︽ᠭᠡᠷ ᠪᠠᠶᠢᠰᠢᠩ ᠤᠨ ᠨᠠᠰᠤᠵᠢᠯ ᠤᠨ ᠠᠰᠠᠷᠠᠮᠵᠢ ᠶᠢᠨ ᠮᠥᠩᠭᠦ︾ ᠳᠤ ᠬᠤᠪᠢ ᠬᠥᠮᠥᠨ  ᠢᠶᠠᠷ  ᠢᠯᠡᠭᠦᠴᠡ  ᠰᠦᠢᠳᠬᠡᠯ  ᠲᠤᠰᠢᠶᠠᠠᠯᠭᠠᠬᠤ  ᠦᠦ︖  ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠬᠠᠷᠢᠭᠤ ᠥᠭᠪᠡ
ᠨᠡᠶᠢᠲᠡᠯᠡᠭᠰᠡᠨ ᠴᠠᠭ᠄
2024/9/10

    8 ᠰᠠᠷ᠎ᠠ ᠶᠢᠨ 23 ᠤ ᠡᠳᠦᠷ ᠤᠨ ᠦᠳᠡ ᠶᠢᠨ ᠡᠮᠦᠨ᠎ᠡ ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ

ᠮᠡᠳᠡᠭᠡᠨ ᠤ ᠠᠯᠪᠠᠨ ᠭᠡᠷ ᠤᠨ ᠡᠷᠭᠢᠯᠡᠭᠰᠡᠨ ︽ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ︾ ᠰᠢᠷᠢᠰ ᠭᠤᠣᠯ

ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ

ᠪᠠᠶᠢᠭᠤᠯᠤᠯᠲᠠ ᠶᠢᠨ ᠶᠠᠮᠤᠨ ᠤ ᠬᠢᠨ ᠬᠡᠯᠡᠬᠦ ᠳᠡᠭᠡᠨ᠂ ᠣᠳᠣᠬᠠᠨ ᠳᠤ ᠱᠠᠩᠬᠠᠢ ᠵᠡᠷᠭᠡ 22 ᠬᠤᠲᠠ ᠨᠢ ᠶᠠᠭ ᠭᠡᠷ

ᠪᠠᠶᠢᠰᠢᠩ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠳᠦᠷᠢᠮ ᠢ ᠲᠤᠷᠰᠢᠨ ᠬᠡᠷᠡᠭᠵᠢᠭᠦᠯᠵᠦ ᠪᠠᠶᠢᠨ᠎ᠠ᠂

ᠲᠤᠷᠰᠢᠯᠲᠠ ᠶᠢᠨ ᠭᠤᠣᠯᠳᠠᠯᠭ᠎ᠠ ᠪᠣᠯ ᠵᠠᠰᠠᠭ ᠤᠨ ᠣᠷᠳᠣᠨ ᠣᠯᠠᠨ ᠨᠡᠶᠢᠲᠡ ᠶᠢᠨ ᠲᠠᠩᠰᠠᠨ ᠡᠷᠦᠬᠡ ᠶᠢ ᠪᠠᠶᠢᠭᠤᠯᠬᠤ

ᠶᠠᠪᠤᠳᠠᠯ ᠪᠣᠯᠣᠨ᠎ᠠ ᠭᠡᠪᠡ᠃

    ᠭᠡᠷ ᠪᠠᠶᠢᠰᠢᠩ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠳᠦᠷᠢᠮ ᠨᠢ ᠨᠡᠶᠢᠭᠡᠮ ᠤᠨ ᠥᠷᠭᠡᠨ

ᠠᠩᠬᠠᠷᠤᠯ ᠢ ᠲᠠᠲᠠᠵᠤ ᠪᠠᠶᠢᠨ᠎ᠠ᠂ ᠵᠠᠷᠢᠮ ᠬᠥᠮᠥᠨ ᠭᠡᠷ ᠪᠠᠶᠢᠰᠢᠩ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠨᠢ

ᠥᠪᠡᠷ ᠤᠨ ᠬᠢᠨᠢ ᠠᠵᠤ ᠠᠬᠤᠢ ᠶᠢᠨ ᠳᠠᠷᠤᠭᠠᠰᠤ ᠶᠢ ᠬᠦᠨᠳᠦᠷᠡᠭᠦᠯᠵᠦ ᠮᠡᠳᠡᠨ᠎ᠡ ᠭᠡᠵᠦ ᠠᠶᠤᠵᠤ ᠪᠠᠶᠢᠨ᠎ᠠ᠂

ᠦᠨᠡᠨ ᠳᠡᠭᠡᠨ  ᠲᠡᠶᠢᠮᠦ  ᠪᠢᠰᠢ ᠶᠤᠮ᠂ ᠰᠣᠷᠪᠤᠯᠵᠢᠯᠠᠭ᠎ᠠ ᠬᠦᠯᠢᠶᠡᠭᠰᠡᠨ ᠣᠯᠠᠨ ᠲᠤᠰᠬᠠᠢ ᠮᠡᠷᠭᠡᠵᠢᠯᠲᠡᠨ ᠬᠡᠯᠡᠬᠦ ᠳᠡᠭᠡᠨ᠂

ᠡᠨᠡ ᠬᠦ ᠳᠦᠷᠢᠮ ᠢ ᠬᠡᠷᠡᠭᠵᠢᠭᠦᠯᠦᠭᠰᠡᠨ ᠨᠢ ᠠᠷᠠᠳ ᠣᠯᠠᠨ ᠤ ᠳᠠᠷᠤᠭᠠᠰᠤ ᠶᠢ ᠬᠦᠨᠳᠦᠷᠡᠭᠦᠯᠬᠦ ᠦᠭᠡᠢ ᠮᠥᠷᠲᠡᠭᠡᠨ

ᠨᠠᠩ ᠴᠤ ᠣᠯᠠᠨ ᠤ ᠡᠷᠬᠡ ᠠᠰᠢᠭ ᠢ ᠬᠤᠬᠢᠷᠠᠭᠤᠯᠬᠤ ᠦᠭᠡᠢ ᠶᠤᠮ᠂ ᠭᠡᠳᠡᠷᠭᠦ ᠪᠠᠨ ᠭᠡᠷ ᠪᠠᠶᠢᠰᠢᠩ ᠳᠤ ᠪᠥᠬᠦ ᠠᠮᠢ

ᠨᠠᠰᠤᠨ ᠤ ᠦᠶᠡᠯᠡᠯ ᠤᠨ ᠬᠤᠭᠤᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢ ᠬᠠᠩᠭᠠᠵᠤ ᠪᠣᠯᠣᠨ᠎ᠠ ᠭᠡᠵᠡᠢ᠃

    8 ᠰᠠᠷ᠎ᠠ ᠶᠢᠨ 26 ᠤ ᠣᠷᠣᠢ᠂ ᠣᠯᠠᠨ ᠤ ᠠᠩᠬᠠᠷᠴᠤ ᠪᠠᠶᠢᠭ᠎ᠠ ᠭᠡᠷ ᠪᠠᠶᠢᠰᠢᠩ ᠤᠨ ᠨᠠᠰᠤᠵᠢᠯ ᠤᠨ

ᠠᠰᠠᠷᠠᠮᠵᠢ ᠶᠢᠨ ᠮᠥᠩᠭᠦ ᠶᠢᠨ ᠳᠦᠷᠢᠮ ᠤᠨ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠣᠷᠣᠨ ᠰᠠᠭᠤᠴᠠ ᠪᠠ

ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠬᠤᠯᠪᠣᠭᠳᠠᠯ ᠪᠦᠬᠦᠢ ᠵᠤᠷᠭᠠᠨ ᠲᠣᠪᠴᠢᠶ᠎ᠠ ᠶᠢᠨ

ᠬᠠᠷᠢᠭᠤᠴᠠᠯᠭᠠᠲᠠᠨ ᠬᠠᠷᠢᠭᠤ ᠥᠭᠴᠡᠢ᠃

    ᠭᠡᠷ ᠪᠠᠶᠢᠰᠢᠩ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠪᠡᠯᠡ ᠮᠥᠩᠭᠦ ᠬᠠᠮᠢᠭ᠎ᠠ ᠠᠴᠠ ᠢᠷᠡᠵᠦ

ᠪᠠᠶᠢᠭ᠎ᠠ ᠪᠤᠢ︖

    ᠬᠠᠷᠢᠭᠤᠯᠲᠠ᠄ ᠭᠡᠷ ᠪᠠᠶᠢᠰᠢᠩ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠨᠢ ᠬᠤᠪᠢ ᠬᠥᠮᠥᠨ ᠤ ᠳᠠᠩᠰᠠᠨ

ᠡᠷᠦᠬᠡ ᠪᠠ ᠣᠯᠠᠨ ᠨᠡᠶᠢᠲᠡ ᠶᠢᠨ ᠳᠠᠩᠰᠠᠨ ᠡᠷᠦᠬᠡ ᠭᠡᠬᠦ ᠬᠤᠶᠠᠷ ᠬᠡᠰᠡᠭ ᠢᠶᠠᠷ ᠪᠦᠷᠢᠯᠳᠦᠨ᠎ᠡ᠃ ᠬᠤᠪᠢ ᠬᠥᠮᠥᠨ ᠤ

ᠲᠠᠩᠰᠠᠨ ᠡᠷᠦᠬᠡ ᠭᠡᠳᠡᠭ ᠨᠢ ᠳᠠᠷᠤᠢ ᠥᠮᠴᠢᠲᠡᠨ ᠤ ᠲᠤᠰᠢᠶᠠᠨ ᠬᠠᠳᠠᠭᠠᠯᠠᠭᠤᠯᠤᠭᠰᠠᠨ ᠣᠷᠣᠨ ᠰᠠᠭᠤᠴᠠ ᠶᠢ

ᠲᠤᠰᠬᠠᠶᠢᠯᠠᠨ ᠰᠡᠯᠪᠢᠨ ᠵᠠᠰᠠᠬᠤ ᠪᠡᠯᠡ ᠮᠥᠩᠭᠦ ᠪᠣᠯᠣᠨ᠎ᠠ᠂ ᠲᠤᠰᠢᠶᠠᠨ ᠬᠠᠳᠠᠭᠠᠯᠠᠭᠤᠯᠬᠤ ᠳᠠᠭᠠᠨ ᠣᠲᠣ ᠶᠢᠨ

ᠬᠡᠷᠡᠭᠵᠢᠭᠦᠯᠵᠦ ᠪᠠᠶᠢᠭ᠎ᠠ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ᠣᠯᠠᠨ ᠨᠡᠶᠢᠲᠡ ᠶᠢᠨ  ᠳᠠᠩᠰᠠᠨ ᠡᠷᠦᠬᠡ ᠶᠢ

︽ᠭᠡᠷ ᠪᠠᠶᠢᠰᠢᠩ ᠠᠴᠠ ᠠᠪᠴᠤ᠂ ᠭᠡᠷ  ᠪᠠᠶᠢᠰᠢᠩ  ᠳᠤ  ᠬᠡᠷᠡᠭᠯᠡᠬᠦ︾᠂︽ᠬᠤᠪᠢ ᠬᠥᠮᠥᠨ ᠤ ᠳᠠᠷᠤᠭᠠᠰᠤ ᠶᠢ

ᠬᠦᠨᠳᠦᠷᠡᠭᠦᠯᠬᠦ ᠦᠭᠡᠢ᠂ ᠬᠤᠪᠢ ᠬᠥᠮᠥᠨ ᠤ ᠡᠷᠬᠡ ᠠᠰᠢᠭ ᠢ ᠬᠤᠬᠢᠷᠠᠭᠤᠯᠬᠤ ᠦᠭᠡᠢ︾ ᠪᠠᠶᠢᠬᠤ ᠵᠠᠷᠴᠢᠮ ᠤᠨ

ᠶᠣᠰᠣᠭᠠᠷ᠂ ᠵᠠᠰᠠᠭ ᠤᠨ ᠣᠷᠳᠣᠨ ᠠᠴᠠ ᠬᠠᠷᠢᠭᠤᠴᠠᠨ ᠪᠠᠶᠢᠭᠤᠯᠤᠨ᠎ᠠ᠂ ᠲᠤᠷᠰᠢᠯᠲᠠ ᠶᠢᠨ ᠴᠡᠭ ᠪᠣᠯᠬᠤ ᠬᠤᠲᠠ ᠠᠴᠠ

ᠠᠪᠴᠤ ᠦᠵᠡᠪᠡᠯ᠂ ᠣᠷᠣᠨ ᠨᠤᠲᠤᠭ ᠤᠨ ᠵᠠᠰᠠᠭ ᠤᠨ ᠣᠷᠳᠣᠨ ᠨᠢ ᠡᠳ᠋ ᠤᠨ ᠵᠠᠰᠠᠭ ᠠᠴᠠ ᠪᠠᠭ᠎ᠠ ᠰᠠᠭ᠎ᠠ

ᠨᠥᠬᠦᠪᠦᠷᠢᠯᠡᠬᠦ᠂ ᠭᠠᠵᠠᠷ ᠰᠢᠷᠣᠢ ᠶᠢ ᠰᠢᠯᠵᠢᠭᠦᠯᠦᠨ ᠲᠠᠲᠠᠪᠤᠷᠢᠯᠠᠭᠰᠠᠨ ᠮᠥᠩᠭᠦ ᠶᠢ ᠴᠤᠭᠯᠠᠭᠤᠯᠬᠤ ᠵᠡᠷᠭᠡ ᠠᠷᠭ᠎ᠠ

ᠮᠠᠶ᠋ᠢᠭ ᠢᠶᠠᠷ ᠴᠤᠭᠯᠠᠭᠤᠯᠵᠤ ᠪᠤᠢ᠂ ᠡᠭᠦᠨ ᠤ ᠵᠣᠷᠢᠯᠭ᠎ᠠ ᠨᠢ ᠭᠡᠷ ᠪᠠᠶᠢᠰᠢᠩ ᠤᠨ ᠠᠮᠤᠷ ᠲᠦᠪᠰᠢᠨ ᠤ

ᠬᠠᠮᠢᠶᠠᠷᠤᠯᠲᠠ ᠶᠢᠨ ᠪᠡᠯᠡ ᠮᠥᠩᠭᠦ ᠶᠢᠨ ᠲᠣᠭᠲᠠᠪᠤᠷᠢᠲᠠᠢ ᠠᠷᠭ᠎ᠠ ᠵᠠᠮ ᠢ ᠪᠠᠶᠢᠭᠤᠯᠵᠤ᠂ ᠰᠠᠭᠤᠭᠠᠯᠢ ᠠᠷᠠᠳ ᠢᠶᠠᠷ

ᠢᠯᠡᠭᠦᠴᠡ ᠰᠦᠢᠳᠬᠡᠯ ᠲᠤᠰᠢᠶᠠᠯᠭᠠᠬᠤ ᠦᠭᠡᠢ᠂ ᠬᠤᠪᠢ ᠬᠥᠮᠥᠨ ᠤ ᠳᠠᠷᠤᠭᠠᠰᠤ ᠶᠢ ᠬᠦᠨᠳᠦᠷᠡᠭᠦᠯᠬᠦ ᠦᠭᠡᠢ ᠶᠤᠮ᠃

    ᠭᠡᠷ ᠪᠠᠶᠢᠰᠢᠩ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠶᠠᠮᠠᠷ ᠶᠠᠮᠠᠷ ᠭᠠᠵᠠᠷ ᠲᠤ ᠬᠡᠷᠡᠭᠯᠡᠬᠦ ᠪᠣᠶ︖

    ᠬᠠᠷᠢᠭᠤᠯᠲᠠ᠄ ᠭᠡᠷ ᠪᠠᠶᠢᠰᠢᠩ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠬᠤᠪᠢ ᠬᠥᠮᠥᠨ ᠤ ᠲᠠᠩᠰᠠᠨ

ᠡᠷᠦᠬᠡ ᠪᠠ ᠣᠯᠠᠨ ᠨᠡᠶᠢᠲᠡ ᠶᠢᠨ ᠲᠠᠩᠰᠠᠨ ᠡᠷᠦᠬᠡ ᠶᠢᠨ ᠪᠡᠯᠡ ᠮᠥᠩᠭᠦ ᠨᠢ ᠭᠡᠷ ᠪᠠᠶᠢᠰᠢᠩ ᠤᠨ ᠪᠥᠬᠦ ᠠᠮᠢ

ᠨᠠᠰᠤᠨ ᠤ ᠦᠶᠡᠯᠡᠯ ᠤᠨ ᠬᠤᠭᠤᠴᠠᠭᠠᠨ ᠤ ᠠᠮᠤᠷ ᠲᠦᠪᠰᠢᠨ ᠢ ᠬᠠᠮᠲᠤ ᠪᠠᠷ ᠪᠠᠲᠤᠯᠠᠨ᠎ᠠ᠃ ᠬᠤᠪᠢ ᠬᠥᠮᠥᠨ ᠤ

ᠳᠠᠩᠰᠠᠨ ᠡᠷᠦᠬᠡ ᠶᠢᠨ ᠪᠡᠯᠡ ᠮᠥᠩᠭᠦ ᠶᠢ ᠣᠷᠣᠨ ᠰᠠᠭᠤᠴᠠ ᠶᠢᠨ ᠲᠤᠰᠬᠠᠢ ᠰᠡᠯᠪᠢᠨ ᠵᠠᠰᠠᠬᠤ ᠪᠡᠯᠡ ᠮᠥᠩᠭᠦ ᠶᠢᠨ

ᠬᠠᠮᠢᠶᠠᠷᠤᠯᠲᠠ ᠶᠢᠨ ᠲᠣᠭᠲᠠᠭᠠᠯ ᠶᠣᠰᠣᠭᠠᠷ᠂ ᠣᠷᠣᠨ ᠰᠠᠭᠤᠴᠠ ᠶᠢᠨ ᠨᠡᠶᠢᠲᠡ ᠪᠠᠷ ᠬᠡᠷᠡᠭᠯᠡᠬᠦ ᠬᠡᠰᠡᠭ᠂ ᠨᠡᠶᠢᠲᠡ ᠪᠠᠷ

ᠬᠡᠷᠡᠭᠯᠡᠬᠦ ᠲᠤᠨᠤᠭ ᠲᠥᠬᠦᠭᠡᠷᠦᠮᠵᠢ ᠶᠢᠨ ᠰᠡᠯᠪᠢᠨ ᠵᠠᠰᠠᠬᠤ ᠬᠤᠭᠤᠴᠠᠭ᠎ᠠ ᠳᠠᠭᠤᠰᠤᠭᠰᠠᠨ ᠤ ᠳᠠᠷᠠᠭᠠᠬᠢ ᠰᠡᠯᠪᠢᠨ

ᠵᠠᠰᠠᠬᠤ ᠪᠠ ᠰᠢᠨᠡᠳᠬᠡᠨ ᠵᠠᠰᠠᠬᠤ ᠳᠤ ᠠᠵᠢᠯ ᠳᠤ ᠲᠤᠰᠬᠠᠢ ᠬᠡᠷᠡᠭᠯᠡᠨ᠎ᠡ᠃ ᠣᠯᠠᠨ ᠨᠡᠶᠢᠲᠡ ᠶᠢᠨ ᠳᠠᠩᠰᠠᠨ ᠡᠷᠦᠬᠡ ᠶᠢᠨ

ᠪᠡᠯᠡ ᠮᠥᠩᠭᠦ ᠶᠢ ᠭᠤᠣᠯᠳᠠᠭᠤ ᠭᠡᠷ ᠪᠠᠶᠢᠰᠢᠩ ᠤᠨ ᠪᠦᠲᠦᠴᠡ ᠶᠢᠨ ᠪᠠᠶᠢᠴᠠᠭᠠᠯᠲᠠ ᠪᠠ ᠳᠠᠭᠠᠳᠬᠠᠯ ᠵᠡᠷᠭᠡ

ᠵᠠᠷᠤᠯᠭ᠎ᠠ ᠳᠤ ᠬᠡᠷᠡᠭᠯᠡᠨ᠎ᠡ᠃

 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号