ᠬᠥᠬᠡᠬᠤᠲᠠ ᠶᠢᠨ ᠬᠢᠨ 12345 ᠰᠦᠯᠵᠢᠶᠡᠨ ᠳᠡᠭᠡᠷᠡᠬᠢ ᠭᠤᠶᠤᠴᠢᠯᠠᠯ ᠤᠨ ᠵᠦᠢᠯᠡᠰ ᠢ ᠰᠢᠮᠳᠠᠭᠤᠯᠤᠨ ᠭᠦᠢᠴᠡᠳᠬᠡᠬᠦ ᠲᠣᠭᠲᠠᠴᠠ ᠶᠢ ᠪᠠᠶᠢᠭᠤᠯᠪᠠ
ᠨᠡᠶᠢᠲᠡᠯᠡᠭᠰᠡᠨ ᠴᠠᠭ᠄
2024/9/11

    ᠬᠥᠬᠡᠬᠤᠲᠠ ᠶᠢᠨ ᠬᠢᠨ 12345 ᠰᠦᠯᠵᠢᠶᠡᠨ ᠳᠡᠭᠡᠷᠡᠬᠢ ᠭᠤᠶᠤᠴᠢᠯᠠᠯ ᠤᠨ ᠵᠦᠢᠯᠡᠰ ᠢ ᠰᠢᠮᠳᠠᠭᠤᠯᠤᠨ

ᠭᠦᠢᠴᠡᠳᠬᠡᠬᠦ ᠲᠣᠭᠲᠠᠴᠠ ᠶᠢ ᠪᠠᠶᠢᠭᠤᠯᠪᠠ᠃ ᠨᠢᠭᠡ ᠳᠤ᠂ ᠰᠦᠯᠵᠢᠶᠡᠨ ᠤ ᠭᠤᠶᠤᠴᠢᠯᠠᠯ ᠢ ᠴᠤᠤᠷᠢᠶᠠᠲᠤᠨ ᠳᠠᠭᠠᠬᠤ

ᠲᠣᠭᠲᠠᠴᠠ ᠶᠢ ᠪᠠᠶᠢᠭᠤᠯᠵᠤ᠂ ᠭᠥᠯᠢᠶᠡᠨ ᠠᠪᠴᠤ ᠰᠢᠢᠳᠪᠦᠷᠢᠯᠡᠬᠦ ᠰᠠᠯᠠᠭ᠎ᠠ ᠮᠥᠴᠢᠷ ᠨᠢ ᠬᠢᠨᠠᠨ ᠰᠢᠨᠵᠢᠬᠦ ᠵᠥᠭᠡᠯᠡᠨ

ᠲᠣᠨᠤᠭ ᠢ ᠠᠰᠢᠭᠯᠠᠨ᠂ ᠰᠦᠯᠵᠢᠶᠡᠨ ᠬᠠᠭᠤᠳᠠᠰᠤ᠂ ᠵᠢᠵᠢᠭ ᠫᠷᠣᠭ᠍ᠷᠠᠮ ᠵᠡᠷᠭᠡ ᠲᠠᠪᠴᠠᠩ ᠳᠠᠬᠢ ᠵᠢᠷᠤᠭ᠂ ᠸᠢᠳᠢᠤ᠋ ᠶᠢ ᠵᠠᠢ

ᠵᠠᠪᠰᠠᠷ ᠦᠯᠡᠳᠡᠭᠡᠯ ᠦᠭᠡᠢ ᠴᠤᠭᠯᠠᠭᠤᠯᠵᠤ᠂ 14 ᠬᠠᠮ ᠵᠠᠭᠤᠴᠢᠯᠠᠭᠤᠷ ᠤᠨ ᠰᠦᠯᠵᠢᠶᠡᠨ ᠳᠡᠭᠡᠷᠡᠬᠢ ᠭᠤᠶᠤᠴᠢᠯᠠᠯ ᠢ

ᠣᠨᠣᠴᠠᠲᠠᠢ ᠪᠠᠷ ᠲᠥᠷᠥᠯ ᠠᠩᠭᠢᠯᠠᠨ ᠬᠠᠮᠤᠷᠴᠤ᠂ ᠠᠷᠠᠳ ᠤᠨ ᠰᠠᠨᠠᠭ᠎ᠠ ᠶᠢ ᠪᠥᠬᠦ ᠲᠠᠯ᠎ᠠ ᠪᠠᠷ᠂ ᠥᠨᠴᠥᠭ ᠪᠤᠯᠤᠩ

ᠦᠯᠡᠳᠡᠭᠡᠯ ᠦᠭᠡᠢ ᠪᠠᠷ ᠴᠤᠭᠯᠠᠭᠤᠯᠬᠤ ᠰᠦᠯᠵᠢᠶ᠎ᠡ ᠶᠢ ᠪᠠᠶᠢᠭᠤᠯᠵᠤ᠂ ᠰᠦᠯᠵᠢᠶᠡᠨ ᠳᠡᠭᠡᠷᠡᠬᠢ ᠭᠤᠶᠤᠴᠢᠯᠠᠯ ᠢ ᠴᠠᠭ

ᠲᠤᠬᠠᠢ ᠳᠤ ᠨᠢ ᠰᠢᠢᠳᠪᠦᠷᠢᠯᠡᠬᠦ ᠶᠢ ᠦᠨᠡᠨ ᠬᠦ ᠪᠠᠲᠤᠯᠠᠨ᠎ᠠ᠃ 7 ᠳ᠋ᠤᠭᠠᠷ ᠰᠠᠷ᠎ᠠ ᠳᠤ ᠰᠢᠮᠳᠠᠭᠤᠯᠤᠨ ᠰᠢᠢᠳᠪᠦᠷᠢᠯᠡᠭᠦᠯᠬᠦ

ᠲᠣᠭᠲᠠᠴᠠ ᠶᠢ ᠪᠠᠶᠢᠭᠤᠯᠤᠭᠰᠠᠨ ᠠᠴᠠ ᠨᠠᠭᠠᠰᠢ᠂ ᠰᠦᠯᠵᠢᠶᠡᠨ ᠳᠡᠭᠡᠷᠡᠬᠢ ᠬᠦᠰᠡᠯ ᠱᠠᠭᠠᠷᠳᠠᠯᠭ᠎ᠠ ᠶᠢᠨ ᠮᠡᠳᠡᠭᠡ

ᠵᠠᠩᠭᠢ ᠶᠢ ᠨᠡᠶᠢᠲᠡ 7334 ᠬᠤᠪᠢ ᠴᠤᠭᠯᠠᠭᠤᠯᠤᠨ ᠰᠢᠢᠳᠪᠦᠷᠢᠯᠡᠪᠡ᠃ ᠡᠭᠦᠨ ᠤ ᠬᠠᠮᠲᠤ᠂ 12345

ᠭᠤᠶᠤᠴᠢᠯᠠᠯ ᠢ ᠬᠦᠯᠢᠶᠡᠵᠦ ᠳᠠᠷᠤᠶᠢᠬᠠᠨ ᠰᠢᠢᠳᠪᠦᠷᠢᠯᠡᠬᠦ ᠲᠥᠪ ᠨᠢ ᠰᠦᠯᠵᠢᠶᠡᠨ ᠤ ᠠᠮᠤᠷ ᠲᠦᠪᠰᠢᠨ ᠪᠠ ᠮᠡᠳᠡᠭᠡ

ᠵᠠᠩᠭᠢᠴᠢᠯᠠᠯᠲᠠ ᠶᠢᠨ ᠰᠠᠯᠠᠭ᠎ᠠ ᠮᠥᠴᠢᠷ ᠯᠦᠭᠡ ᠬᠠᠮᠲᠤ ᠪᠠᠷ ︽ᠰᠦᠯᠵᠢᠶᠡᠨ ᠳᠡᠭᠡᠷᠡᠬᠢ ᠭᠤᠶᠤᠴᠢᠯᠠᠯ ᠢ ᠬᠤᠯᠪᠤᠭᠠᠯᠠᠨ

ᠬᠥᠳᠡᠯᠦᠯᠴᠡᠨ ᠰᠢᠢᠳᠪᠦᠷᠢᠯᠡᠬᠦ ᠪᠠ ᠮᠡᠳᠡᠭᠡ ᠵᠠᠩᠭᠢ ᠶᠢ ᠴᠠᠭ ᠲᠤᠬᠠᠢ ᠳᠤ ᠨᠢ ᠬᠠᠷᠢᠯᠴᠠᠨ ᠬᠤᠯᠪᠣᠭᠠᠯᠠᠵᠤ ᠬᠠᠷᠢᠯᠴᠠᠨ

ᠨᠡᠪᠲᠡᠷᠡᠯᠴᠡᠬᠦ︾ ᠳᠤ ᠰᠠᠭᠤᠷᠢᠯᠠᠭᠰᠠᠨ ᠬᠠᠮᠲᠤᠷᠠᠯᠴᠠᠭᠠᠨ ᠤ ᠬᠡᠪ ᠵᠠᠭᠪᠤᠷ ᠢ ᠪᠠᠶᠢᠭᠤᠯᠵᠤ᠂ ᠰᠦᠯᠵᠢᠶᠡᠨ ᠤ ᠠᠮᠤᠷ

ᠲᠦᠪᠰᠢᠨ ᠪᠠ ᠮᠡᠳᠡᠭᠡ ᠵᠠᠩᠭᠢᠴᠢᠯᠠᠯᠲᠠ ᠶᠢᠨ ᠰᠠᠯᠠᠭ᠎ᠠ ᠮᠥᠴᠢᠷ ᠤᠨ ᠣᠯᠵᠤ ᠮᠡᠳᠡᠭᠰᠡᠨ ᠰᠦᠯᠵᠢᠶᠡᠨ ᠳᠡᠭᠡᠷᠡᠬᠢ

ᠭᠤᠶᠤᠴᠢᠯᠠᠯ ᠢ 12345 ᠭᠤᠶᠤᠴᠢᠯᠠᠯ ᠢ ᠬᠦᠯᠢᠶᠡᠵᠦ ᠳᠠᠷᠤᠶᠢᠬᠠᠨ ᠰᠢᠢᠳᠪᠦᠷᠢᠯᠡᠬᠦ ᠲᠥᠪ ᠲᠤ ᠴᠠᠭ ᠲᠤᠬᠠᠢ ᠳᠤ

 ᠨᠢ ᠮᠡᠳᠡᠭᠳᠡᠵᠦ ᠠᠵᠢᠯ ᠤᠨ ᠳᠠᠩᠰᠠ ᠭᠠᠷᠭᠠᠭᠰᠠᠨ ᠤ ᠳᠠᠷᠠᠭ᠎ᠠ ᠰᠢᠢᠳᠪᠦᠷᠢᠯᠡᠭᠦᠯᠦᠨ᠎ᠡ᠃  ᠣᠲᠣ ᠪᠣᠯᠲᠠᠯ᠎ᠠ᠂

ᠳᠠᠪᠲᠠᠮᠵᠢ ᠪᠠᠷ ᠥᠨᠳᠥᠷ ᠠᠩᠬᠠᠷᠤᠯ ᠪᠣᠯᠤᠭᠰᠠᠨ ᠵᠦᠢᠯᠡᠰ ᠢ ᠥᠨᠳᠥᠷ ᠪᠦᠲᠦᠮᠵᠢᠲᠡᠶ ᠪᠠᠷ 501 ᠬᠤᠪᠢ

ᠰᠢᠢᠳᠪᠦᠷᠢᠯᠡᠭᠦᠯᠪᠡ᠃ ᠬᠤᠶᠠᠷ ᠲᠤ᠂ ︽ᠭᠤᠷᠪᠠ ᠶᠢ ᠭᠡᠷ ᠲᠤ ᠨᠢ ᠭᠦᠢᠴᠡᠳᠬᠡᠬᠦ︾ ᠠᠵᠢᠯ ᠤᠨ ᠲᠣᠭᠲᠠᠴᠠ ᠶᠢ

ᠪᠠᠶᠢᠭᠤᠯᠪᠠ᠃ ᠡᠯ᠎ᠡ ᠭᠠᠵᠠᠷ ᠣᠷᠣᠨ᠂ ᠰᠠᠯᠠᠭ᠎ᠠ ᠮᠥᠴᠢᠷ ᠨᠢ 12345 ᠭᠤᠶᠤᠴᠢᠯᠠᠯ ᠢ ᠬᠦᠯᠢᠶᠡᠵᠦ ᠳᠠᠷᠤᠶᠢᠬᠠᠨ

ᠰᠢᠢᠳᠪᠦᠷᠢᠯᠡᠬᠦ ᠲᠥᠪ ᠤᠨ ᠲᠣᠮᠢᠯᠠᠨ ᠲᠠᠷᠬᠠᠭᠠᠭᠰᠠᠨ ᠰᠦᠯᠵᠢᠶᠡᠨ ᠳᠡᠭᠡᠷᠡᠬᠢ ᠬᠦᠰᠡᠯ ᠱᠠᠭᠠᠷᠳᠠᠯᠭ᠎ᠠ ᠶᠢᠨ ᠠᠵᠢᠯ ᠤᠨ

ᠳᠠᠩᠰᠠ ᠶᠢ ᠬᠤᠷᠢᠶᠠᠭᠰᠠᠨ ᠬᠤᠶᠠᠷ ᠴᠠᠭ ᠳᠣᠲᠣᠷ᠎ᠠ ︽ᠭᠤᠷᠪᠠ ᠶᠢ ᠭᠡᠷ ᠲᠤ ᠨᠢ ᠭᠦᠢᠴᠡᠳᠬᠡᠬᠦ︾ ᠦᠢᠯᠡᠴᠢᠯᠡᠭᠡᠨ ᠤ

ᠵᠠᠭᠪᠤᠷ ︵ᠵᠦᠢ ᠵᠣᠬᠢᠰᠲᠠᠢ ᠭᠤᠶᠤᠴᠢᠯᠠᠯ ᠢ ᠭᠡᠷ ᠲᠤ ᠨᠢ ᠬᠦᠷᠴᠦ ᠰᠢᠢᠳᠪᠦᠷᠢᠯᠡᠬᠦ᠂ ᠵᠦᠢ ᠵᠣᠬᠢᠰ ᠦᠭᠡᠢ

ᠭᠤᠶᠤᠴᠢᠯᠠᠯ ᠢ ᠭᠡᠷ ᠲᠤ ᠨᠢ ᠬᠦᠷᠴᠦ ᠢᠳᠬᠠᠬᠤ᠂ ᠰᠠᠨᠠᠭᠤᠯᠭ᠎ᠠ ᠰᠠᠨᠠᠯ ᠢ ᠭᠡᠷ ᠲᠤ ᠨᠢ ᠬᠦᠷᠴᠦ ᠶᠠᠷᠢᠯᠴᠠᠬᠤ︶ ᠢ

ᠲᠡᠷᠡ ᠳᠠᠷᠤᠶᠢᠬᠠᠨ ᠡᠬᠢᠯᠡᠭᠦᠯᠵᠦ᠂ ᠰᠠᠨᠠᠭᠠᠴᠢᠯᠠᠭ᠎ᠠ ᠠᠴᠠ ᠪᠠᠨ ᠭᠤᠶᠤᠴᠢᠯᠠᠭᠴᠢ ᠯᠤᠭ᠎ᠠ ᠨᠢᠭᠤᠷᠲᠠᠨ ᠬᠠᠷᠢᠯᠴᠠᠵᠤ

ᠪᠦᠲᠦᠮᠵᠢᠲᠡᠶ ᠬᠠᠷᠢᠯᠴᠠᠭ᠎ᠠ ᠪᠠᠶᠢᠭᠤᠯᠤᠨ᠎ᠠ᠃ ᠭᠤᠷᠪᠠ ᠳᠤ᠂ ᠤᠳᠤᠷᠢᠳᠤᠯᠭ᠎ᠠ ᠨᠠᠷ ᠤᠨ ᠱᠠᠲᠤ ᠬᠤᠪᠢᠶᠠᠨ

ᠰᠢᠮᠳᠠᠭᠤᠯᠤᠨ ᠭᠦᠢᠴᠡᠳᠬᠡᠬᠦ ᠲᠣᠭᠲᠠᠴᠠ ᠶᠢ ᠪᠠᠶᠢᠭᠤᠯᠪᠠ᠃ ᠡᠳᠦᠷ ᠪᠣᠯᠭᠠᠨ ᠬᠤᠷᠢᠶᠠᠵᠤ ᠴᠤᠭᠯᠠᠭᠤᠯᠤᠭᠰᠠᠨ

ᠰᠦᠯᠵᠢᠶᠡᠨ ᠳᠡᠭᠡᠷᠡᠬᠢ ᠬᠦᠰᠡᠯ ᠱᠠᠭᠠᠷᠳᠠᠯᠭ᠎ᠠ ᠪᠠ ᠰᠢᠢᠳᠪᠦᠷᠢᠯᠡᠵᠦ ᠳᠠᠭᠤᠰᠬᠠᠭᠠᠳᠤᠢ ᠪᠠᠶᠢᠳᠠᠯ ᠢᠶᠠᠨ ᠬᠠᠮᠢᠶ᠎ᠠ ᠪᠦᠬᠦᠢ

ᠭᠠᠵᠠᠷ ᠣᠷᠣᠨ ᠤ ᠪᠠ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠳᠤ ᠮᠡᠳᠡᠭᠳᠡᠵᠦ᠂ ᠮᠥᠷᠳᠡᠨ ᠪᠠᠶᠢᠴᠠᠭᠠᠵᠤ

ᠭᠦᠢᠴᠡᠳᠬᠡᠯᠭᠡᠨ᠎ᠡ︔ ᠭᠠᠷᠠᠭ ᠪᠣᠯᠭᠠᠨ ᠳᠤ ᠪᠥᠬᠦ ᠬᠤᠲᠠ ᠶᠢᠨ ᠰᠢᠢᠳᠪᠦᠷᠢᠯᠡᠵᠦ ᠳᠠᠭᠤᠰᠬᠠᠭᠠᠳᠤᠢ ᠭᠤᠶᠤᠴᠢᠯᠠᠯ ᠢ

ᠠᠵᠢᠯ ᠤᠨ ᠬᠤᠪᠢᠶᠠᠷᠢᠯᠠᠯ ᠶᠣᠰᠣᠭᠠᠷ ᠨᠠᠷᠢᠨ ᠳᠠᠩᠰᠠ ᠵᠣᠬᠢᠶᠠᠵᠤ᠂ ᠬᠤᠪᠢᠳᠠᠨ ᠬᠠᠮᠢᠶᠠᠷᠴᠤ ᠪᠠᠶᠢᠭ᠎ᠠ ᠬᠤᠲᠠ ᠶᠢᠨ

ᠤᠳᠤᠷᠢᠳᠤᠯᠭ᠎ᠠ ᠳᠤ ᠮᠡᠳᠡᠭᠦᠯᠦᠭᠡᠳ ᠲᠣᠬᠢᠷᠠᠭᠤᠯᠤᠯᠲᠠ ᠬᠢᠵᠦ᠂ ᠰᠢᠢᠳᠪᠦᠷᠢᠯᠡᠭᠦᠯᠦᠨ᠎ᠡ︔ ᠬᠠᠭᠠᠰ ᠰᠠᠷ᠎ᠠ ᠪᠣᠯᠭᠠᠨ

ᠭᠦᠢᠴᠡᠳᠬᠡᠵᠦ ᠳᠠᠭᠤᠰᠬᠠᠭᠠᠳᠤᠢ ᠭᠤᠶᠤᠴᠢᠯᠠᠯ ᠢ ᠨᠢ ᠬᠤᠷᠢᠶᠠᠩᠭᠤᠶᠢᠯᠠᠵᠤ᠂ ᠬᠤᠲᠠ ᠶᠢᠨ ᠵᠠᠰᠠᠭ ᠤᠨ ᠣᠷᠳᠣᠨ ᠤ

ᠭᠤᠣᠯ ᠤᠳᠤᠷᠢᠳᠤᠯᠭ᠎ᠠ ᠳᠤ  ᠮᠡᠳᠡᠭᠦᠯᠦᠭᠡᠳ  ᠰᠤᠳᠤᠯᠤᠨ ᠮᠠᠭᠠᠳᠯᠠᠭᠤᠯᠤᠨ᠎ᠠ︔ ᠰᠠᠷ᠎ᠠ ᠪᠣᠯᠭᠠᠨ ᠲᠤᠰ

ᠰᠠᠷ᠎ᠠ ᠶᠢᠨ ᠢᠶᠠᠨ ᠭᠦᠢᠴᠡᠳᠬᠡᠵᠦ ᠳᠠᠭᠤᠰᠬᠠᠭᠠᠳᠤᠢ ᠠᠵᠢᠯ ᠤᠨ ᠳᠠᠩᠰᠠ ᠶᠢᠨ ᠪᠠᠶᠢᠳᠠᠯ ᠢᠶᠠᠨ ᠬᠤᠷᠢᠶᠠᠩᠭᠤᠶᠢᠯᠠᠭᠠᠳ

ᠬᠤᠲᠠ ᠶᠢᠨ ᠨᠠᠮ ᠤᠨ ᠬᠤᠷᠢᠶᠠᠨ ᠤ ᠭᠤᠣᠯ ᠤᠳᠤᠷᠢᠳᠤᠯᠭ᠎ᠠ ᠳᠤ ᠮᠡᠳᠡᠭᠦᠯᠵᠦ᠂ ︽ᠱᠠᠲᠤ ᠱᠠᠲᠤ ᠪᠠᠷ ᠬᠠᠷᠢᠭᠤᠴᠠᠵᠤ᠂

ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠬᠤ︾ ᠠᠵᠢᠯ ᠤᠨ ᠲᠥᠯᠥᠪ ᠪᠠᠶᠢᠳᠠᠯ ᠢ ᠪᠤᠢ ᠪᠣᠯᠭᠠᠨ᠎ᠠ᠃ 7 ᠳ᠋ᠤᠭᠠᠷ

ᠰᠠᠷ᠎ᠠ ᠳᠤ ᠰᠢᠮᠳᠠᠭᠤᠯᠤᠨ ᠰᠢᠢᠳᠪᠦᠷᠢᠯᠡᠭᠦᠯᠬᠦ ᠲᠣᠭᠲᠠᠴᠠ ᠶᠢ ᠪᠠᠶᠢᠭᠤᠯᠤᠭᠰᠠᠨ ᠠᠴᠠ ᠨᠠᠭᠠᠰᠢ᠂ ᠪᠦᠬᠦ

ᠬᠤᠳᠠ ᠪᠠᠷ ᠢᠶᠠᠨ ᠡᠯ᠎ᠡ ᠲᠦᠷᠦᠯ ᠤᠨ ᠤᠳᠠᠭᠠᠰᠢᠷᠠᠭᠤᠯᠤᠭᠠᠳ ᠰᠢᠢᠳᠪᠦᠷᠢᠯᠡᠭᠡᠳᠦᠢ ᠦᠯᠡᠳᠡᠭᠳᠡᠯ ᠠᠰᠠᠭᠤᠳᠠᠯ ᠢ

ᠨᠡᠶᠢᠲᠡ 650 ᠬᠤᠪᠢ ᠰᠢᠢᠳᠪᠦᠷᠢᠯᠡᠪᠡ᠃ ︵ᠬᠥᠬᠡᠬᠤᠲᠠ ᠶᠢᠨ ᠵᠠᠰᠠᠭ ᠤᠨ ᠣᠷᠳᠣᠨ︶

 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号