ᠲᠣᠪᠴᠢ ᠮᠡᠳᠡᠭᠡ
ᠨᠡᠶᠢᠲᠡᠯᠡᠭᠰᠡᠨ ᠴᠠᠭ᠄
2024/9/10

    9 ᠳ᠋ᠦ᠋ᠭᠡᠷ ᠰᠠᠷ᠎ᠠ ᠶᠢᠨ 6 ᠤ ᠡᠳᠦᠷ᠂ ︽ᠠᠤᠬᠠᠨ ᠨᠠᠷᠢᠮᠤ︾ ᠬᠡᠮᠡᠬᠦ ᠶᠡᠭᠡ ᠬᠤᠷᠠᠯ ᠪᠡᠭᠡᠵᠢᠩ ᠳᠤ ᠬᠤᠷᠠᠯᠳᠤᠪᠠ᠃

ᠬᠤᠷᠠᠯ ᠢᠶᠠᠷ ︽ᠭᠠᠵᠠᠷ ᠵᠦᠢ ᠶᠢᠨ ᠪᠡᠯᠭᠡ ᠲᠡᠮᠳᠡᠭᠲᠦ ᠪᠦᠲᠦᠭᠡᠭᠳᠡᠬᠦᠨ ᠪᠣᠯᠬᠤ ᠠᠤᠬᠠᠨ ᠨᠠᠷᠢᠮᠤ︾ ᠶᠢᠨ ᠣᠷᠣᠨ

ᠨᠤᠲᠤᠭ ᠤᠨ ᠪᠠᠷᠢᠮᠵᠢᠶ᠎ᠠ ᠶᠢ ᠨᠡᠶᠢᠲᠡᠯᠡᠵᠦ᠂ ︽ᠠᠤᠬᠠᠨ ᠨᠠᠷᠢᠮᠤ︾ ᠶᠢᠨ ᠦᠢᠯᠡᠳᠪᠦᠷᠢᠯᠡᠬᠦ ᠵᠢᠭᠠᠬᠤ ᠰᠤᠳᠤᠯᠬᠤ

ᠬᠤᠯᠪᠣᠭᠠᠲᠤ ᠴᠣᠭᠴᠠ᠂ ᠬᠠᠩᠭᠠᠯᠭ᠎ᠠ ᠶᠢᠨ ᠬᠡᠯᠬᠢᠶ᠎ᠡ᠂ ᠦᠢᠯᠡᠳᠪᠦᠷᠢᠯᠡᠯ ᠬᠠᠩᠭᠠᠯᠭ᠎ᠠ ᠪᠣᠷᠤᠯᠠᠭᠤᠯᠭ᠎ᠠ ᠶᠢᠨ ᠬᠤᠯᠪᠣᠭᠠᠲᠤ

ᠴᠣᠭᠴᠠ ᠶᠢᠨ ᠡᠬᠢᠯᠡᠯᠲᠡ ᠶᠢᠨ ᠶᠣᠰᠣᠯᠠᠯ ᠪᠠ ︽ᠠᠷᠠᠳ ᠲᠦᠮᠡᠨ ᠤ ᠰᠢᠯᠢᠳᠡᠭ ᠰᠣᠩᠭᠤᠯᠲᠠ · ᠠᠤᠬᠠᠨ ᠨᠠᠷᠢᠮᠤ ᠶᠢᠨ

ᠣᠷᠳᠣᠨ︾ ᠢ ᠰᠦᠯᠵᠢᠶᠡᠨ ᠳᠤ ᠭᠠᠷᠭᠠᠬᠤ ᠵᠢᠴᠢ ︽ᠠᠷᠠᠳ ᠲᠦᠮᠡᠨ ᠤ ᠰᠢᠯᠢᠳᠡᠭ ᠰᠣᠩᠭᠤᠯᠲᠠ · ᠠᠤᠬᠠᠨ ᠨᠠᠷᠢᠮᠤ︾

ᠲᠤᠰᠬᠠᠢ ᠵᠦᠢᠯ ᠤᠨ ᠪᠦᠲᠦᠭᠡᠭᠳᠡᠬᠦᠨ ᠢ ᠨᠡᠶᠢᠲᠡᠯᠡᠬᠦ ᠶᠣᠰᠣᠯᠠᠯ ᠶᠠᠪᠤᠭᠤᠯᠤᠭᠰᠠᠨ ᠪᠥᠭᠡᠳ ᠪᠡᠭᠡᠵᠢᠩ ᠤᠨ ᠷᠦᠢ ᠰᠢᠩ

ᠯᠦᠩ ᠪᠦᠯᠦᠭᠯᠡᠯ ᠵᠡᠷᠭᠡ 18 ᠠᠵᠤ ᠠᠬᠤᠶᠢᠯᠠᠯ   ᠯᠤᠭ᠎ᠠ ᠪᠦᠲᠦᠭᠡᠭᠳᠡᠬᠦᠨ ᠤ ᠵᠠᠬᠢᠶᠠᠯᠠᠭ᠎ᠠ ᠶᠢᠨ ᠵᠥᠪᠯᠡᠯᠴᠡᠭᠡᠷ

ᠲᠣᠭᠲᠠᠵᠤ᠂ ᠵᠥᠪᠯᠡᠯᠴᠡᠭᠡᠷ ᠲᠣᠭᠲᠠᠭᠰᠠᠨ ᠵᠣᠭᠤᠰ ᠤᠨ ᠲᠤᠭ᠎ᠠ ᠨᠢ 6500 ᠲᠦᠮᠡᠨ ᠲᠥᠭᠦᠷᠢᠭ ᠲᠤ ᠬᠦᠷᠴᠡᠢ᠃

︵ᠤᠯᠠᠭᠠᠨᠬᠠᠳᠠ ᠬᠤᠲᠠ ᠶᠢᠨ ᠵᠠᠰᠠᠭ ᠤᠨ ᠣᠷᠳᠣᠨ᠂ ᠠᠤᠬᠠᠨ ᠬᠤᠰᠢᠭᠤᠨ ᠤ ᠵᠠᠰᠠᠭ ᠤᠨ ᠣᠷᠳᠣᠨ︶

 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号