︽ᠪᠠᠭᠰᠢ  ᠶᠢᠨ ᠳ᠋ᠧᠩ ᠭᠡᠷᠡᠯᠳᠦᠬᠦ︾ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢᠨ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2024/9/11

ᠡᠯ᠎ᠡ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠥᠷᠭᠡᠨ ᠣᠯᠠᠨ ᠬᠤᠲᠠ ᠶᠢᠨ

ᠠᠷᠠᠳ ᠨᠠᠶᠢᠵᠠ ᠨᠠᠷ᠄

    2024 ᠣᠨ ᠤ 9 ᠰᠠᠷ᠎ᠠ ᠶᠢᠨ 10 ᠤ ᠡᠳᠦᠷ ᠪᠣᠯ ᠮᠠᠨ ᠤ ᠤᠯᠤᠰ ᠤᠨ 40 ᠳ᠋ᠦ᠋ᠭᠡᠷ ᠪᠠᠭᠰᠢ ᠶᠢᠨ

ᠪᠠᠶᠠᠷ ᠤᠨ ᠡᠳᠦᠷ ᠪᠣᠯᠣᠨ᠎ᠠ᠂ ᠡᠨᠡ ᠵᠢᠯ ᠤᠨ ᠪᠠᠭᠰᠢ ᠶᠢᠨ ᠪᠠᠶᠠᠷ ᠤᠨ ᠭᠤᠣᠯ ᠰᠡᠳᠦᠪ ᠪᠣᠯ᠄ ᠰᠤᠷᠭᠠᠨ

ᠬᠥᠮᠥᠵᠢᠯᠲᠡᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ

ᠲᠦᠷᠭᠡᠳᠬᠡᠨ ᠪᠦᠲᠦᠭᠡᠨ ᠪᠠᠶᠢᠭᠤᠯᠬᠤ ᠶᠠᠪᠤᠳᠠᠯ ᠪᠣᠯᠣᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ

ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ

ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶᠢᠨ ᠲᠥᠯᠥᠭᠡ᠂ ᠪᠦᠬᠦ ᠨᠡᠶᠢᠭᠡᠮ ᠢᠶᠠᠷ ᠢᠶᠠᠨ ᠪᠠᠭᠰᠢ ᠶᠢ

ᠬᠦᠨᠳᠦᠳᠬᠡᠨ ᠰᠤᠷᠭᠠᠨ ᠬᠥᠮᠦᠵᠢᠯ ᠢ ᠴᠢᠬᠤᠯᠠᠴᠢᠯᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂

ᠥᠷᠭᠡᠨ ᠤᠯᠠᠨ ᠪᠠᠭᠰᠢ ᠶᠢ ᠪᠦᠯᠬᠦᠮᠳᠡᠭᠦᠯᠦᠨ ᠨᠢᠭᠲᠠᠷᠠᠭᠤᠯᠵᠤ ᠨᠡᠩ ᠬᠦᠴᠦᠯᠡᠨ ᠴᠢᠷᠮᠠᠶᠢᠬᠤ ᠤᠶᠤᠨ ᠰᠠᠨᠠᠭᠠᠨ ᠤ

ᠳᠦᠷᠰᠦ ᠪᠠᠶᠢᠳᠠᠯ ᠢᠶᠠᠷ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠦᠢᠯᠡᠳᠦᠯᠭᠡ ᠳᠤ

ᠣᠷᠣᠯᠴᠠᠭᠤᠯᠬᠤ ᠬᠡᠷᠡᠭᠲᠡᠢ᠃ ᠤᠯᠠᠭᠠᠢ ᠬᠠᠮᠢᠶᠠᠷᠤᠯᠲᠠ ᠶᠢᠨ ᠣᠷᠣᠨ ᠤ ᠰᠤᠷᠭᠠᠨ ᠬᠥᠮᠦᠵᠢᠯ ᠤᠨ ᠲᠣᠪᠴᠢᠶ᠎ᠠ

ᠨᠡᠶᠢᠭᠡᠮ ᠤᠨ ᠡᠯ᠎ᠡ ᠡᠲᠡᠭᠡᠳ ᠢ ᠢᠳᠡᠪᠬᠢᠲᠡᠢ ᠣᠷᠣᠯᠴᠠᠭᠤᠯᠵᠤ᠂ ︽ᠪᠠᠭᠰᠢ ᠶᠢᠨ ᠳ᠋ᠧᠩ ᠭᠡᠷᠡᠯᠳᠦᠬᠦ︾ ᠨᠡᠶᠢᠳᠡ ᠶᠢᠨ

ᠠᠰᠠᠷᠠᠮᠵᠢ ᠶᠢᠨ ᠬᠥᠳᠡᠯᠭᠡᠭᠡᠨ ᠢ ᠬᠠᠮᠲᠤ ᠪᠠᠷ ᠥᠷᠨᠢᠭᠦᠯᠵᠦ᠂ ᠨᠡᠶᠢᠭᠡᠮ ᠤᠨ ᠡᠯ᠎ᠡ ᠡᠲᠡᠭᠡᠳ ᠢ ᠵᠢᠯᠤᠭᠤᠳᠴᠤ ᠪᠠᠶᠢᠭᠠᠳ

ᠪᠠᠭᠰᠢ ᠶᠢᠨ ᠠᠴᠢ᠂ ᠪᠠᠭᠰᠢ ᠨᠠᠷ  ᠢ ᠬᠦᠨᠳᠦᠳᠬᠡᠨ ᠪᠠᠭᠰᠢ ᠨᠠᠷ ᠢ ᠬᠦᠨᠳᠦᠳᠬᠡᠨ ᠪᠠᠭᠰᠢ ᠶᠢᠨ ᠪᠠᠶᠠᠷ ᠤᠨ ᠡᠳᠦᠷ ᠤᠨ

ᠠᠭᠤᠷ ᠠᠮᠢᠰᠬᠤᠯ ᠢ ᠴᠢᠷᠮᠠᠶᠢᠨ ᠪᠣᠢ ᠪᠣᠯᠭᠠᠵᠠᠢ᠃ ᠡᠶᠢᠮᠦ ᠠᠴᠠ ᠪᠢᠳᠡ ᠰᠠᠨᠠᠭᠠᠴᠢᠯᠠᠬᠤ ᠨᠢ᠄ 9 ᠰᠠᠷ᠎ᠠ ᠶᠢᠨ 10 ᠤ

ᠡᠳᠦᠷ᠂ ᠬᠤᠯᠪᠣᠭᠳᠠᠯ ᠪᠦᠬᠦᠢ ᠭᠠᠵᠠᠷ ᠤᠨ ᠲᠡᠮᠳᠡᠭ ᠤᠨ ᠴᠢᠨᠠᠷᠲᠠᠢ ᠪᠠᠷᠢᠯᠭ᠎ᠠ ᠶᠢᠨ ᠭᠡᠷ ᠤᠨ ᠭᠠᠳᠠᠨᠠᠬᠢ ᠡᠯᠧᠺᠲᠷᠣᠨ

ᠳᠡᠯᠭᠡᠴᠡ ᠵᠢᠴᠢ ᠲᠦᠷᠢᠶᠡᠰᠦᠨ ᠮᠠᠰᠢᠨ ᠲᠡᠷᠭᠡ᠂ ᠵᠡᠭᠡᠯᠢ ᠳᠠᠭᠠᠭᠰᠠᠨ ᠬᠤᠳᠠᠯᠳᠤᠭᠠᠨ ᠤ ᠫᠦᠰᠡ ᠵᠡᠷᠭᠡ ᠡᠯᠧᠺᠲᠷᠣᠨ

ᠳᠡᠯᠭᠡᠴᠡ ᠶᠢ ᠠᠰᠢᠭᠯᠠᠵᠤ᠂ᠦᠰᠦᠭᠲᠦ ᠳᠡᠯᠭᠡᠴᠡ ᠶᠢᠨ ᠬᠡᠯᠪᠡᠷᠢ ᠪᠠᠷ ᠬᠠᠮᠢᠶᠠᠷᠤᠯᠲᠠ ᠶᠢᠨ ᠣᠷᠣᠨ ᠤ ᠪᠠᠭᠰᠢ ᠨᠠᠷ ᠲᠤ

ᠪᠠᠶᠠᠷ ᠤᠨ ᠡᠳᠦᠷ ᠤᠨ ᠬᠠᠮᠤᠭ ᠤᠨ ᠰᠠᠶᠢᠬᠠᠨ ᠵᠥᠩᠨᠡᠯ ᠳᠡᠪᠰᠢᠭᠦᠯᠵᠦ᠂ ᠬᠠᠮᠤᠭ ᠤᠨ ᠡᠷᠬᠢᠮ ᠳᠡᠭᠡᠳᠦ

ᠬᠦᠨᠳᠦᠳᠬᠡᠯ ᠢᠶᠠᠨ ᠳᠡᠪᠰᠢᠭᠦᠯᠵᠦ᠂ ᠣᠯᠠᠨ ᠤ ᠪᠣᠳᠠᠲᠤ ᠠᠵᠢᠯᠯᠠᠭ᠎ᠠ ᠪᠠᠷ ᠢᠶᠠᠨ ᠳᠤᠮᠳᠠᠳᠤ ᠶᠢᠨ ᠦᠨᠳᠦᠰᠦᠲᠡᠨ ᠤ

ᠪᠠᠭᠰᠢ ᠶᠢ ᠬᠦᠨᠳᠦᠳᠬᠡᠨ ᠰᠤᠷᠭᠠᠨ ᠬᠥᠮᠦᠵᠢᠯ ᠢ ᠴᠢᠬᠤᠯᠠᠴᠢᠯᠠᠬᠤ ᠰᠢᠯᠢᠳᠡᠭ ᠤᠯᠠᠮᠵᠢᠯᠠᠯ ᠢ ᠤᠯᠠᠮᠵᠢᠯᠠᠨ

ᠵᠠᠯᠭᠠᠮᠵᠢᠯᠠᠪᠠ ᠭᠡᠪᠡ᠃

    ᠰᠤᠷᠭᠠᠨ ᠬᠥᠮᠦᠵᠢᠯ ᠪᠣᠯ ᠤᠯᠤᠰ ᠤᠨ ᠶᠡᠭᠡ ᠪᠣᠳᠣᠯᠭ᠎ᠠ᠂ ᠨᠠᠮ ᠤᠨ ᠶᠡᠭᠡ ᠪᠣᠳᠣᠯᠭ᠎ᠠ ᠮᠥᠨ︔ ᠪᠠᠭᠰᠢ ᠪᠣᠯ

ᠰᠤᠷᠭᠠᠨ ᠬᠥᠮᠦᠵᠢᠯ ᠢ ᠪᠠᠶᠢᠭᠤᠯᠬᠤ ᠶᠢᠨ ᠦᠨᠳᠦᠰᠦ᠂ ᠰᠤᠷᠭᠠᠨ ᠬᠥᠮᠦᠵᠢᠯ ᠢ ᠮᠠᠨᠳᠤᠭᠤᠯᠬᠤ ᠶᠢᠨ ᠡᠬᠢ ᠰᠤᠷᠪᠤᠯᠵᠢ

ᠮᠥᠨ᠃ ᠬᠠᠮᠢᠶᠠᠷᠤᠯᠲᠠ ᠶᠢᠨ ᠣᠷᠣᠨ ᠤ ᠥᠷᠭᠡᠨ ᠣᠯᠠᠨ ᠪᠠᠭᠰᠢ ᠠᠵᠢᠯᠲᠠᠨ ᠠᠵᠢᠯᠴᠢᠨ ᠰᠢ ᠶᠢᠨ ᠫᠢᠩ ᠤᠨ ᠰᠢᠨ᠎ᠡ

ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ

ᠵᠢᠯᠣᠭᠤᠳᠤᠯᠭ᠎ᠠ ᠪᠣᠯᠭᠠᠵᠤ᠂ ᠨᠠᠮ ᠤᠨ ᠠᠵᠢᠯ ᠤᠨ ᠬᠤᠷᠢᠶ᠎ᠠ᠂ ᠬᠠᠮᠢᠶᠠᠷᠤᠯᠲᠠ ᠶᠢᠨ ᠵᠥᠪᠯᠡᠯ ᠤᠨ ᠪᠠᠲᠤ ᠴᠢᠩᠭ᠎ᠠ

ᠤᠳᠤᠷᠢᠳᠤᠯᠭ᠎ᠠ ᠳᠣᠣᠷ᠎ᠠ᠂ ᠨᠡᠶᠢᠭᠡᠮ ᠤᠨ ᠡᠯ᠎ᠡ ᠡᠲᠡᠭᠡᠳ ᠤᠨ ᠬᠦᠴᠦᠲᠡᠢ ᠳᠡᠮᠵᠢᠯᠭᠡ ᠳᠣᠣᠷ᠎ᠠ᠂ ᠶᠣᠰᠣ

ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ

ᠵᠢᠭᠠᠨ ᠰᠤᠷᠭᠠᠯᠲᠠ ᠶᠢᠨ ᠶᠠᠰᠤ ᠴᠢᠨᠠᠷ ᠢ ᠴᠢᠷᠮᠠᠶᠢᠨ ᠳᠡᠭᠡᠭᠰᠢᠯᠡᠭᠦᠯᠵᠦ᠂ ᠠᠷᠠᠳ ᠲᠦᠮᠡᠨ ᠤ ᠰᠡᠳᠬᠢᠯ ᠬᠠᠨᠤᠮᠵᠢᠲᠠᠶ

ᠰᠤᠷᠭᠠᠨ ᠬᠥᠮᠦᠵᠢᠯ ᠢ ᠰᠠᠶᠢᠲᠤᠷ ᠡᠷᠭᠢᠯᠡᠬᠦ ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ︕

     ᠤᠯᠠᠭᠠᠢ ᠬᠠᠮᠢᠶᠠᠷᠤᠯᠲᠠ ᠶᠢᠨ ᠲᠣᠭᠤᠷᠢᠭ ᠤᠨ ᠰᠤᠷᠭᠠᠨ ᠬᠥᠮᠦᠵᠢᠯ  ᠤᠨ ᠲᠣᠪᠴᠢᠶ᠎ᠠ

     2024 ᠣᠨ ᠤ 9 ᠰᠠᠷ᠎ᠠ ᠶᠢᠨ 5  ᠤ ᠡᠳᠦᠷ

 
ᠢᠷᠡᠯᠲᠡ᠄ ᠲᠡᠭᠷᠢᠯᠢᠭ ᠲᠠᠯ᠎ᠠ ᠤᠯᠠᠭᠠᠢ ᠸᠢᠴᠠᠲ ᠤᠨ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号