9 ᠳ᠋ᠦ᠋ᠭᠡᠷ ᠰᠠᠷ᠎ᠠ ᠶᠢᠨ 7 ᠤ ᠡᠳᠦᠷ ᠰᠢᠶᠦ᠋ᠩ ᠠᠨ ᠰᠢᠨ᠎ᠡ ᠲᠣᠭᠤᠷᠢᠭ ᠲᠤ ︽ᠮᠧᠩ ᠺᠧ ᠵᠢᠦᠢ︾ ᠰᠢᠶᠦ᠋ᠩ ᠠᠨ ᠳᠠᠬᠢ ᠬᠤᠪᠢᠶᠠᠷᠢ ᠲᠥᠪ ᠢ ᠫᠠᠶᠢᠰᠠ ᠡᠯᠭᠦᠨ ᠪᠠᠶᠢᠭᠤᠯᠪᠠ
ᠨᠡᠶᠢᠲᠡᠯᠡᠭᠰᠡᠨ ᠴᠠᠭ᠄
2024/9/10

    9 ᠳ᠋ᠦ᠋ᠭᠡᠷ ᠰᠠᠷ᠎ᠠ ᠶᠢᠨ 7 ᠤ ᠡᠳᠦᠷ ᠰᠢᠶᠦ᠋ᠩ ᠠᠨ ᠰᠢᠨ᠎ᠡ ᠲᠣᠭᠤᠷᠢᠭ ᠲᠤ ︽ᠮᠧᠩ ᠺᠧ ᠵᠢᠦᠢ︾ ᠰᠢᠶᠦ᠋ᠩ

ᠠᠨ ᠳᠠᠬᠢ ᠬᠤᠪᠢᠶᠠᠷᠢ ᠲᠥᠪ ᠢ ᠫᠠᠶᠢᠰᠠ ᠡᠯᠭᠦᠨ ᠪᠠᠶᠢᠭᠤᠯᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ

ᠣᠷᠣᠨ ᠤ ᠠᠷᠠᠳ ᠤᠨ ᠵᠠᠰᠠᠭ ᠤᠨ ᠣᠷᠳᠣᠨ ᠤ ᠪᠡᠭᠡᠵᠢᠩ ᠳᠤ ᠰᠠᠭᠤᠭ᠎ᠠ ᠬᠡᠷᠡᠭ ᠡᠷᠬᠢᠯᠡᠬᠦ ᠭᠠᠵᠠᠷ ᠤᠨ ᠰᠢᠶᠦ᠋ᠩ

ᠠᠨ ᠰᠢᠨ᠎ᠡ ᠲᠣᠭᠤᠷᠢᠭ ᠲᠠᠬᠢ ᠬᠠᠷᠢᠯᠴᠠᠭᠠᠨ ᠤ ᠭᠠᠵᠠᠷ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ

ᠰᠢᠶᠦ᠋ᠩ ᠠᠨ ᠳᠠᠬᠢ ᠠᠵᠤ ᠠᠬᠤᠢ ᠶᠢᠨ ᠬᠠᠮᠲᠤᠷᠠᠯᠴᠠᠭᠠᠨ ᠤ ᠲᠥᠪ ᠢ ᠵᠡᠷᠭᠡ ᠳᠤ   ᠨᠢ ᠫᠠᠶᠢᠰᠠ ᠡᠯᠭᠦᠨ ᠪᠠᠶᠢᠭᠤᠯᠪᠠ

᠃ ᠡᠶᠢᠨ ᠬᠦ᠂ ᠥᠨᠥ ᠵᠢᠯ ︽ᠮᠧᠩ ᠺᠧ ᠵᠢᠦᠢ︾ ᠶᠢᠨ ᠬᠤᠪᠢᠶᠠᠷᠢ ᠲᠥᠪ ᠰᠢᠨ᠎ᠡ ᠪᠠᠷ 3 ᠨᠡᠮᠡᠭᠳᠡᠭᠡᠳ ᠣᠷᠣᠨ ᠤ

ᠭᠠᠳᠠᠨᠠᠬᠢ ᠬᠠᠮᠵᠢᠯᠴᠠᠨ ᠰᠢᠨ᠎ᠡ ᠶᠢ ᠡᠭᠦᠳᠬᠦ ᠬᠠᠮᠲᠤᠷᠠᠯᠴᠠᠭᠠᠨ ᠤ ᠪᠠᠶᠢᠭᠤᠯᠤᠮᠵᠢ   ᠨᠢ 27 ᠪᠣᠯᠵᠠᠢ᠃ ︽ᠮᠧᠩ ᠺᠧ

ᠵᠢᠦᠢ︾ ᠰᠢᠶᠦ᠋ᠩ ᠠᠨ ᠳᠠᠬᠢ ᠬᠤᠪᠢᠶᠠᠷᠢ ᠲᠥᠪ ᠤᠨ ᠵᠣᠷᠢᠯᠲᠠ ᠪᠣᠯ ᠦᠷ᠎ᠡ ᠪᠦᠲᠦᠭᠡᠯ ᠤᠨ ᠣᠭᠤᠷᠴᠤᠭ ᠬᠠᠷᠢᠶ᠎ᠠ

ᠭᠠᠵᠠᠷ ᠪᠠ ᠴᠢᠳᠠᠪᠤᠷᠢᠲᠠᠨ ᠤ ᠣᠭᠤᠷᠴᠤᠭ ᠬᠠᠷᠢᠶ᠎ᠠ ᠭᠠᠵᠠᠷ ᠤᠨ ᠦᠢᠯᠡᠳᠦᠯ ᠢ ᠪᠠᠳᠠᠷᠠᠭᠤᠯᠬᠤ ᠪᠠᠷ ᠳᠠᠮᠵᠢᠭᠤᠯᠤᠨ᠂

ᠰᠢᠶᠦ᠋ᠩ ᠠᠨ ᠰᠢᠨ᠎ᠡ ᠲᠣᠭᠤᠷᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠳ ᠢ

ᠥᠪᠥᠷ ᠮᠣᠩᠭᠤᠯ ᠳᠤ ᠲᠥᠪᠯᠡᠷᠡᠭᠦᠯᠦᠨ ᠤᠯᠠᠷᠢᠭᠤᠯᠬᠤ ᠳᠤ ᠦᠢᠯᠡᠴᠢᠯᠡᠵᠦ᠂ ᠪᠥᠬᠦ ᠤᠯᠤᠰ ᠤᠨ ᠰᠢᠨᠵᠢᠯᠡᠬᠦ ᠤᠬᠠᠭᠠᠨ

ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢᠲᠠᠳ ᠢ ᠳᠠᠭᠠᠵᠤ ᠦᠢᠯᠡᠴᠢᠯᠡᠨ᠂ ᠰᠢᠨᠵᠢᠯᠡᠬᠦ ᠤᠬᠠᠭᠠᠨ

ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠳ ᠢ ᠤᠯᠠᠷᠢᠭᠤᠯᠬᠤ ᠪᠥᠬᠦ ᠶᠠᠪᠤᠴᠠ ᠶᠢᠨ᠂ ᠪᠥᠬᠦ ᠲᠠᠯ᠎ᠠ ᠶᠢᠨ

ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ ᠪᠠᠶᠢᠭᠤᠯᠬᠤ ᠪᠠᠷ ᠬᠦᠴᠦᠯᠡᠨ ᠴᠢᠷᠮᠠᠶᠢᠬᠤ ᠶᠢᠨ ᠲᠥᠯᠥᠭᠡ ᠶᠤᠮ᠃

ᠣᠶᠢᠷ᠎ᠠ ᠶᠢᠨ ᠵᠢᠯ ᠤᠳ ᠲᠤ᠂ ᠥᠪᠥᠷ ᠮᠣᠩᠭᠤᠯ ︽ᠮᠧᠩ ᠺᠧ ᠵᠢᠦᠢ︾ ᠬᠥᠳᠡᠯᠭᠡᠭᠦᠷ ᠲᠠᠪᠴᠠᠩ ᠳᠤ ᠲᠦᠰᠢᠭᠯᠡᠬᠦ ᠪᠠᠷ

ᠭᠠᠷᠳᠠᠴᠠ ᠪᠣᠯᠭᠠᠨ᠂ ︽ᠭᠠᠳᠠᠭᠰᠢ ᠭᠠᠷᠬᠤ︾ ᠶᠢ ᠨᠠᠷᠢᠯᠢᠭ ᠣᠨᠣᠴᠠᠲᠠᠢ ᠵᠣᠯᠭᠠᠭᠤᠯᠬᠤ ᠪᠠᠨ ᠪᠠᠷᠢᠮᠲᠠᠯᠠᠵᠤ᠂

︽ᠣᠷᠣᠭᠤᠯᠤᠨ ᠠᠪᠴᠢᠷᠠᠬᠤ︾ ᠶᠢ ᠬᠦᠴᠦ ᠪᠠᠨ ᠲᠥᠪᠯᠡᠷᠡᠭᠦᠯᠦᠨ ᠬᠥᠭᠵᠢᠭᠦᠯᠦᠭᠰᠡᠨ ᠪᠥᠭᠡᠳ ᠪᠡᠭᠡᠵᠢᠩ᠂

ᠱᠧᠨᠵᠧᠨ ᠳᠤ ᠣᠯᠠᠨᠲᠠ ᠬᠦᠷᠴᠦ᠂ ᠱᠠᠩᠬᠠᠢ   ᠯᠤᠭ᠎ᠠ ᠣᠯᠠᠨᠲᠠ ᠬᠤᠯᠪᠤᠭ᠎ᠠ ᠠᠪᠴᠤ᠂ ᠶᠡᠭᠡ ᠳᠡᠭᠡᠳᠦ ᠰᠤᠷᠭᠠᠭᠤᠯᠢ᠂

ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠵᠢᠴᠢ ᠮᠥᠩᠭᠦᠨ ᠭᠦᠢᠯᠭᠡᠭᠡᠨ ᠤ ᠬᠥᠷᠥᠩᠭᠡ ᠮᠥᠩᠭᠦ ᠵᠡᠷᠭᠡ

ᠡᠬᠢ ᠪᠠᠶᠠᠯᠢᠭ ᠲᠠᠢ ᠬᠠᠮᠲᠤᠷᠠᠯᠴᠠᠵᠤ᠂ ᠣᠯᠠᠨ ᠵᠦᠢᠯ ᠤᠨ ᠦᠷ᠎ᠡ ᠪᠦᠲᠦᠭᠡᠯ ᠢ ᠨᠠᠶᠢᠳᠠᠪᠤᠷᠢᠵᠢᠭᠤᠯᠬᠤ ᠪᠠ

ᠬᠠᠩᠭᠠᠯᠭ᠎ᠠ ᠬᠡᠷᠡᠭᠴᠡᠭᠡ ᠶᠢᠨ ᠬᠠᠮᠲᠤᠷᠠᠯᠴᠠᠭ᠎ᠠ ᠪᠠᠨ ᠠᠬᠢᠭᠤᠯᠵᠠᠢ᠃ 7 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂

︽ᠮᠧᠩ ᠺᠧ ᠵᠢᠦᠢ︾ ᠲᠠᠪᠴᠠᠩ ᠳᠤ ᠳᠠᠩᠰᠠᠯᠠᠭᠤᠯᠤᠭᠰᠠᠨ ᠬᠡᠷᠡᠭᠯᠡᠭᠴᠢ 1.2 ᠲᠦᠮᠡ ᠶᠢ ᠳᠠᠪᠠᠵᠤ᠂ ᠣᠷᠣᠨ ᠤ

ᠭᠠᠳᠠᠨ᠎ᠠ 27 ᠡᠷᠦᠬᠡ ︽ᠮᠧᠩ ᠺᠧ ᠵᠢᠦᠢ︾ ᠬᠠᠮᠲᠤᠷᠠᠯᠴᠠᠭᠠᠨ ᠤ ᠪᠠᠶᠢᠭᠤᠯᠤᠮᠵᠢ ᠫᠠᠶᠢᠰᠠ ᠡᠯᠭᠦᠵᠦ᠂ 200 ᠭᠠᠷᠤᠢ

ᠲᠠᠯᠠᠪᠤᠷ ᠤᠷᠢᠳᠴᠢᠯᠠᠵᠤ ᠲᠠᠨᠢᠯᠴᠠᠭᠤᠯᠤᠨ ᠰᠤᠷᠲᠠᠯᠴᠢᠯᠠᠬᠤ ᠠᠵᠢᠯᠯᠠᠭ᠎ᠠ ᠶᠠᠪᠤᠭᠳᠠᠭᠤᠯᠵᠤ᠂ 49 ᠲᠠᠯᠠᠪᠤᠷ ᠦᠷ᠎ᠡ

ᠪᠦᠲᠦᠭᠡᠯ ᠢ ᠭᠤᠣᠯᠳᠠᠯᠭ᠎ᠠ ᠲᠠᠢ ᠨᠡᠶᠢᠲᠡᠯᠡᠬᠦ ᠬᠤᠷᠠᠯ ᠡᠷᠭᠢᠯᠡᠵᠦ᠂ 600 ᠭᠠᠷᠤᠢ ᠵᠦᠢᠯ ᠤᠨ ᠥᠨᠳᠥᠷ ᠬᠢᠷᠢ

ᠲᠦᠪᠰᠢᠨ ᠪᠦᠬᠦᠢ ᠦᠷ᠎ᠡ ᠪᠦᠲᠦᠭᠡᠯ ᠢ ᠨᠡᠶᠢᠲᠡᠯᠡᠪᠡ᠃ ︵ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂

ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠡᠭᠡᠵᠢᠩ ᠳᠤ ᠰᠠᠭᠤᠭ᠎ᠠ ᠬᠡᠷᠡᠭ ᠡᠷᠬᠢᠯᠡᠬᠦ

ᠭᠠᠵᠠᠷ︶

 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号