ᠬᠠᠮᠢᠶᠠᠷᠤᠯᠲᠠ ᠶᠢᠨ ᠣᠷᠣᠨ ᠤ ᠡᠳ᠋ ᠤᠨ ᠵᠠᠰᠠᠭ ᠤᠨ ᠲᠣᠪᠴᠢᠶ᠎ᠠ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠡᠯ︾ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/9/11

    ᠲᠣᠮᠳᠠᠳᠣ ᠶᠢᠨ ᠦᠨᠳᠦᠰᠦᠲᠡᠨ ᠤ ᠪᠦᠯᠬᠦᠮᠳᠡᠨ ᠬᠠᠪᠰᠤᠷᠤᠯᠴᠠᠬᠤ᠂ ᠠᠶᠤᠯ ᠠᠴᠠ ᠠᠪᠤᠷᠠᠵᠤ ᠬᠦᠴᠢᠷᠳᠡᠯ ᠠᠴᠠ

ᠠᠪᠤᠷᠠᠬᠤ᠂ ᠪᠤᠰᠤᠳ ᠢ ᠬᠠᠪᠰᠣᠷᠬᠤ ᠪᠠᠷ ᠪᠠᠶᠠᠷ ᠪᠣᠯᠭᠠᠬᠤ ᠤᠯᠠᠮᠵᠢᠯᠠᠯᠲᠤ ᠰᠠᠶᠢᠬᠠᠨ ᠰᠤᠷᠲᠠᠯ ᠢ ᠵᠠᠯᠭᠠᠮᠵᠢᠯᠠᠨ

ᠪᠠᠳᠠᠷᠠᠭᠤᠯᠵᠤ᠂ ︽ᠬᠥᠮᠥᠨᠴᠢ ᠶᠣᠰᠣ᠂ ᠲᠦᠭᠡᠮᠡᠯ ᠬᠠᠶᠢᠷ᠎ᠠ᠂ ᠬᠠᠨᠳᠢᠪᠯᠡᠬᠤ︾ ᠤᠯᠠᠭᠠᠨ ᠵᠠᠭᠠᠯᠮᠠᠶᠢᠳᠠᠨ ᠤ ᠵᠣᠷᠢᠭ

ᠰᠠᠨᠠᠭ᠎ᠠ ᠶᠢ ᠶᠡᠬᠡᠪᠡᠷ ᠪᠠᠳᠠᠷᠠᠭᠤᠯᠬᠤ ᠶᠢᠨ ᠲᠥᠯᠥᠭᠡ᠂ 9 ᠰᠠᠷ᠎ᠠ ᠶᠢᠨ 9 ᠤ ᠡᠳᠦᠷ᠂ ᠬᠠᠮᠢᠶᠠᠷᠤᠯᠲᠠ ᠶᠢᠨ ᠣᠷᠣᠨ ᠤ

ᠡᠳ᠋ ᠤᠨ ᠵᠠᠰᠠᠭ ᠤᠨ ᠲᠣᠪᠴᠢᠶ᠎ᠠ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠡᠯ︾ ᠤᠨ ᠠᠵᠢᠯᠯᠠᠭ᠎ᠠ ᠶᠢ

ᠵᠣᠬᠢᠶᠠᠨ ᠪᠠᠶᠢᠭᠤᠯᠵᠤ ᠥᠷᠨᠢᠭᠦᠯᠪᠡ᠃

    ᠠᠵᠢᠯᠯᠠᠭ᠎ᠠ ᠶᠢᠨ ᠳᠤᠮᠳᠠ᠂ ᠲᠣᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠭᠦᠨ ᠲᠦᠷᠦᠭᠦᠯᠡᠨ ᠦᠯᠢᠭᠡᠷ

ᠳᠠᠭᠤᠷᠢᠶᠠᠯ ᠦᠵᠡᠭᠦᠯᠵᠦ᠂ ᠲᠦᠷᠦᠭᠦᠯᠡᠨ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠡᠯ︾ ᠤᠨ

ᠠᠵᠢᠯᠯᠠᠭ᠎ᠠ ᠳᠤ ᠣᠷᠣᠯᠴᠠᠵᠤ᠂ ᠡᠯ᠎ᠡ ᠲᠠᠰᠤᠭ ᠤᠨ ᠺᠠᠳ᠋ᠷ ᠠᠵᠢᠯᠲᠠᠨ ᠢᠳᠡᠪᠬᠢᠲᠡᠢ ᠪᠠᠷ ᠴᠤᠤᠷᠢᠶᠠᠲᠤᠨ ᠳᠠᠭᠠᠵᠤ᠂

ᠨᠡᠶᠢᠲᠡ 10960 ᠲᠥᠭᠦᠷᠢᠭ ᠬᠠᠨᠳᠢᠪᠯᠡᠪᠠ᠃

    ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠨᠢ ᠺᠠᠳ᠋ᠷ ᠠᠵᠢᠯᠲᠠᠨ ᠠᠵᠢᠯᠴᠢᠨ ᠤ ᠨᠢᠭᠦᠯᠡᠰᠦᠩᠭᠦᠢ ᠶᠢᠨ

ᠦᠵᠡᠯ ᠤᠬᠠᠮᠰᠠᠷ ᠪᠠ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠶᠢ ᠤᠯᠠᠮ ᠨᠢᠭᠡ ᠠᠯᠬᠤᠮ ᠴᠢᠩᠭᠠᠳᠬᠠᠵᠤ᠂

ᠮᠠᠨ ᠤ ᠲᠣᠪᠴᠢᠶ᠎ᠠ ᠲᠣᠰ ᠠᠵᠢᠯᠯᠠᠭ᠎ᠠ ᠪᠠᠷ ᠠᠵᠠ ᠲᠣᠬᠢᠶᠠᠯ ᠪᠣᠯᠭᠠᠨ᠂ ᠬᠠᠶᠢᠷ᠎ᠠ ᠬᠠᠯᠠᠮᠵᠢ ᠬᠠᠨᠳᠢᠪᠯᠡᠬᠤ ᠪᠠ ᠰᠠᠶᠢᠨ

ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠣᠯᠠᠨ ᠲᠦᠮᠡᠨ ᠳᠤ ᠪᠣᠳᠠᠲᠤ ᠶᠠᠪᠤᠳᠠᠯ᠂

ᠰᠠᠶᠢᠨ ᠶᠠᠪᠤᠳᠠᠯ ᠬᠢᠵᠦ᠂ ︽ᠬᠠᠶᠢᠷ᠎ᠠ ᠬᠠᠯᠠᠮᠵᠢ ᠶᠢ ᠪᠠᠳᠠᠷᠠᠭᠤᠯᠵᠤ᠂ ᠬᠠᠶᠢᠷ᠎ᠠ ᠬᠠᠯᠠᠮᠵᠢ ᠶᠢ ᠳᠠᠮᠵᠢᠭᠤᠯᠬᠤ︾ ᠶᠢ ᠪᠣᠳᠠᠲᠤ

ᠠᠵᠢᠯᠯᠠᠭ᠎ᠠ ᠪᠣᠯᠭᠠᠨ ᠬᠤᠪᠢᠷᠠᠭᠤᠯᠤᠨ᠎ᠠ ᠭᠡᠪᠡ᠃

 
ᠢᠷᠡᠯᠲᠡ᠄ ᠤᠯᠠᠭᠠᠶ ᠬᠠᠮᠢᠶᠠᠷᠤᠯᠲᠠ ᠶᠢᠨ ᠣᠷᠣᠨ ᠤ ᠵᠠᠰᠠᠭ ᠤᠨ ᠶᠠᠪᠤᠳᠠᠯ ᠤᠨ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号