ᠪᠠᠶᠠᠨᠬᠤᠰᠢᠭᠤ ᠪᠠᠯᠭᠠᠰᠤ
ᠨᠡᠶᠢᠲᠡᠯᠡᠭᠰᠡᠨ ᠴᠠᠭ᠄
2024/9/11

    ᠪᠠᠶᠠᠨᠬᠤᠰᠢᠭᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ 1978 ᠣᠨ ᠳᠤ ᠪᠠᠶᠢᠭᠤᠯᠤᠭᠳᠠᠵᠤ᠂ ᠣᠳᠣ

ᠬᠠᠷᠢᠶ᠎ᠠ ᠭᠤᠷᠪᠠᠨ ᠨᠡᠶᠢᠭᠡᠮ ᠲᠣᠭᠤᠷᠢᠭ ︵ᠴᠠᠭᠠᠨ ᠬᠤᠰᠢᠭᠤ ᠨᠡᠶᠢᠭᠡᠮ ᠲᠣᠭᠤᠷᠢᠭ᠂ ᠨᠠᠷᠠᠨᠬᠤᠸᠠ ᠨᠡᠶᠢᠭᠡᠮ ᠲᠣᠭᠤᠷᠢᠭ᠂

ᠪᠠᠶᠠᠨᠬᠤᠰᠢᠭᠤ ᠨᠡᠶᠢᠭᠡᠮ ᠲᠣᠭᠤᠷᠢᠭ︶ ᠪᠣᠯᠣᠨ 9 ᠵᠠᠰᠠᠭ ᠵᠠᠬᠢᠷᠭᠠᠨ ᠤ ᠲᠣᠰᠬᠤᠨ ︵ᠳᠡᠯ ᠬᠠᠳᠠ ᠲᠣᠰᠬᠤᠨ᠂ ᠬᠦᠷᠡᠩ

ᠲᠤᠯᠤᠭᠠᠢ‌ᠭᠠᠴᠠᠭ᠎ᠠ᠂ ᠤᠯᠠᠭᠠᠨᠬᠠᠳᠠ ᠭᠠᠴᠠᠭ᠎ᠠ᠂ᠤᠯᠠᠭᠠᠨ ᠴᠠᠪ ᠭᠠᠴᠠᠭ᠎ᠠ᠂ ᠰᠢᠪᠠᠷᠲᠤ ᠭᠠᠴᠠᠭ᠎ᠠ᠂ ᠰᠠᠷᠠᠨᠵᠤᠤ ᠲᠤᠰᠬᠤᠨ᠂

ᠬᠦᠪᠦᠷᠴᠢᠨ ᠠᠭᠤᠯᠠ ᠲᠤᠰᠬᠤᠨ᠂ ᠴᠠᠭᠠᠨ ᠬᠠᠳᠠ ᠲᠤᠰᠬᠤᠨᠥᠨᠳᠥᠷ  ᠣᠪᠣᠭ᠎ᠠ ᠲᠣᠰᠬᠤᠨ︶᠂ ᠭᠠᠵᠠᠷ ᠰᠢᠷᠣᠢ ᠶᠢᠨ

ᠶᠡᠷᠦᠩᠬᠡᠢ ᠲᠠᠯᠠᠪᠠᠢ ᠨᠢ 713.91 ᠲᠡᠭᠰᠢ ᠳᠥᠷᠪᠡᠯᠵᠢᠨ ᠺᠢᠯᠣᠮᠧᠲᠷ᠂ ᠡᠭᠦᠨ ᠳᠤ ᠪᠠᠯᠭᠠᠰᠤᠨ ᠤ ᠲᠠᠯᠠᠪᠠᠢ ᠨᠢ 22

ᠲᠡᠭᠰᠢ ᠳᠥᠷᠪᠡᠯᠵᠢᠨ ᠺᠢᠯᠣᠮᠧᠲᠷ᠂ ᠪᠠᠶᠢᠭᠤᠯᠤᠭᠰᠠᠨ ᠲᠠᠯᠠᠪᠠᠢ 7.2 ᠲᠡᠭᠰᠢ ᠳᠥᠷᠪᠡᠯᠵᠢᠨ ᠺᠢᠯᠣᠮᠧᠲᠷ᠂ ᠪᠠᠯᠭᠠᠰᠤᠨ ᠤ

ᠮᠠᠯᠵᠢᠬᠤ ᠲᠠᠷᠢᠶᠠᠯᠠᠬᠤ ᠣᠷᠣᠨ ᠤ 691.91 ᠲᠡᠭᠰᠢ ᠳᠥᠷᠪᠡᠯᠵᠢᠨ ᠺᠢᠯᠣᠮᠧᠲᠷ᠂ ᠲᠠᠷᠢᠶᠠᠨ ᠭᠠᠵᠠᠷ 10.66

ᠲᠦᠮᠡᠨ ᠮᠦ ᠪᠤᠢ᠃ ᠪᠦᠬᠦ ᠬᠥᠮᠥᠨ ᠠᠮᠠ 9852 ᠡᠷᠦᠬᠡ 24972 ᠬᠥᠮᠥᠨ᠂ ᠡᠭᠦᠨ ᠳᠤ  ᠬᠤᠳᠠ ᠪᠠᠯᠭᠠᠰᠤᠨ ᠤ

ᠬᠥᠮᠥᠨ ᠠᠮᠠ 8244 ᠡᠷᠦᠬᠡ᠂ 21343  ᠬᠥᠮᠥᠨ᠂  ᠮᠠᠯᠴᠢᠨ  ᠲᠠᠷᠢᠶᠠᠴᠢᠨ 1608 ᠡᠷᠦᠬᠡ 3629  

ᠬᠥᠮᠥᠨ ᠪᠤᠢ᠃ 2011 ᠣᠨ ᠳᠤ ᠠᠶᠢᠮᠠᠭ ᠤᠨ ᠱᠠᠲᠤᠨ ᠤ ᠡᠷᠡᠭᠦᠯ ᠬᠠᠮᠠᠭᠠᠯᠠᠯ ᠤᠨ ᠬᠤᠲᠠ ᠪᠠᠯᠭᠠᠰᠤ ᠵᠢᠴᠢ

ᠠᠶᠢᠮᠠᠭ ᠤᠨ ᠱᠠᠲᠤᠨ ᠤ ᠣᠶᠤᠨ ᠤ ᠪᠣᠯᠪᠠᠰᠤᠨ ᠤ ᠬᠤᠲᠠ ᠪᠠᠯᠭᠠᠰᠤ ᠶᠢ ᠠᠮᠵᠢᠯᠲᠠ ᠲᠠᠢ ᠪᠠᠷ ᠡᠭᠦᠳᠦᠨ ᠪᠠᠶᠢᠭᠤᠯᠪᠠ᠃

2012 ᠣᠨ ᠳᠤ ᠥᠪᠡᠷᠲᠡᠭᠡᠨ ᠵᠠᠰᠠᠬᠤ ᠣᠷᠣᠨ ᠤ ᠱᠠᠲᠤᠨ ᠤ ᠡᠷᠡᠭᠦᠯ ᠬᠠᠮᠠᠭᠠᠯᠠᠯ ᠤᠨ ᠬᠤᠲᠠ ᠪᠠᠯᠭᠠᠰᠤ ᠶᠢ

ᠠᠮᠵᠢᠯᠲᠠ ᠲᠠᠢ ᠪᠠᠷ ᠡᠭᠦᠳᠦᠨ ᠪᠠᠶᠢᠭᠤᠯᠪᠠ᠃ 2013 ᠣᠨ ᠳᠤ ᠥᠪᠡᠷᠲᠡᠭᠡᠨ ᠵᠠᠰᠠᠬᠤ ᠣᠷᠣᠨ ᠤ ᠲᠠᠰ ᠤᠨ

ᠪᠣᠯᠪᠠᠰᠤᠨ ᠬᠤᠲᠠ ᠪᠠᠯᠭᠠᠰᠤ ᠪᠠᠷ ᠠᠮᠵᠢᠯᠲᠠ ᠲᠠᠢ ᠪᠠᠶᠢᠭᠤᠯᠪᠠ᠃ ᠪᠠᠶᠠᠨᠬᠤᠰᠢᠭᠤ ᠪᠠᠯᠭᠠᠰᠤᠨ ᠳᠤ ᠨᠡᠶᠢᠲᠡ 13

ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠶ᠂ ᠡᠭᠦᠨ ᠳᠤ ᠭᠠᠴᠠᠭ᠎ᠠ ᠲᠣᠰᠬᠤᠨ ᠤ ᠨᠠᠮ ᠤᠨ

ᠡᠭᠦᠷ 9᠂ ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠢ ᠡᠭᠦᠷ 3᠂ ᠪᠠᠶᠢᠭᠤᠯᠭ᠎ᠠ ᠶᠢᠨ ᠨᠠᠮ ᠤᠨ ᠡᠭᠦᠷ 1᠂ ᠣᠲᠣ

ᠨᠠᠮ ᠤᠨ ᠭᠡᠰᠢᠭᠦᠨ 567 ᠪᠣᠶ᠃

 
ᠢᠷᠡᠯᠲᠡ᠄ ᠤᠯᠠᠭᠠᠶ ᠬᠠᠮᠢᠶᠠᠷᠤᠯᠲᠠ ᠶᠢᠨ ᠣᠷᠣᠨ ᠤ ᠵᠠᠰᠠᠭ ᠤᠨ ᠶᠠᠪᠤᠳᠠᠯ ᠤᠨ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号