ᠎ᠡ ᠬᠠᠩᠰᠢ ᠶᠢᠨ ᠲᠣᠭᠲᠠᠴᠠ ᠶᠢ ᠲᠡᠭᠦᠯᠳᠡᠷᠵᠢᠭᠦᠯᠬᠦ᠂ ᠭᠤᠣᠯᠳᠠᠯᠭ᠎ᠠ ᠲᠠᠢ ᠬᠦᠷᠢᠶᠡᠨ ᠤ ᠦᠨ᠎ᠡ ᠬᠠᠩᠰᠢ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠡᠷᠭᠡ ᠪᠠᠷ ᠳᠠᠮᠵᠢᠭᠤᠯᠤᠨ ᠤᠯᠠᠨ ᠲᠦᠮᠡᠨ ᠤ ᠡᠬᠢ ᠪᠠᠶᠠᠯᠢᠭ ᠢ | ᠠᠷᠪᠢᠯᠠᠬᠤ ᠶᠢ ᠱᠠᠯᠠᠪᠳᠠᠭᠤᠯᠵᠤ᠂ ᠬᠥᠮᠥᠰ ᠤᠨ ᠳᠦᠷᠢᠮ ᠰᠠᠬᠢᠯᠭ᠎ᠠ ᠶᠢ ᠵᠢᠷᠤᠮᠯᠠᠬᠤ ᠶᠢ ᠬᠥᠲᠥᠯᠥᠨ ᠵᠢᠯᠤᠭᠤᠳᠴᠤ᠂ | ᠡᠭᠦᠨ ᠤ ᠤᠯᠠᠮ ᠢᠶᠠᠷ ᠨᠡᠶᠢᠭᠡᠮ ᠤᠨ ᠡᠮᠬᠢ ᠳᠢᠭᠯᠢᠮ ᠢ ᠰᠢᠯᠢᠳᠡᠭᠵᠢᠭᠦᠯᠦᠨ᠎ᠡ᠃ | ᠵᠠᠬ᠎ᠠ ᠳᠡᠯᠭᠡᠭᠦᠷᠴᠢᠯᠡᠬᠦ ᠠᠷᠭ᠎ᠠ ᠪᠠᠷᠢᠯ ᠳᠤ ᠲᠦᠰᠢᠭᠯᠡᠨ ᠣᠯᠠᠨ ᠲᠦᠮᠡᠨ ᠳᠤ ᠦᠢᠯᠡᠴᠢᠯᠡᠬᠦ ᠬᠢᠷᠢ | ᠬᠡᠮᠵᠢᠶ᠎ᠡ ᠪᠠᠨ ᠳᠡᠭᠡᠭᠰᠢᠯᠡᠭᠦᠯᠦᠨ᠎ᠠ᠃ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠤᠯᠠᠨ | ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠲᠡᠩᠴᠡᠭᠦᠷᠢᠲᠦ ᠴᠢᠨᠠᠷ ᠪᠠ ᠪᠣᠯᠣᠮᠵᠢᠲᠤ ᠴᠢᠨᠠᠷ ᠢ ᠴᠢᠩᠭᠠᠳᠬᠠᠬᠤ ᠪᠣᠯ | ︽ᠲᠣᠭᠲᠠᠭᠠᠯ︾ ᠳᠤ ᠳᠤᠷᠠᠳᠤᠭᠰᠠᠨ ᠴᠢᠬᠤᠯᠠ ᠬᠠᠷᠠᠯᠲᠠ ᠮᠥᠨ᠃ ᠪᠢᠳᠡ ︽ᠨᠡᠶᠢᠲᠡ ᠶᠢᠨ ᠠᠰᠠᠷᠠᠮᠵᠢ + ᠵᠠᠬ᠎ᠠ | ᠳᠡᠯᠭᠡᠭᠦᠷ︾ ᠤᠨ ᠡᠵᠡᠩᠨᠡᠯᠲᠡ ᠶᠢᠨ ᠵᠠᠭᠪᠤᠷ ᠢ ᠢᠳᠡᠪᠬᠢᠲᠡᠢ ᠰᠦᠪᠡᠭᠴᠢᠯᠡᠨ ᠲᠡᠭᠦᠯᠳᠡᠷᠵᠢᠭᠦᠯᠵᠦ᠂ ᠨᠡᠩ ᠤᠯᠠᠨ | ᠡᠵᠡᠩᠨᠡᠯᠲᠡ ᠶᠢᠨ ᠭᠤᠣᠯ ᠴᠣᠭᠴᠠ ᠶᠢ ᠲᠠᠲᠠᠵᠤ ᠰᠤᠷᠭᠠᠨ ᠬᠥᠮᠦᠵᠢᠯ᠂ ᠡᠮᠴᠢᠯᠡᠭᠡ᠂ ᠨᠠᠰᠤᠵᠢᠯ ᠤᠨ ᠠᠰᠠᠷᠠᠮᠵᠢ᠂ | ᠰᠣᠶᠣᠯ ᠵᠡᠷᠭᠡ ᠤᠯᠠᠨ ᠨᠡᠶᠢᠲᠡ ᠶᠢᠨ ᠦᠢᠯᠡᠰ ᠲᠤ ᠪᠡᠯᠡ ᠣᠷᠣᠭᠤᠯᠵᠤ᠂ ᠤᠯᠠᠨ ᠲᠦᠮᠡᠨ ᠤ ᠤᠯᠠᠨ ᠶᠠᠩᠵᠤᠲᠤ | ᠥᠪᠡᠷᠮᠢᠴᠡ᠂ ᠴᠢᠨᠠᠷ ᠰᠠᠶᠢᠲᠠᠢ ᠦᠢᠯᠡᠴᠢᠯᠡᠭᠡᠨ ᠤ ᠬᠡᠷᠡᠭᠴᠡᠭᠡ ᠶᠢ ᠨᠡᠩ ᠰᠠᠶᠢᠲᠤᠷ ᠬᠠᠩᠭᠠᠨ᠎ᠠ᠃ ᠲᠥᠷᠥ ᠶᠢᠨ | ᠪᠣᠳᠣᠯᠭ᠎ᠠ ᠶᠢ ᠲᠣᠭᠲᠠᠭᠠᠨ ᠬᠡᠷᠡᠭᠵᠢᠭᠦᠯᠬᠦ ᠳᠡᠭᠡᠨ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠳᠤ ᠢᠯᠡᠭᠦᠬᠡᠨ | ᠲᠦᠰᠢᠭᠯᠡᠵᠦ ᠣᠯᠠᠨ ᠲᠦᠮᠡᠨ ᠢ ᠬᠥᠲᠥᠯᠥᠨ ᠵᠢᠯᠤᠭᠤᠳᠴᠤ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠪᠠ | ᠨᠡᠶᠢᠭᠡᠮ ᠤᠨ ᠵᠠᠰᠠᠯᠲᠠ ᠳᠤ ᠣᠷᠣᠯᠴᠠᠭᠤᠯᠵᠤ᠂ ᠣᠯᠠᠨ ᠢᠶᠠᠷ ᠢᠶᠠᠨ ᠬᠢᠬᠦ ᠶᠢᠨ ᠳᠤᠮᠳᠠ ᠡᠯ᠎ᠡ ᠲᠥᠷᠥᠯ ᠤᠨ | ᠬᠥᠭᠵᠢᠯᠲᠡ ᠶᠢᠨ ᠦᠷ᠎ᠡ ᠪᠦᠲᠦᠭᠡᠯ ᠢ ᠡᠳ᠋ᠯᠡᠭᠦᠯᠦᠨ᠎ᠡ᠃ | ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ ᠨᠠᠮ ᠤᠨ ᠬᠤᠷᠢᠳᠤᠭᠠᠷ ᠬᠤᠭᠤᠴᠠᠭᠠᠨ ᠤ | ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠪᠠᠲᠤᠯᠠᠨ᠎ᠠ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ | ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ᠂ ᠡᠷᠬᠡᠪᠰᠢ ᠨᠢᠭᠡᠳᠦᠯᠲᠡᠢ ᠲᠥᠯᠥᠪᠯᠡᠬᠦ᠂ ᠪᠦᠬᠦᠯᠢ | ᠴᠣᠭᠴᠠ ᠪᠠᠷ ᠲᠥᠯᠥᠪᠯᠡᠬᠦ ᠶᠢ ᠴᠢᠩᠭᠠᠳᠬᠠᠵᠤ᠂ ᠡᠯ᠎ᠡ ᠵᠦᠢᠯ ᠤᠨ ᠠᠵᠢᠯ ᠢ ᠰᠢᠰᠲ᠋ᠧᠮ ᠲᠠᠢ ᠠᠬᠢᠭᠤᠯᠵᠤ᠂ | ᠬᠥᠭᠵᠢᠯᠲᠡ ᠶᠢ ᠠᠳᠬᠤᠵᠤ ᠥᠭᠡᠷᠡᠴᠢᠯᠡᠯᠲᠡ ᠶᠢ ᠠᠬᠢᠭᠤᠯᠬᠤ ᠦᠷ᠎ᠡ ᠠᠰᠢᠭ ᠢ ᠬᠠᠮᠤᠭ ᠤᠨ ᠶᠡᠭᠡ ᠪᠤᠯᠭᠠᠬᠤ ᠪᠠᠷ | ᠴᠢᠷᠮᠠᠶᠢᠨ᠎ᠠ᠃ | ᠨᠠᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠨᠠᠮ ᠤᠨ ᠪᠠᠶᠢᠭᠤᠯᠤᠯᠲᠠ ᠪᠣᠯ ᠠᠯᠢᠪᠠ ᠠᠵᠢᠯ ᠢ ᠬᠢᠬᠦ ᠶᠢᠨ | ᠰᠠᠭᠤᠷᠢ ᠮᠥᠨ᠃ ᠪᠢᠳᠡ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠲᠠᠢ | ᠤᠶᠠᠯᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠦᠷᠭᠦᠯᠵᠢᠯᠡᠨ ᠰᠠᠶᠢᠲᠤᠷ ᠰᠤᠷᠤᠯᠴᠠᠨ ᠣᠶᠢᠯᠠᠭᠠᠵᠤ ᠨᠡᠪᠳᠡᠷᠡᠳᠡᠯ᠎ᠠ ᠡᠵᠡᠮᠰᠢᠵᠦ | ᠪᠣᠳᠠᠲᠠᠶᠢᠵᠢᠭᠤᠯᠵᠤ᠂ ᠨᠠᠮ ᠤᠨ ᠭᠡᠰᠢᠭᠦᠨ ᠺᠠᠳ᠋ᠷ ᠢ ᠵᠣᠬᠢᠶᠠᠨ ᠪᠠᠶᠢᠭᠤᠯᠤᠨ ᠶᠡᠷᠦᠩᠬᠡᠢ ᠱᠦᠵᠢ ᠰᠢ ᠶᠢᠨ ᠫᠢᠩ ᠤᠨ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠳᠡᠭᠡᠷᠡᠬᠢ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠭᠤᠯᠵᠤ᠂ ᠡᠭᠦᠨ ᠤ ᠳᠤᠮᠳᠠ ᠠᠴᠠ ᠬᠦᠴᠢᠷ ᠠᠰᠠᠭᠤᠳᠠᠯ ᠢ | ᠰᠢᠢᠳᠪᠦᠷᠢᠯᠡᠬᠦ᠂ ᠠᠵᠢᠯ ᠢᠶᠠᠨ ᠰᠠᠶᠢᠵᠢᠷᠠᠭᠤᠯᠬᠤ ᠰᠡᠳᠬᠢᠮᠵᠢ ᠪᠠ ᠠᠷᠭ᠎ᠠ ᠶᠢ ᠲᠠᠰᠤᠷᠠᠯᠲᠠ ᠦᠭᠡᠢ ᠰᠦᠪᠡᠭᠴᠢᠯᠡᠨ᠎ᠡ᠃ | ᠰᠢᠨ᠎ᠡ ᠴᠠᠭ ᠦᠶ᠎ᠡ ᠠᠴᠠ ᠨᠠᠭᠠᠰᠢᠬᠢ ᠶᠡᠷᠦᠩᠬᠡᠢ ᠱᠦᠵᠢ ᠰᠢ ᠶᠢᠨ ᠫᠢᠩ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠶᠢ ᠬᠥᠲᠥᠯᠥᠨ ᠠᠬᠢᠭᠤᠯᠵᠤ ᠣᠯᠣᠭᠰᠠᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠪᠣᠯᠣᠨ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠦᠭᠰᠡᠨ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠰᠤᠷᠤᠯᠴᠠᠨ ᠤᠬᠠᠭᠤᠯᠬᠤ ᠶᠢ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ | ᠤᠯᠠᠨ ᠲᠦᠮᠡᠨᠴᠢ ᠬᠥᠮᠦᠵᠢᠯ ᠥᠷᠨᠢᠭᠦᠯᠬᠦ ᠶᠢᠨ ᠴᠢᠬᠤᠯᠠ ᠠᠭᠤᠯᠭ᠎ᠠ ᠪᠤᠯᠭᠠᠵᠤ᠂ ᠥᠷᠭᠡᠨ ᠤᠯᠠᠨ ᠨᠠᠮ ᠤᠨ ᠭᠡᠰᠢᠭᠦᠨ | ᠺᠠᠳ᠋ᠷ ᠤᠯᠠᠨ ᠲᠦᠮᠡᠨ ᠢ ᠬᠥᠲᠥᠯᠥᠨ ᠳᠠᠭᠠᠭᠤᠯᠵᠤ ᠨᠠᠮ ᠤᠨ ᠠᠴᠢ ᠶᠢ ᠦᠨᠡᠨ ᠰᠡᠳᠬᠢᠯ ᠠᠴᠠ ᠪᠠᠨ ᠣᠶᠢᠯᠠᠭᠠᠵᠤ᠂ | ᠨᠠᠮ ᠤᠨ ᠰᠠᠶᠢᠨ ᠢ ᠮᠡᠳᠡᠭᠦᠯᠦᠨ᠎ᠡ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ ᠢ | ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠣᠯᠠᠨ ᠲᠦᠮᠡᠨ ᠤ ᠳᠡᠷᠭᠡᠳᠡᠬᠢ ᠲᠥᠪ | ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠴᠡᠭᠴᠡᠯᠡᠨ ᠵᠠᠰᠠᠬᠤ ᠶᠢ ᠪᠠᠶᠢᠩᠭᠤᠵᠢᠭᠤᠯᠤᠨ ᠤᠷᠳᠤ | ᠬᠤᠭᠤᠴᠠᠭ᠎ᠠ ᠪᠦᠲᠦᠮᠵᠢᠳᠠᠢ ᠰᠠᠶᠢᠲᠤᠷ ᠠᠳᠬᠤᠵᠤ᠂ ᠢᠯᠵᠢᠷᠡᠯ ᠢ ᠡᠰᠡᠷᠭᠦᠴᠡᠵᠦ ᠠᠷᠢᠭᠤᠨ ᠴᠢᠬᠡᠴᠢ ᠶᠢ ᠡᠷᠭᠢᠮᠯᠡᠭᠦ | ᠡᠷᠴᠢᠮ ᠢ ᠴᠢᠩᠭᠠᠷᠠᠭᠤᠯᠵᠤ᠂ ︽ᠢᠯᠵᠢᠷᠡᠬᠦ ᠠᠴᠠ ᠵᠢᠷᠦᠬᠡᠰᠢᠶᠡᠬᠦ᠂ ᠢᠯᠵᠢᠷᠡᠵᠦ ᠪᠤᠯᠬᠤ ᠦᠭᠡᠢ᠂ ᠢᠯᠵᠢᠷᠡᠬᠦ ᠶᠢ ᠪᠤᠳᠤᠬᠤ | ᠦᠭᠡᠢ︾ ᠶᠢ ᠨᠢᠭᠡ ᠴᠣᠭᠴᠠᠵᠢᠭᠤᠯᠤᠨ ᠠᠬᠢᠭᠤᠯᠬᠤ᠂ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ | ᠪᠠᠶᠢᠴᠠᠭᠠᠵᠤ ᠵᠠᠰᠠᠬᠤ ᠵᠡᠷᠭᠡ ᠲᠣᠭᠲᠠᠴᠠ ᠶᠢ ᠲᠡᠭᠦᠯᠳᠡᠷᠵᠢᠭᠦᠯᠵᠦ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ᠂ | ᠬᠡᠷᠡᠭ ᠢᠶᠠᠷ ᠵᠠᠰᠠᠯᠲᠠ ᠶᠢ ᠠᠬᠢᠭᠤᠯᠬᠤ ᠶᠢ ᠭᠦᠨᠵᠡᠭᠡᠶᠢᠷᠡᠭᠦᠯᠵᠦ᠂ ᠰᠤᠷᠲᠠᠯ ᠴᠢᠬᠡᠴᠢ ᠣᠪᠣᠷ ᠲᠥᠪ ᠤᠯᠤᠰ | ᠲᠥᠷᠥ ᠶᠢᠨ ᠠᠮᠢ ᠠᠬᠤᠢ ᠶᠢ ᠤᠯᠠᠮ ᠨᠢᠭᠡ ᠠᠯᠬᠤᠮ ᠪᠤᠶ ᠪᠣᠯᠭᠠᠨ᠎ᠠ᠃ | ᠵᠠᠰᠠᠯᠲᠠ ᠶᠢ ᠰᠢᠯᠢᠳᠡᠭᠵᠢᠭᠦᠯᠦᠨ᠎ᠡ᠃ ︽ᠲᠣᠭᠲᠠᠭᠠᠯ︾ ᠳᠤ᠂ ︽ᠨᠡᠶᠢᠭᠡᠮ ᠤᠨ ᠵᠠᠰᠠᠯᠲᠠ ᠶᠢᠨ ᠪᠠᠶᠢᠭᠤᠯᠤᠯ | ᠲᠣᠭᠲᠠᠴᠠ ᠪᠠ ᠠᠷᠭ᠎ᠠ ᠪᠠᠷᠢᠯ ᠤᠨ ᠲᠠᠯ᠎ᠠ ᠪᠠᠷ ᠰᠢᠨ᠎ᠡ ᠶᠢ ᠡᠭᠦᠳᠴᠦ︾᠂ ︽ᠤᠯᠤᠰ ᠤᠨ ᠵᠠᠰᠠᠯᠲᠠ ᠪᠠ ᠨᠡᠶᠢᠭᠡᠮ ᠤᠨ | ᠬᠥᠭᠵᠢᠯᠲᠡ ᠶᠢ ᠨᠡᠩ ᠰᠠᠶᠢᠨ ᠵᠣᠬᠢᠴᠠᠭᠤᠯᠬᠤ︾ ᠶᠢ ᠠᠬᠢᠭᠤᠯᠬᠤ ᠬᠡᠷᠡᠭᠲᠡᠢ ᠭᠡᠵᠦ ᠳᠤᠷᠠᠳᠪᠠ᠃ ᠪᠢᠳᠡ ᠨᠠᠮ ᠤᠨ | ᠳᠣᠲᠣᠭᠠᠳᠤ ᠳᠤ ᠣᠷᠣᠰᠢᠵᠤ ᠪᠠᠶᠢᠭ᠎ᠠ ᠠᠰᠠᠭᠤᠳᠠᠯ ᠢ ᠴᠢᠩᠭ᠎ᠠ ᠴᠡᠭᠴᠡᠯᠡᠨ ᠵᠠᠰᠠᠬᠤ ᠶᠢᠨ ᠵᠡᠷᠭᠡ ᠪᠠᠷ ᠨᠡᠶᠢᠭᠡᠮ ᠤᠨ | ᠳᠠᠪᠬᠤᠷᠭ᠎ᠠ ᠶᠢᠨ ᠮᠠᠰᠢ ᠤᠯᠠᠨ ᠠᠷᠬᠠᠭ ᠭᠡᠮ ᠢ ᠶᠡᠭᠡ ᠬᠦᠴᠦ ᠣᠷᠣᠭᠤᠯᠤᠨ ᠴᠡᠭᠴᠡᠯᠡᠨ ᠵᠠᠰᠠᠵᠤ᠂ ᠬᠤᠳᠠ | ᠬᠥᠳᠡᠭᠡ ᠶᠢᠨ ᠬᠤᠭ ᠨᠣᠪᠰᠢ ᠶᠢ ᠰᠢᠢᠳᠪᠦᠷᠢᠯᠡᠬᠦ᠂ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ᠂ ᠠᠶᠤᠯᠲᠠᠢ | ᠬᠠᠶᠠᠭᠳᠠᠮᠠᠯ ᠪᠣᠳᠠᠰ ᠤᠨ ᠬᠠᠮᠢᠶᠠᠷᠤᠯᠲᠠ᠂ ᠣᠷᠴᠢᠨ ᠲᠣᠭᠤᠷᠢᠨ ᠤ ᠬᠢᠨᠠᠨ ᠬᠡᠮᠵᠢᠯᠲᠡ ᠶᠢᠨ ᠲᠤᠭ᠎ᠠ ᠪᠠᠷᠢᠮᠲᠠ᠂ ᠤᠢ | ᠰᠢᠭᠤᠢ ᠨᠤᠲᠤᠭ ᠪᠡᠯᠴᠢᠭᠡᠷ ᠢ ᠰᠦᠢᠳᠬᠡᠬᠦ ᠵᠡᠷᠭᠡ ᠬᠦᠷᠢᠶᠡᠨ ᠤ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ | ᠲᠤᠰᠬᠠᠢ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠨᠡᠶᠢᠭᠡᠮ ᠤᠨ ᠡᠮᠬᠢ ᠳᠢᠭᠯᠢᠮ ᠢ ᠰᠠᠮᠠᠭᠤᠷᠠᠭᠤᠯᠤᠭᠰᠠᠨ ᠲᠣᠪᠣᠶᠢᠮ᠎ᠠ | ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠵᠤ᠂ ᠬᠠᠤᠯᠢ ᠴᠠᠭᠠᠵᠠ ᠳᠦᠷᠢᠮ ᠲᠣᠭᠲᠠᠭᠠᠯ ᠢ ᠵᠥᠷᠢᠴᠡᠭᠰᠡᠨ ᠬᠥᠮᠥᠨ | ᠪᠣᠯᠣᠨ ᠬᠡᠷᠡᠭ ᠶᠠᠪᠤᠳᠠᠯ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ︽ᠴᠥᠭᠡᠨ ᠲᠣᠭᠠᠨ ᠤ ᠬᠥᠮᠥᠨ ᠢ | ᠰᠢᠢᠳᠬᠡᠵᠦ᠂ ᠶᠡᠭᠡ ᠬᠡᠪᠴᠢᠶ᠎ᠡ ᠪᠠᠷ ᠰᠦᠷᠳᠡᠭᠦᠯᠵᠦ᠂ ᠪᠦᠭᠦ ᠨᠡᠶᠢᠭᠡᠮ ᠢ ᠬᠥᠮᠥᠵᠢᠭᠦᠯᠬᠦ︾ ᠦᠷ᠎ᠡ ᠪᠦᠲᠦᠮᠵᠢ ᠶᠢ | ᠴᠢᠷᠮᠠᠶᠢᠨ ᠪᠡᠶᠡᠯᠡᠭᠦᠯᠦᠨ᠎ᠡ᠃ ᠠᠰᠠᠭᠤᠳᠠᠯ ᠠᠮᠠᠷᠬᠠᠨ ᠡᠭᠦᠰᠬᠦ ᠤᠯᠠᠨ ᠡᠭᠦᠰᠬᠦ ᠦᠨᠳᠦᠰᠦ ᠰᠤᠷᠪᠤᠯᠵᠢ ᠶᠢ ᠭᠦᠨᠵᠡᠭᠡᠢ | ᠵᠠᠳᠠᠯᠤᠨ ᠰᠢᠨᠵᠢᠯᠡᠵᠦ᠂ ᠪᠠᠶᠢᠭᠤᠯᠤᠯ ᠲᠣᠭᠲᠠᠴᠠ ᠠᠴᠠ ᠭᠠᠷᠳᠠᠵᠤ ᠠᠯᠳᠠᠭ᠎ᠠ ᠳᠤᠲᠠᠭᠳᠠᠯ ᠢ ᠵᠠᠯᠠᠷᠠᠭᠤᠯᠵᠤ᠂ | ᠨᠡᠶᠢᠭᠡᠮ ᠤᠨ ᠵᠥᠷᠢᠴᠡᠯ ᠢ ᠠᠷᠢᠯᠭᠠᠬᠤ᠂ ᠨᠡᠶᠢᠭᠡᠮ ᠤᠨ ᠡᠮᠬᠢ ᠵᠢᠷᠤᠮ ᠢ ᠬᠠᠮᠠᠭᠠᠯᠠᠬᠤ ᠵᠡᠷᠭᠡ ᠰᠠᠭᠤᠷᠢ ᠴᠢᠨᠠᠷᠲᠠᠢ | ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠥᠮᠥᠨ ᠪᠦᠭᠦᠨ ᠳᠦᠷᠢᠮ ᠲᠣᠭᠲᠠᠭᠠᠯ ᠢ ᠵᠢᠷᠤᠮᠯᠠᠨ ᠬᠠᠤᠯᠢ ᠶᠢ | ᠰᠠᠬᠢᠬᠤ᠂ ᠤᠴᠢᠷ ᠶᠠᠪᠤᠳᠠᠯ ᠪᠦᠭᠦᠨ ᠢ ᠳᠦᠷᠢᠮ ᠲᠣᠭᠲᠠᠭᠠᠯ ᠶᠣᠰᠣᠭᠠᠷ ᠰᠢᠢᠳᠪᠦᠷᠢᠯᠡᠬᠦ᠂ ᠨᠡᠶᠢᠭᠡᠮ ᠡᠮᠬᠢ ᠵᠢᠷᠤᠮ ᠲᠠᠢ | ᠰᠠᠶᠢᠨ ᠰᠠᠶᠢᠬᠠᠨ ᠪᠠᠶᠢᠳᠠᠯ ᠲᠠᠢ ᠪᠤᠯᠬᠤ ᠶᠢ ᠠᠬᠢᠭᠤᠯᠤᠨ᠎ᠠ᠃ | ᠠᠶᠤᠯ ᠲᠦᠭᠰᠢᠭᠦᠷᠢ ᠶᠢ ᠰᠡᠷᠭᠡᠶᠢᠯᠡᠨ᠎ᠡ᠃ ᠶᠡᠷᠦᠩᠬᠡᠢ ᠱᠦᠵᠢ ᠰᠢ ᠶᠢᠨ ᠫᠢᠩ ᠬᠦᠨᠳᠦ ᠶᠡᠭᠡ ᠠᠶᠤᠯ | ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠲᠤᠬᠠᠢ ᠤᠯᠠᠨ ᠤᠳᠠᠭ᠎ᠠ ᠴᠢᠬᠤᠯᠠ ᠵᠢᠭᠠᠪᠤᠷᠢ ᠥᠭᠪᠡ᠃ ᠪᠢᠳᠡ ᠶᠡᠷᠦᠩᠬᠡᠢ | ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠠᠶᠤᠯ | ᠲᠦᠭᠰᠢᠭᠦᠷᠢ ᠶᠢ ᠰᠡᠷᠭᠡᠶᠢᠯᠡᠬᠦ ᠡᠨᠡ ᠬᠦ ᠬᠥᠪᠴᠢ ᠶᠢ ᠢᠮᠠᠭᠲᠠ ᠴᠢᠩᠭᠠᠯᠠᠵᠤ᠂ ᠦᠵᠡᠯ ᠤᠬᠠᠮᠰᠠᠷ ᠤᠨ ᠭᠡᠯᠪᠡᠷᠢ ᠶᠢᠨ | ᠬᠦᠷᠢᠶᠡᠨ ᠳᠠᠬᠢ ᠬᠢᠨᠠᠨ ᠬᠠᠷᠭᠤᠭᠤᠯᠬᠤ᠂ ᠠᠶᠤᠯ ᠲᠦᠭᠰᠢᠭᠦᠷᠢ ᠶᠢ ᠪᠠᠶᠢᠴᠠᠭᠠᠬᠤ᠂ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠵᠡᠷᠭᠡ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠶᠤᠯ ᠦᠭᠡᠢ | ᠦᠢᠯᠡᠳᠪᠦᠷᠢᠯᠡᠯ ᠤᠨ ᠭᠡᠮ ᠰᠣᠭᠤᠭ ᠢ ᠪᠠᠶᠢᠴᠠᠭᠠᠵᠤ ᠴᠡᠭᠴᠡᠯᠡᠨ ᠵᠠᠰᠠᠬᠤ᠂ ᠭᠠᠵᠠᠷ ᠣᠷᠣᠨ ᠤ ᠬᠤᠭᠤᠷᠣᠨᠳᠤ | ᠰᠣᠯᠪᠢᠴᠠᠭᠤᠯᠤᠨ ᠬᠠᠤᠯᠢ ᠬᠡᠷᠡᠭᠵᠢᠭᠦᠯᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠠᠶᠢᠭᠠᠯᠢ ᠶᠢᠨ ᠭᠠᠮᠰᠢᠭ ᠢ | ᠤᠷᠢᠳᠴᠢᠯᠠᠨ ᠰᠡᠷᠡᠮᠵᠢᠯᠡᠭᠦᠯᠭᠦ ᠪᠠ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢ ᠪᠦᠷᠢᠨᠰᠢᠭᠦᠯᠵᠦ᠂ ᠥᠷᠢ | ᠥᠭᠴᠡᠭᠡᠨ ᠤ ᠮᠥᠩᠭᠦᠨ ᠭᠦᠢᠯᠭᠡᠭᠡ᠂ ᠭᠡᠷ ᠭᠠᠵᠠᠷ ᠤᠨ ᠬᠥᠷᠥᠩᠭᠡ᠂ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ᠂ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠵᠡᠷᠭᠡ ᠬᠦᠷᠢᠶᠡᠨ ᠳᠠᠬᠢ ᠠᠶᠤᠯ | ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ | ᠪᠠᠲᠤ ᠰᠠᠬᠢᠨ᠎ᠠ᠃ | ᠡᠷᠴᠢ ᠵᠣᠷᠢᠭ ᠢᠶᠠᠨ ᠬᠥᠪᠴᠢᠯᠡᠨ᠎ᠡ᠃ ︽ᠲᠣᠭᠲᠠᠭᠠᠯ︾ ᠳᠤ ︽︿ᠭᠤᠷᠪᠠ ᠶᠢ ᠢᠯᠭᠠᠬᠤ﹀ ᠶᠢ | ᠨᠠᠶᠢᠳᠠᠪᠤᠷᠢᠵᠢᠭᠤᠯᠵᠤ᠂ ᠺᠠᠳ᠋ᠷᠴᠤᠳ ᠤᠨ ᠵᠠᠮ ᠨᠡᠭᠡᠭᠡᠨ ᠤᠷᠤᠭᠰᠢᠯᠠᠬᠤ᠂ ᠠᠵᠢᠯ ᠬᠢᠵᠦ ᠦᠢᠯᠡᠰ ᠪᠣᠰᠬᠠᠬᠤ ᠶᠢ | ᠵᠣᠷᠢᠭᠵᠢᠭᠤᠯᠤᠨ᠎ᠠ︾ ᠭᠡᠵᠦ ᠳᠤᠷᠠᠳᠪᠠ᠃ ᠪᠢᠳᠡ ᠰᠢᠨ᠎ᠡ ᠶᠢ ᠡᠭᠦᠳᠬᠦ ᠰᠣᠶᠣᠯ ᠢ ᠢᠳᠡᠪᠬᠢᠲᠡᠢ ᠪᠣᠶᠢᠵᠢᠭᠤᠯᠵᠤ᠂ | ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ | ᠬᠢᠵᠠᠭᠠᠷᠯᠠᠵᠤ ᠪᠠᠶᠢᠭ᠎ᠠ ᠬᠠᠭᠤᠴᠢᠨ ᠳᠦᠷᠢᠮ ᠲᠣᠭᠲᠠᠭᠠᠯ ᠢ ᠪᠦᠭᠦ ᠲᠠᠯ᠎ᠠ ᠪᠠᠷ ᠠᠷᠢᠯᠭᠠᠵᠤ᠂ ᠥᠭᠡᠷᠡᠴᠢᠯᠡᠭᠴᠢ ᠳᠤ | ᠬᠠᠷᠢᠭᠤᠴᠠᠬᠤ᠂ ᠰᠢᠨ᠎ᠡ ᠶᠢ ᠡᠭᠦᠳᠦᠭᠴᠢ ᠳᠤ ᠬᠠᠷᠢᠭᠤᠴᠠᠬᠤ ᠳᠦᠷᠢᠮ ᠤᠨ ᠪᠠᠲᠤᠯᠠᠭ᠎ᠠ ᠶᠢ ᠲᠡᠭᠦᠯᠳᠡᠷᠵᠢᠭᠦᠯᠵᠦ᠂ | ᠵᠣᠷᠢᠭᠲᠠᠢ ᠰᠡᠳᠬᠢᠵᠦ ᠵᠣᠷᠢᠭᠲᠠᠢ ᠬᠢᠬᠦ ᠮᠥᠷᠲᠡᠭᠡᠨ ᠠᠵᠢᠯ ᠶᠠᠪᠤᠳᠠᠯ ᠪᠦᠲᠦᠭᠡᠵᠦ ᠳᠡᠶᠢᠯᠭᠦ ᠬᠥᠮᠥᠰ ᠢ ᠵᠣᠷᠢᠭᠲᠠᠢ | ᠳᠡᠪᠰᠢᠭᠦᠯᠵᠦ ᠴᠢᠬᠤᠯᠠᠴᠢᠯᠠᠨ ᠬᠡᠷᠡᠭᠯᠡᠵᠦ᠂ ᠬᠠᠶᠢᠨ ᠰᠦᠪᠡᠭᠴᠢᠯᠡᠯᠲᠡ ᠬᠢᠭᠰᠡᠨ ᠠᠴᠠ ᠪᠣᠯᠵᠤ ᠠᠯᠳᠠᠰᠢ ᠭᠠᠷᠤᠭᠰᠠᠨ | ᠪᠠᠶᠢᠪᠠᠯ ᠠᠭᠤᠴᠢᠯᠠᠬᠤ ᠶᠣᠰᠣᠲᠠᠢ ᠶᠢ ᠨᠢ ᠠᠭᠤᠴᠢᠯᠠᠵᠤ᠂ ᠠᠯᠢ ᠴᠢᠳᠠᠬᠤ ᠪᠠᠷ ᠪᠠᠭᠲᠠᠭᠠᠨ᠎ᠠ᠃ ᠶᠡᠷᠦᠩᠬᠡᠢ ᠱᠦᠵᠢ | ᠰᠢ ᠶᠢᠨ ᠫᠢᠩ ᠤᠨ ︽ᠺᠠᠳ᠋ᠷ ᠢ ᠵᠣᠷᠢᠭᠲᠠᠢ ᠬᠢᠯᠭᠡᠬᠦ᠂ ᠣᠷᠣᠨ ᠨᠤᠲᠤᠭ ᠢ ᠵᠣᠷᠢᠭᠲᠠᠢ ᠬᠢᠯᠭᠡᠬᠦ᠂ ᠠᠵᠤ ᠠᠬᠤᠶᠢᠯᠠᠯ ᠢ | ᠵᠣᠷᠢᠭᠲᠠᠢ ᠬᠢᠯᠭᠡᠬᠦ᠂ ᠤᠯᠠᠨ ᠲᠦᠮᠡᠨ ᠤ ᠵᠣᠷᠢᠭᠲᠠᠢ ᠡᠭᠦᠳᠦᠨ ᠪᠦᠲᠦᠭᠡᠬᠦ ᠶᠢ ᠠᠬᠢᠭᠤᠯᠬᠤ ᠬᠡᠷᠡᠭᠲᠡᠢ︾ ᠭᠡᠬᠦ ᠴᠢᠬᠤᠯᠠ | ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠷᠭ᠎ᠠ ᠪᠦᠭᠦᠨ ᠢ ᠰᠦᠪᠡᠭᠴᠢᠯᠡᠨ ᠡᠯ᠎ᠡ ᠲᠠᠯ᠎ᠠ ᠶᠢᠨ | ᠠᠵᠢᠯ ᠬᠢᠵᠦ ᠦᠢᠯᠡᠰ ᠪᠣᠰᠬᠠᠬᠤ ᠢᠳᠡᠪᠬᠢᠵᠢᠯ ᠢ ᠲᠠᠶᠢᠴᠢᠯᠠᠵᠦ᠂ ᠬᠥᠮᠥᠨ ᠪᠦᠭᠦᠨ ᠢ ᠵᠣᠷᠢᠭᠵᠢᠭᠤᠯᠵᠤ ᠠᠵᠢᠯ ᠬᠢᠬᠦ | ᠳᠤᠷᠠᠲᠠᠢ᠂ ᠪᠤᠰᠤᠳ ᠢ ᠬᠠᠪᠰᠤᠷᠤᠨ ᠠᠵᠢᠯ ᠶᠠᠪᠤᠳᠠᠯ ᠪᠦᠲᠦᠭᠡᠬᠦ ᠳᠤᠷᠠᠲᠠᠢ ᠪᠤᠯᠭᠠᠵᠤ᠂ ᠥᠷᠭᠡᠨ ᠤᠯᠠᠨ ᠨᠠᠮ ᠤᠨ | ᠭᠡᠰᠢᠭᠦᠨ ᠺᠠᠳ᠋ᠷᠴᠤᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ᠂ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ | ᠬᠢᠬᠦ ᠶᠢ ᠠᠬᠢᠭᠤᠯᠵᠤ᠂ ᠡᠯ᠎ᠡ ᠲᠦᠷᠦᠯ ᠤᠨ ᠠᠵᠤ ᠠᠬᠤᠶᠢᠯᠠᠯ ᠤᠨ ᠬᠢᠨ ᠭᠤᠣᠯ ᠠᠵᠢᠯ ᠳᠠᠭᠠᠨ ᠠᠩᠬᠠᠷᠤᠯ ᠢᠶᠠᠨ | ᠲᠥᠪᠯᠡᠷᠡᠭᠦᠯᠵᠦ᠂ ᠳᠣᠲᠣᠷ ᠲᠠᠮᠢᠷ ᠢᠶᠠᠨ ᠪᠤᠯᠪᠠᠰᠤᠷᠠᠭᠤᠯᠵᠤ᠂ ᠨᠡᠩ ᠶᠡᠭᠡ ᠬᠥᠭᠵᠢᠯᠲᠡ ᠶᠢ ᠴᠢᠷᠮᠠᠶᠢᠨ ᠪᠡᠶᠡᠯᠡᠭᠦᠯᠵᠦ᠂ | ᠦᠨᠳᠦᠰᠦᠨ ᠱᠠᠲᠤᠨ ᠤ ᠨᠢᠭᠡᠴᠢ ᠶᠢᠨ ᠬᠢᠨ ᠴᠢᠷᠮᠠᠶᠢᠨ ᠠᠵᠢᠯᠯᠠᠵᠤ᠂ ᠲᠡᠷᠢᠭᠦᠨ ᠤ ᠬᠢ ᠪᠤᠯᠬᠤ ᠪᠠᠷ ᠴᠢᠷᠮᠠᠶᠢᠬᠤ ᠰᠠᠶᠢᠨ | ᠰᠠᠶᠢᠬᠠᠨ ᠬᠡᠪ ᠰᠤᠷᠲᠠᠯ ᠢ ᠪᠤᠢ ᠪᠤᠯᠭᠠᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ | ᠣᠷᠳᠣᠨ ᠲᠠᠯᠪᠢᠬᠤ ᠶᠣᠰᠣᠲᠠᠢ ᠠᠵᠢᠯ ᠤᠨ ᠡᠷᠬᠡ ᠪᠠᠨ ᠲᠠᠯᠪᠢᠵᠤ᠂ᠬᠠᠩᠭᠠᠬᠤ ᠶᠣᠰᠣᠲᠠᠢ ᠦᠢᠯᠡᠴᠢᠯᠡᠭᠡ ᠶᠢ ᠰᠠᠶᠢᠲᠤᠷ | ᠬᠠᠩᠭᠠᠬᠤ ᠶᠢ ᠠᠬᠢᠭᠤᠯᠵᠤ᠂ ᠦᠨᠳᠦᠰᠦᠨ ᠱᠠᠲᠤ ᠪᠣᠯᠣᠨ ᠠᠵᠤ ᠠᠬᠤᠶᠢᠯᠠᠯ ᠤᠨ ᠵᠣᠷᠢᠭᠲᠠᠢ ᠪᠠᠷ ᠠᠵᠢᠯ ᠶᠠᠪᠤᠳᠠᠯ | ᠬᠢᠬᠦ ᠳᠤ ᠨᠥᠬᠦᠴᠡᠯ ᠪᠦᠷᠢᠯᠳᠦᠭᠦᠯᠦᠨ ᠳᠡᠮᠵᠢᠯᠭᠡ ᠦᠵᠡᠭᠦᠯᠵᠦ᠂ ᠪᠦᠭᠦ ᠣᠷᠣᠨ ᠳᠤ ᠠᠵᠢᠯ ᠶᠠᠪᠤᠳᠠᠯ ᠬᠢᠬᠦ ᠨᠢ | ᠢᠷᠠᠭᠤ ᠠᠯᠳᠠᠷᠲᠠᠢ᠂ ᠠᠵᠢᠯ ᠶᠠᠪᠤᠳᠠᠯ ᠥᠯᠥ ᠬᠢᠬᠦ ᠨᠢ ᠢᠴᠢᠭᠦᠷᠢᠲᠡᠢ ᠪᠠᠶᠢᠬᠤ ᠠᠭᠤᠷ ᠠᠮᠢᠰᠬᠤᠯ ᠢ ᠪᠤᠶ ᠪᠤᠯᠭᠠᠵᠤ᠂ | ᠬᠥᠮᠥᠨ ᠪᠦᠭᠦᠨ ᠠᠵᠢᠯ ᠬᠢᠵᠦ ᠦᠢᠯᠡᠰ ᠪᠣᠰᠬᠠᠬᠤ᠂ ᠭᠡᠷ ᠪᠦᠯᠢ ᠪᠣᠯᠭᠠᠨ ᠰᠠᠬᠢᠨ ᠪᠡᠷᠡᠯᠡᠵᠦ ᠬᠠᠷᠢᠯᠴᠠᠨ | ᠬᠠᠪᠰᠤᠷᠤᠯᠴᠠᠬᠤ᠂ ᠣᠯᠠᠨ ᠢᠶᠠᠷ ᠢᠶᠠᠨ ᠬᠠᠮᠲᠤ ᠠᠵᠢᠯᠯᠠᠵᠤ ᠬᠠᠮᠲᠤ ᠬᠢᠵᠦ ᠬᠠᠮᠲᠤ ᠪᠠᠷ ᠠᠮᠵᠢᠯᠲᠠ ᠪᠦᠲᠦᠮᠵᠢ ᠶᠢ | ᠡᠳ᠋ᠯᠡᠬᠦ ᠪᠠᠶᠢᠳᠠᠯ ᠢ ᠪᠦᠷᠢᠯᠳᠦᠭᠦᠯᠦᠨ᠎ᠡ᠃ |