ᠬᠠᠮᠢᠶᠠᠷᠤᠯᠲᠠ ᠶᠢᠨ ᠣᠷᠣᠨ ᠤ ᠡᠳ᠋ ᠤᠨ ᠵᠠᠰᠠᠭ ᠤᠨ ᠲᠣᠪᠴᠢᠶ᠎ᠠ ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠤᠨ ᠥᠪᠡᠷᠲᠡᠭᠡᠨ ᠪᠠᠶᠢᠴᠠᠭᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/9/11

    ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂

ᠠᠶᠤᠯᠭᠦᠢ ᠦᠢᠯᠡᠳᠪᠦᠷᠢᠯᠡᠯ ᠤᠨ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠬᠦ ᠶᠢᠨ ᠲᠥᠯᠥᠭᠡ᠃ 9

ᠰᠠᠷ᠎ᠠ ᠶᠢᠨ 10 ᠤ ᠡᠳᠦᠷ᠂ ᠬᠠᠮᠢᠶᠠᠷᠤᠯᠲᠠ ᠶᠢᠨ ᠣᠷᠣᠨ ᠤ ᠡᠳ᠋ ᠤᠨ ᠵᠠᠰᠠᠭ ᠤᠨ ᠲᠣᠪᠴᠢᠶ᠎ᠠ ᠠᠶᠤᠯ ᠦᠭᠡᠢ

ᠦᠢᠯᠡᠳᠪᠦᠷᠢᠯᠡᠯ ᠤᠨ ᠬᠡᠮ ᠰᠣᠭᠤᠭ ᠤᠨ ᠥᠪᠡᠷᠲᠡᠭᠡᠨ ᠪᠠᠶᠢᠴᠠᠭᠠᠬᠤ ᠠᠵᠢᠯᠯᠠᠭ᠎ᠠ ᠥᠷᠨᠢᠭᠦᠯᠵᠦ᠂ ᠳᠡᠳ᠋ ᠲᠣᠪᠴᠢᠶᠠᠨ

ᠳᠠᠷᠤᠭ᠎ᠠ ᠼᠦᠢ ᠶᠦᠩ ᠪᠢᠨ ᠠᠯᠪᠠᠨ ᠠᠰᠠᠷ ᠢ ᠲᠡᠰ ᠳᠠᠷᠠᠭᠠᠯᠠᠨ ᠪᠠᠶᠢᠴᠠᠭᠠᠵᠤ᠂ ᠭᠠᠯ ᠤᠨᠲᠠᠷᠠᠭᠠᠬᠤ ᠲᠠᠰᠤᠭ᠂

ᠴᠠᠬᠢᠯᠭᠠᠨ ᠲᠦᠭᠡᠭᠡᠬᠦ ᠲᠠᠰᠤᠭ ᠵᠢᠴᠢ ᠭᠠᠯ ᠤᠨᠲᠠᠷᠠᠭᠠᠬᠤ ᠲᠥᠬᠦᠭᠡᠷᠦᠮᠵᠢ ᠪᠣᠯᠣᠨ ᠴᠠᠬᠢᠯᠭᠠᠨ ᠬᠠᠩᠭᠠᠬᠤ ᠬᠡᠯᠬᠢᠶ᠎ᠡ

ᠵᠡᠷᠭᠡ ᠭᠤᠣᠯᠳᠠᠯᠭ᠎ᠠ ᠲᠠᠢ ᠣᠷᠣᠨ ᠬᠡᠪᠴᠢᠶᠡᠨ ᠤ ᠭᠤᠭᠴᠤᠭ᠎ᠠ ᠳᠤ ᠴᠢᠭᠯᠡᠭᠦᠯᠦᠨ ᠪᠠᠶᠢᠴᠠᠭᠠᠯᠲᠠ ᠬᠢᠪᠡ᠃

    ᠠᠶᠤᠯᠭᠦᠢ ᠦᠢᠯᠡᠳᠪᠦᠷᠢᠯᠡᠯ ᠳᠤ ᠪᠠᠭ᠎ᠠ ᠶᠠᠪᠤᠳᠠᠯ ᠭᠡᠵᠦ ᠦᠭᠡᠢ᠂ ᠬᠡᠷᠡᠭ ᠭᠠᠷᠬᠤ ᠠᠴᠠ ᠡᠮᠦᠨ᠎ᠡ ᠰᠡᠷᠭᠡᠶᠢᠯᠡᠬᠦ

ᠪᠣᠯ ᠵᠠᠩᠭᠢᠯᠠᠭ᠎ᠠ ᠪᠣᠯᠣᠨ᠎ᠠ᠃ ᠳᠠᠷᠠᠭᠠᠴᠢ ᠶᠢᠨ ᠠᠯᠬᠤᠮ ᠳᠤ᠂ ᠡᠳ᠋ ᠤᠨ ᠵᠠᠰᠠᠭ ᠤᠨ ᠲᠣᠪᠴᠢᠶ᠎ᠠ ︽ᠴᠠᠭ ᠢᠮᠠᠭᠲᠠ

ᠰᠠᠨᠠᠭ᠎ᠠ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠤᠨ ᠡᠨᠡᠬᠦ

︽ᠬᠥᠪᠴᠢ︾ ᠶᠢ ᠴᠠᠭ ᠢᠮᠠᠭᠲᠠ ᠴᠢᠩᠭᠠᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢ

ᠦᠷᠭᠦᠯᠵᠢᠯᠡᠨ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠦᠨᠡᠨᠬᠦ

ᠪᠠᠬᠢᠵᠢᠭᠦᠯᠵᠦ᠂ ᠠᠮᠤᠷ  ᠲᠦᠪᠰᠢᠨ ᠤ ᠠᠵᠢᠯ ᠤᠨ ᠣᠷᠴᠢᠨ ᠲᠣᠭᠤᠷᠢᠨ ᠢ ᠬᠦᠴᠦᠯᠡᠨ ᠪᠤᠢ ᠪᠣᠯᠭᠠᠨ᠎ᠠ᠃

 
ᠢᠷᠡᠯᠲᠡ᠄ ᠤᠯᠠᠭᠠᠶ ᠬᠠᠮᠢᠶᠠᠷᠤᠯᠲᠠ ᠶᠢᠨ ᠣᠷᠣᠨ ᠤ ᠵᠠᠰᠠᠭ ᠤᠨ ᠶᠠᠪᠤᠳᠠᠯ ᠤᠨ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号