︽ᠮᠤᠵᠢ ᠠᠯᠤᠰᠯᠠᠨ ᠣᠨᠳᠣᠣ ᠭᠠᠵᠠᠷ︾ ᠤᠨ ᠡᠪᠡᠳᠴᠢᠨ ᠦᠵᠡᠭᠦᠯᠬᠦ ᠳᠤ ᠬᠡᠷᠬᠢᠨ ᠰᠢᠭᠤᠳ ᠲᠠᠩᠰᠠ ᠲᠠᠶᠢᠯᠬᠤ ᠪᠣᠶ︖
ᠨᠡᠶᠢᠲᠡᠯᠡᠭᠰᠡᠨ ᠴᠠᠭ᠄
2024/9/10

     ᠮᠤᠵᠢ ᠠᠯᠤᠰᠯᠠᠨ ᠣᠨᠳᠣᠣ ᠭᠠᠵᠠᠷ ᠲᠤ ᠣᠷᠳᠣ ᠬᠤᠭᠤᠴᠠᠭ᠎ᠠ ᠪᠠᠷ ᠰᠠᠭᠤᠵᠤ ᠪᠠᠶᠢᠭ᠎ᠠ ᠪᠤᠶᠤ ᠮᠤᠵᠢ

ᠠᠯᠤᠰᠯᠠᠨ ᠲᠦᠷ ᠴᠠᠭ ᠭᠠᠳᠠᠭᠰᠢ ᠭᠠᠷᠴᠤ ᠡᠮᠨᠡᠭᠦᠯᠬᠦ ᠳᠠᠭᠠᠳᠬᠠᠯ ᠳᠤ ᠣᠷᠣᠯᠴᠠᠭᠰᠠᠨ ᠬᠥᠮᠥᠰ ᠨᠢ ᠣᠨᠳᠣᠣ

ᠭᠠᠵᠠᠷ ᠲᠤ ᠡᠮᠨᠡᠭᠦᠯᠬᠦ ᠪᠦᠷᠢᠳᠬᠡᠨ ᠳᠠᠩᠰᠠᠯᠠᠭᠤᠯᠬᠤ ᠭᠠᠷᠳᠠᠮ ᠢᠶᠠᠨ ᠬᠢᠭᠰᠡᠨ ᠤ ᠳᠠᠷᠠᠭ᠎ᠠ᠂ ᠮᠤᠵᠢ ᠠᠯᠤᠰᠯᠠᠨ ᠣᠨᠳᠣᠣ

ᠭᠠᠵᠠᠷ ᠲᠤ ᠡᠮᠨᠡᠭᠦᠯᠦᠭᠰᠡᠨ ᠵᠠᠷᠤᠳᠠᠯ ᠢᠶᠠᠨ ᠰᠢᠭᠤᠳ ᠳ᠋ᠦᠩᠨᠡᠨ ᠪᠤᠳᠤᠬᠤ ᠦᠢᠯᠡᠴᠢᠯᠡᠭᠡ ᠶᠢ ᠭᠥᠷᠳᠡᠵᠦ ᠪᠣᠯᠣᠨ᠎ᠠ᠃

     ᠪᠣᠳᠠᠲᠠᠢ ᠪᠠᠷ ᠶᠠᠮᠠᠷ ᠶᠠᠮᠠᠷ ᠬᠥᠮᠥᠰ ᠲᠤ ᠲᠣᠬᠢᠷᠠᠬᠤ ᠪᠤᠢ︖

     ᠮᠤᠵᠢ ᠠᠯᠤᠰᠯᠠᠨ ᠣᠨᠳᠣᠣ ᠭᠠᠵᠠᠷ ᠲᠤ ᠣᠷᠳᠣ ᠬᠤᠭᠤᠴᠠᠭ᠎ᠠ ᠪᠠᠷ ᠰᠠᠭᠤᠵᠤ ᠪᠠᠶᠢᠭ᠎ᠠ ᠬᠥᠮᠥᠰ᠃ ᠡᠭᠦᠨ ᠳᠤ

ᠣᠨᠳᠣᠣ ᠭᠠᠵᠠᠷ ᠲᠤ ᠲᠥᠪᠬᠢᠨᠡᠭᠦᠯᠦᠭᠳᠡᠭᠰᠡᠨ ᠠᠵᠢᠯ ᠠᠴᠠ ᠪᠠᠨ ᠠᠮᠠᠷᠠᠭᠰᠠᠳ᠂ ᠣᠨᠳᠣᠣ ᠭᠠᠵᠠᠷ ᠲᠤ ᠤᠷᠲᠤ

ᠬᠤᠭᠤᠴᠠᠭ᠎ᠠ ᠪᠠᠷ ᠰᠠᠭᠤᠵᠤ ᠪᠠᠶᠢᠭ᠎ᠠ ᠬᠥᠮᠥᠰ᠂ ᠣᠨᠳᠣᠣ ᠭᠠᠵᠠᠷ ᠲᠤ ᠪᠠᠶᠢᠩᠭᠤ ᠰᠠᠭᠤᠭ᠎ᠠ ᠠᠵᠢᠯᠲᠠᠨ ᠵᠡᠷᠭᠡ

ᠳᠠᠭᠠᠳᠬᠠᠯ ᠳᠤ ᠣᠷᠣᠯᠴᠠᠭᠰᠠᠨ ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠠᠴᠠ ᠪᠠᠨ

ᠭᠠᠳᠠᠨᠠᠬᠢ ᠭᠠᠵᠠᠷ ᠲᠤ ᠤᠷᠲᠤ ᠬᠤᠭᠤᠴᠠᠭ᠎ᠠ ᠪᠠᠷ ᠠᠵᠢᠯᠯᠠᠵᠤ᠂ ᠣᠷᠣᠰᠢᠨ ᠰᠠᠭᠤᠵᠤ᠂ ᠠᠮᠢᠳᠤᠷᠠᠵᠤ ᠪᠠᠶᠢᠭ᠎ᠠ ᠬᠥᠮᠥᠰ

ᠪᠠᠭᠲᠠᠵᠤ ᠪᠤᠢ᠃

    ᠮᠤᠵᠢ ᠠᠯᠤᠰᠯᠠᠨ ᠣᠨᠳᠣᠣ ᠭᠠᠵᠠᠷ ᠲᠤ ᠡᠮᠨᠡᠭᠦᠯᠬᠦ ᠪᠦᠷᠢᠳᠬᠡᠨ ᠳᠠᠩᠰᠠᠯᠠᠭᠤᠯᠬᠤ ᠭᠠᠷᠳᠠᠮ ᠢ ᠶᠠᠭᠠᠬᠢᠵᠤ

ᠭᠦᠢᠴᠡᠳᠬᠡᠬᠦ ᠪᠣᠶ︖

    ᠨᠢᠭᠡᠳᠦᠭᠡᠷ ᠠᠯᠬᠤᠮ᠄ ᠡᠬᠢᠯᠡᠵᠦ ᠪᠦᠷᠢᠳᠬᠡᠨ ᠳᠠᠩᠰᠠᠯᠠᠭᠤᠯᠬᠤ

    ︽ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ︾ ᠶᠢᠨ ᠸᠢᠴᠠᠲ ᠤᠨ ᠣᠯᠠᠨ ᠨᠡᠶᠢᠲᠡ ᠶᠢᠨ

ᠳ᠋ᠤᠭᠠᠷ ᠲᠤ ᠣᠷᠣᠵᠤ᠂ ᠪᠢᠴᠢᠯ ᠦᠢᠯᠡᠴᠢᠯᠡᠭᠡ→ᠤᠯᠤᠰ ᠤᠨ ᠣᠨᠳᠣᠣ ᠭᠠᠵᠠᠷ ᠲᠤ ᠡᠮᠨᠡᠭᠦᠯᠬᠦ ᠶᠢ ᠪᠦᠷᠢᠳᠬᠡᠨ

ᠳᠠᠩᠰᠠᠯᠠᠭᠤᠯᠬᠤ ᠶᠢ ᠲᠣᠪᠰᠢᠵᠤ᠂ ᠣᠨᠳᠣᠣ ᠭᠠᠵᠠᠷ ᠲᠤ ᠳᠠᠩᠰᠠᠯᠠᠭᠤᠯᠬᠤ ᠵᠢᠵᠢᠭ ᠫᠷᠣᠭ᠍ᠷᠠᠮ ᠤᠨ ᠨᠢᠭᠤᠷ ᠲᠤ ᠣᠷᠣᠨ᠎ᠠ᠃

ᠲᠠᠷᠠᠭ᠎ᠠ ᠨᠢ ︽ᠣᠨᠳᠣᠣ ᠭᠠᠵᠠᠷ ᠲᠤ ᠡᠮᠨᠡᠭᠦᠯᠬᠦ ᠶᠢ ᠪᠦᠷᠢᠳᠬᠡᠨ ᠳᠠᠩᠰᠠᠯᠠᠭᠤᠯᠬᠤ ᠭᠤᠶᠤᠴᠢᠯᠠᠯ︾ ᠤᠨ ᠳᠠᠷᠤᠪᠴᠢ ᠶᠢ

ᠲᠣᠪᠰᠢᠭᠠᠳ ᠡᠬᠢᠯᠡᠵᠦ ᠪᠦᠷᠢᠳᠬᠡᠨ ᠳᠠᠩᠰᠠᠯᠠᠭᠤᠯᠤᠨ᠎ᠠ᠃  

    ᠬᠤᠶᠠᠳᠤᠭᠠᠷ ᠠᠯᠬᠤᠮ ᠳᠤ᠄ ᠪᠦᠷᠢᠳᠬᠡᠨ ᠳᠠᠩᠰᠠᠯᠠᠭᠤᠯᠬᠤ ᠲᠥᠷᠥᠯ ᠬᠡᠯᠪᠡᠷᠢ ᠶᠢ ᠰᠣᠩᠭᠤᠬᠤ

    ᠣᠨᠳᠣᠣ ᠭᠠᠵᠠᠷ ᠲᠤ ᠡᠮᠨᠡᠭᠦᠯᠬᠦ ᠶᠢ ᠪᠦᠷᠢᠳᠬᠡᠨ ᠳᠠᠩᠰᠠᠯᠠᠭᠤᠯᠬᠤ ᠪᠠᠷ ᠭᠤᠶᠤᠴᠢᠯᠠᠬᠤ ᠨᠢᠭᠤᠷ ᠲᠤ ᠣᠷᠣᠵᠤ᠂

ᠳᠠᠭᠠᠳᠬᠠᠯ ᠳᠤ ᠣᠷᠣᠯᠴᠠᠭᠰᠠᠨ ᠭᠠᠵᠠᠷ ᠢ ᠰᠢᠰᠲ᠋ᠧᠮ ᠨᠢ ᠳᠤᠭᠤᠢ ᠮᠡᠳᠡᠷᠡᠭᠰᠡᠨ ᠤ ᠬᠤᠶᠢᠨ᠎ᠠ᠂ ᠳᠠᠭᠠᠳᠬᠠᠯ ᠳᠤ

ᠣᠷᠣᠯᠴᠠᠭᠴᠢ ᠨᠢ ᠪᠣᠳᠠᠲᠠᠢ ᠪᠠᠶᠢᠳᠠᠯ ᠢᠶᠠᠨ ᠦᠨᠳᠦᠰᠦᠯᠡᠨ ᠲᠣᠬᠢᠷᠠᠭᠤᠯᠤᠯᠲᠠ ᠬᠢᠵᠦ ᠪᠣᠯᠬᠤ ᠪᠥᠭᠡᠳ ᠡᠮᠨᠡᠭᠦᠯᠬᠦ

ᠭᠠᠵᠠᠷ᠂ ᠳᠠᠭᠠᠳᠬᠠᠯ ᠳᠤ ᠣᠷᠣᠯᠴᠠᠬᠤ ᠳᠠᠭᠠᠳᠬᠠᠯ ᠤᠨ ᠲᠥᠷᠥᠯ᠂ ᠪᠦᠷᠢᠳᠬᠡᠨ ᠳᠠᠩᠰᠠᠯᠠᠭᠤᠯᠬᠤ ᠲᠥᠷᠥᠯ

ᠬᠡᠯᠪᠡᠷᠢ ᠶᠢᠨ ᠰᠣᠩᠭᠤᠯᠲᠠ ᠶᠢ ᠰᠠᠶᠢᠲᠤᠷ ᠬᠢᠬᠦ ᠬᠡᠷᠡᠭᠲᠡᠢ᠃

   ᠭᠤᠷᠪᠠᠳᠤᠭᠠᠷ ᠠᠯᠬᠤᠮ᠄ ᠪᠦᠷᠢᠳᠬᠡᠨ ᠳᠠᠩᠰᠠᠯᠠᠭᠤᠯᠬᠤ ᠮᠠᠲ᠋ᠧᠷᠢᠶᠠᠯ ᠢᠶᠠᠨ ᠲᠤᠰᠢᠶᠠᠬᠤ

   ᠪᠦᠷᠢᠳᠬᠡᠨ ᠳᠠᠩᠰᠠᠯᠠᠭᠤᠯᠬᠤ ᠮᠡᠳᠡᠭᠳᠡᠯ ᠤᠨ ᠪᠢᠴᠢᠭ ᠢ ᠤᠩᠰᠢᠵᠤ᠂【 ᠲᠤᠰ ᠬᠥᠮᠥᠨ ᠪᠦᠷᠢᠳᠬᠡᠨ

ᠳᠠᠩᠰᠠᠯᠠᠭᠤᠯᠬᠤ ᠮᠡᠳᠡᠭᠳᠡᠯ ᠤᠨ ᠪᠢᠴᠢᠭ ᠢ ᠨᠢᠭᠡᠨᠲᠡ ᠨᠠᠷᠢᠨ ᠤᠩᠰᠢᠭᠰᠠᠨ】 ᠢ ᠰᠣᠩᠭᠤᠭᠰᠠᠨ ᠤ ᠳᠠᠷᠠᠭ᠎ᠠ᠂【 ᠪᠢ

ᠨᠢᠭᠡᠨᠲᠡ ᠤᠩᠰᠢᠪᠠ᠂ ᠡᠬᠢᠯᠡᠵᠦ ᠪᠦᠷᠢᠳᠬᠡᠨ ᠳᠠᠩᠰᠠᠯᠠᠭᠤᠯᠤᠨ᠎ᠠ︾ ᠭᠡᠰᠡᠨ ᠳᠠᠷᠤᠪᠴᠢ ᠶᠢ ᠲᠣᠪᠰᠢᠨ᠎ᠠ᠃

   ᠪᠦᠷᠢᠳᠬᠡᠨ ᠳᠠᠩᠰᠠᠯᠠᠭᠤᠯᠤᠭᠰᠠᠨ ᠮᠡᠳᠡᠭᠡ ᠵᠠᠩᠭᠢ᠂ ᠬᠠᠷᠢᠯᠴᠠᠬᠤ ᠬᠥᠮᠥᠨ ᠤ ᠮᠡᠳᠡᠭᠡ ᠵᠠᠩᠭᠢ ᠶᠢ ᠲᠠᠭᠯᠠᠨ

ᠪᠢᠴᠢᠬᠦ ᠶᠢᠨ ᠬᠠᠮᠲᠤ ᠶᠠᠪᠤᠭᠤᠯᠬᠤ ᠬᠠᠮᠢᠶ᠎ᠠ ᠪᠦᠬᠦᠢ ᠮᠠᠲ᠋ᠧᠷᠢᠶᠠᠯ ᠢᠶᠠᠨ ᠰᠠᠶᠢᠲᠤᠷ ᠬᠠᠷᠭᠤᠭᠤᠯᠤᠨ ᠦᠵᠡᠵᠦ ᠪᠤᠷᠤᠭᠤ

ᠦᠭᠡᠢ ᠭᠡᠳᠡᠭ ᠢᠶᠠᠨ ᠨᠤᠲᠠᠯᠠᠭᠰᠠᠨ ᠤ ᠳᠠᠷᠠᠭ᠎ᠠ᠂ ︽ᠪᠦᠷᠢᠳᠬᠡᠨ ᠳᠠᠩᠰᠠᠯᠠᠭᠤᠯᠤᠭᠰᠠᠨ ᠮᠠᠲ᠋ᠧᠷᠢᠶᠠᠯ ᠢᠶᠠᠨ ᠲᠤᠰᠢᠶᠠᠬᠤ︾

ᠳᠠᠷᠤᠪᠴᠢ ᠶᠢ ᠲᠣᠪᠰᠢᠭᠠᠳ ᠪᠦᠷᠢᠳᠬᠡᠨ ᠳᠠᠩᠰᠠᠯᠠᠭᠤᠯᠬᠤ ᠭᠤᠶᠤᠴᠢᠯᠠᠯ ᠢᠶᠠᠨ ᠭᠦᠢᠴᠡᠳᠬᠡᠨ᠎ᠡ᠃

   ᠳᠥᠷᠪᠡᠳᠦᠭᠡᠷ ᠠᠯᠬᠤᠮ᠄ ᠪᠦᠷᠢᠳᠬᠡᠨ ᠳᠠᠩᠰᠠᠯᠠᠭᠤᠯᠤᠭᠰᠠᠨ ᠠᠬᠢᠴᠠ ᠶᠢ ᠪᠠᠶᠢᠴᠠᠭᠠᠨ ᠦᠵᠡᠬᠦ

   ᠲᠦᠷᠦᠭᠦᠤ ᠨᠢᠭᠤᠷ ᠲᠠᠬᠢ【 ᠪᠦᠷᠢᠳᠬᠡᠨ ᠳᠠᠩᠰᠠᠯᠠᠭᠤᠯᠤᠭᠰᠠᠨ ᠲᠡᠮᠳᠡᠭᠯᠡᠯ 】 ᠤᠨ ᠳᠠᠷᠤᠪᠴᠢ ᠶᠢ

ᠲᠣᠪᠰᠢᠭᠠᠳ ᠣᠨᠳᠣᠣ ᠭᠠᠵᠠᠷ ᠲᠤ ᠡᠮᠨᠡᠭᠦᠯᠬᠦ ᠶᠢ ᠪᠦᠷᠢᠳᠬᠡᠨ ᠳᠠᠩᠰᠠᠯᠠᠭᠤᠯᠤᠭᠰᠠᠨ ᠲᠡᠮᠳᠡᠭᠯᠡᠯ ᠤᠨ

ᠬᠠᠭᠤᠳᠠᠰᠤᠨ ᠳᠤ ᠣᠷᠣᠵᠤ᠂ ᠪᠦᠷᠢᠳᠬᠡᠨ ᠳᠠᠩᠰᠠᠯᠠᠭᠤᠯᠤᠭᠰᠠᠨ ᠠᠬᠢᠴᠠ ᠶᠢ ᠴᠠᠭ ᠲᠤᠬᠠᠢ ᠳᠤᠨᠢ ᠪᠠᠶᠢᠴᠠᠭᠠᠨ

ᠦᠵᠡᠵᠦ ᠪᠣᠯᠣᠨ᠎ᠠ᠃

 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号