ᠳᠤᠯᠠᠭᠠᠯᠠᠭ᠎ᠠ ᠵᠣᠭᠰᠤᠭᠠᠬᠤ  ᠶᠢ ᠮᠡᠳᠡᠭᠦᠯᠬᠦ ᠳᠤ ᠡᠷᠬᠡᠪᠰᠢ ᠮᠡᠳᠡᠬᠦ ᠵᠦᠢᠯ
ᠨᠡᠶᠢᠲᠡᠯᠡᠭᠰᠡᠨ ᠴᠠᠭ᠄
2024/9/11

    ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ᠂ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠠᠷᠠᠳ

ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ︽ᠠᠷᠠᠳ ᠲᠤ ᠠᠰᠢᠭ

ᠬᠦᠷᠲᠡᠭᠡᠬᠦ᠂ ᠠᠷᠠᠳ ᠲᠤ ᠲᠥᠬᠦᠮ ᠦᠵᠡᠭᠦᠯᠬᠦ︾ ᠠᠷᠭ᠎ᠠ ᠬᠡᠮᠵᠢᠶ᠎ᠡ ᠶᠢ ᠪᠠᠷᠢᠮᠲᠠᠯᠠᠨ᠂ ︽ᠳᠤᠯᠠᠭᠠᠯᠠᠬᠤ ᠢᠨᠵᠧᠨᠧᠷᠢᠩ︾ ᠢ

ᠨᠠᠶᠢᠳᠠᠪᠤᠷᠢᠵᠢᠭᠤᠯᠬᠤ ᠪᠠᠷ ᠭᠠᠷᠳᠠᠴᠠ ᠪᠣᠯᠭᠠᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠦᠷᠭᠦᠯᠵᠢᠯᠡᠨ

ᠨᠡᠮᠡᠭᠳᠡᠭᠦᠯᠵᠦ᠂ ᠢᠯᠴᠢ ᠬᠠᠩᠭᠠᠬᠤ ᠦᠢᠯᠡᠴᠢᠯᠡᠭᠡᠨ ᠤ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂

ᠢᠯᠴᠢ ᠬᠠᠩᠭᠠᠬᠤ ᠪᠠ ᠬᠡᠷᠡᠭᠯᠡᠬᠦ ᠬᠠᠮᠢᠶᠠᠷᠤᠯᠲᠠ ᠶᠢ  ᠳᠦᠷᠢᠮᠵᠢᠭᠦᠯᠪᠡ᠃

    ᠠᠶᠢᠮᠠᠭ ᠬᠤᠲᠠ ᠶᠢᠨ ︽ᠬᠤᠲᠠ ᠪᠠᠯᠭᠠᠰᠤ ᠶᠢᠨ ᠢᠯᠴᠢ ᠬᠠᠩᠭᠠᠬᠤ ᠶᠢ ᠮᠡᠳᠡᠭᠦᠯᠦᠨ ᠵᠣᠭᠰᠤᠭᠠᠬᠤ ᠭᠠᠷᠳᠠᠮ ᠢ

ᠭᠦᠢᠴᠡᠳᠬᠡᠬᠦ ᠶᠢ ᠰᠢᠯᠢᠳᠡᠭᠵᠢᠭᠦᠯᠬᠦ ᠲᠥᠰᠥᠯ︾ ᠢ ᠦᠨᠳᠦᠰᠦᠯᠡᠨ᠂2024 ︱ 2025 ᠣᠨ ᠤ ᠳᠤᠯᠠᠭᠠᠯᠠᠭ᠎ᠠ ᠶᠢᠨ

ᠬᠤᠭᠤᠴᠠᠭ᠎ᠠ   ᠠᠴᠠ ᠡᠬᠢᠯᠡᠨ᠂ ᠳᠤᠯᠠᠭᠠᠯᠠᠭ᠎ᠠ ᠵᠣᠭᠰᠤᠭᠠᠬᠤ  ᠬᠡᠷᠡᠭᠯᠡᠭᠴᠢ ᠳᠤ ᠢᠯᠴᠢ ᠬᠠᠩᠭᠠᠬᠤ ᠠᠵᠤ ᠠᠬᠤᠶᠢᠯᠠᠯ

ᠰᠦᠢᠳᠬᠡᠯ ᠬᠤᠷᠢᠶᠠᠬᠤ ᠦᠭᠡᠢ ᠪᠠᠷ  ᠭᠡᠷ ᠲᠤᠨᠢ ᠬᠦᠷᠬᠦ ᠦᠢᠯᠡᠴᠢᠯᠡᠭᠡ ᠬᠠᠩᠭᠠᠨ᠎ᠠ᠃ ᠥᠷᠭᠡᠨ ᠣᠯᠠᠨ ᠬᠡᠷᠡᠭᠯᠡᠭᠴᠢ

︽ᠮᠧᠩ ᠰᠦ᠋ ᠪᠠᠨ︾᠂ ᠢᠯᠴᠢ ᠬᠠᠩᠭᠠᠬᠤ ᠠᠵᠤ ᠠᠬᠤᠶᠢᠯᠠᠯ ᠤᠨ ᠦᠢᠯᠡᠴᠢᠯᠡᠭᠡᠨ ᠤ  ᠤᠲᠠᠰᠤ  ᠪᠠᠷ ᠳᠤᠯᠠᠭᠠᠯᠠᠭ᠎ᠠ

ᠵᠣᠭᠰᠤᠭᠠᠬᠤ ᠶᠢ ᠮᠡᠳᠡᠭᠦᠯᠬᠦ ᠪᠤᠶᠤ ᠢᠯᠴᠢ ᠬᠠᠩᠭᠠᠬᠤ ᠠᠵᠤ ᠠᠬᠤᠶᠢᠯᠠᠯ ᠤᠨ ᠡᠵᠡᠩᠨᠡᠯᠲᠡ ᠶᠢᠨ ᠶᠡᠭᠡ ᠲᠢᠩᠬᠢᠮ ᠳᠤ

ᠬᠦᠷᠴᠦ ᠰᠦᠯᠵᠢᠶᠡᠨ ᠭᠠᠳᠠᠨ᠎ᠠ ᠮᠡᠳᠡᠭᠦᠯᠵᠦ ᠪᠣᠯᠣᠨ᠎ᠠ᠂ ᠭᠡᠷ ᠪᠠᠶᠢᠰᠢᠩ ᠤᠨ ᠥᠮᠴᠢᠯᠡᠬᠦ ᠡᠷᠬᠡ  ᠶᠢᠨ ᠳᠡᠪᠲᠡᠷ ᠪᠠ

ᠭᠡᠷ ᠤᠨ ᠡᠵᠡᠨ ᠤ ᠪᠡᠶ᠎ᠡ ᠶᠢᠨ ᠦᠨᠡᠮᠯᠡᠯ ᠢ ᠬᠠᠩᠭᠠᠵᠤ᠂ ᠵᠣᠭᠰᠤᠭᠠᠬᠤ ᠪᠠᠷ ᠭᠤᠶᠤᠴᠢᠯᠠᠬᠤ ᠬᠦᠰᠦᠨᠦᠭᠲᠦ ᠲᠠᠭᠯᠠᠪᠠᠯ

ᠪᠣᠯᠴᠢᠬᠠᠨ᠎ᠠ᠃ ᠥᠷᠭᠡᠨ ᠣᠯᠠᠨ ᠬᠡᠷᠡᠭᠯᠡᠭᠴᠢᠳ ᠣᠨᠴᠠᠭᠠᠶᠢᠯᠠᠨ ᠠᠩᠬᠠᠷᠤᠭᠠᠷᠠᠢ᠄ ᠮᠠᠨ ᠤ ᠬᠤᠲᠠ ᠶᠢᠨ ᠮᠡᠳᠡᠭᠦᠯᠦᠨ

ᠵᠣᠭᠰᠤᠭᠠᠬᠤ ᠴᠠᠭ ᠨᠢ ᠵᠢᠯ ᠪᠦᠷᠢ ᠶᠢᠨ 7 ᠰᠠᠷ᠎ᠠ ᠶᠢᠨ 1 ᠤ ᠡᠳᠦᠷ ᠠᠴᠠ 8 ᠰᠠᠷ᠎ᠠ ᠶᠢᠨ 31 ᠤ ᠡᠳᠦᠷ ᠪᠣᠯᠣᠨ᠎ᠠ᠂

 ᠳᠤᠯᠠᠭᠠᠯᠠᠭ᠎ᠠ ᠵᠣᠭᠰᠤᠭᠠᠬᠤ ᠳᠤ ᠵᠢᠯ ᠪᠦᠷᠢ ᠮᠡᠳᠡᠭᠦᠯᠬᠦ ᠴᠢᠬᠤᠯᠠᠲᠠᠢ᠃

    ᠡᠯ᠎ᠡ ᠢᠯᠴᠢ ᠬᠠᠩᠭᠠᠬᠤ ᠠᠵᠤ ᠠᠬᠤᠶᠢᠯᠠᠯ ᠤᠨ ᠦᠢᠯᠡᠴᠢᠯᠡᠭᠡᠨ ᠤ ᠤᠲᠠᠰᠤ ᠵᠢᠴᠢ ᠡᠵᠡᠩᠨᠡᠯᠲᠡ ᠶᠢᠨ

ᠲᠢᠩᠬᠢᠮ ᠤᠨ ᠪᠠᠶᠢᠷᠢᠰᠢᠯ

1. ᠰᠢᠯᠢ ᠶᠢᠨ ᠭᠤᠣᠯ ᠤᠨ ᠢᠯᠴᠢ ᠴᠠᠬᠢᠯᠭᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ        ᠦᠢᠯᠡᠴᠢᠯᠡᠬᠦ

ᠤᠲᠠᠰᠤ᠄ 0479-2431000

    ᠡᠵᠡᠩᠨᠡᠯᠲᠡ ᠶᠢᠨ ᠦᠢᠯᠡᠴᠢᠯᠡᠭᠡᠨ ᠤ ᠲᠢᠩᠬᠢᠮ ᠤᠨ ᠬᠠᠶ᠋ᠢᠭ᠄ ᠴᠠᠬᠠᠷ ᠶᠡᠭᠡ ᠵᠡᠭᠡᠯᠢ ᠶᠢᠨ ᠤᠤᠯ ᠤᠨ ᠨᠢᠭᠡᠳᠦᠭᠡᠷ

ᠴᠠᠬᠢᠯᠭᠠᠨ ᠦᠢᠯᠡᠳᠪᠦᠷᠢ ᠶᠢᠨ ᠡᠰᠡᠷᠭᠦ ᠲᠠᠯ᠎ᠠ

    ᠥᠪᠥᠷ ᠮᠣᠩᠭᠤᠯ ᠤᠨ ᠡᠨᠧᠷᠭᠢ ᠶᠢᠨ ᠴᠠᠬᠢᠯᠭᠠᠨ ᠭᠠᠷᠭᠠᠯᠲᠠ ᠶᠢᠨ ᠪᠡᠯᠡ ᠣᠷᠣᠭᠤᠯᠤᠯᠲᠠ ᠶᠢᠨ ᠪᠦᠯᠦᠭᠯᠡᠯ ᠤᠨ

ᠬᠢᠵᠠᠭᠠᠷᠲᠤ ᠺᠣᠮᠫᠠᠨᠢ ᠶᠢᠨ ᠰᠢᠯᠢ ᠶᠢᠨ ᠬᠤᠲᠠ ᠶᠢᠨ ᠢᠯᠴᠢ ᠴᠠᠬᠢᠯᠭᠠᠨ ᠤ ᠺᠣᠮᠫᠠᠨᠢ        ᠦᠢᠯᠡᠴᠢᠯᠡᠬᠦ ᠤᠲᠠᠰᠤ᠄  

     0479-6841122        0479-6931122

    ᠡᠵᠡᠩᠨᠡᠯᠲᠡ ᠶᠢᠨ ᠦᠢᠯᠡᠴᠢᠯᠡᠭᠡᠨ ᠤ ᠲᠢᠩᠬᠢᠮ ᠤᠨ ᠬᠠᠶ᠋ᠢᠭ᠄ ᠰᠢ ᠯᠢᠨ ᠸᠠᠨ ᠰᠠᠭᠤᠭᠠᠯᠢ ᠲᠣᠭᠤᠷᠢᠭ ᠤᠨ

ᠪᠠᠷᠠᠭᠤᠨ ᠡᠭᠦᠳᠡᠨ ᠤ ᠡᠮᠦᠨ᠎ᠡ 100 ᠮᠧᠲᠷ

2. ᠰᠢᠨ ᠴᠧᠨ ᠢᠯᠴᠢ ᠬᠠᠩᠭᠠᠬᠤ ᠺᠣᠮᠫᠠᠨᠢ   ᠦᠢᠯᠡᠴᠢᠯᠡᠬᠦ ᠤᠲᠠᠰᠤ᠄       0479-6950068      

0479-8261999

    ᠡᠵᠡᠩᠨᠡᠯᠲᠡ ᠶᠢᠨ ᠦᠢᠯᠡᠴᠢᠯᠡᠭᠡᠨ ᠤ ᠲᠢᠩᠬᠢᠮ ᠤᠨ ᠬᠠᠶ᠋ᠢᠭ᠄ ᠰᠢᠯᠢᠨ ᠶᠡᠭᠡ ᠵᠡᠭᠡᠯᠢ ᠶᠢᠨ ᠬᠤᠶᠢᠲᠤ ᠰᠠᠶᠢᠬᠠᠨ

ᠵᠠᠮ ᠤᠨ ᠪᠠᠷᠠᠭᠤᠨ ᠲᠠᠯ᠎ᠠ ᠶᠢᠨ ᠰᠢ ᠵᠢᠶᠦ᠋ᠨ‌ᠣᠯᠠᠨ ᠤᠯᠤᠰ ᠤᠨ ᠲᠠᠯᠠᠪᠠᠶ ᠶᠢᠨ C2 ᠨᠣᠮᠧᠷᠲᠤ ᠬᠤᠳᠠᠯᠳᠤᠭᠠᠨ ᠤ

ᠠᠰᠠᠷ ᠤᠨ  ᠳᠣᠣᠷ᠎ᠠ

3.ᠶᠦᠨ ᠰᠢᠶᠠᠨ ᠢᠯᠴᠢ ᠶᠢᠨ ᠬᠦᠴᠦᠨ ᠤ ᠺᠣᠮᠫᠠᠨᠢ  ᠦᠢᠯᠡᠴᠢᠯᠡᠬᠦ ᠤᠲᠠᠰᠤ᠄13190578292

    ᠡᠵᠡᠩᠨᠡᠯᠲᠡ ᠶᠢᠨ ᠦᠢᠯᠡᠴᠢᠯᠡᠭᠡᠨ ᠤ ᠲᠢᠩᠬᠢᠮ ᠤᠨ ᠬᠠᠶ᠋ᠢᠭ᠄ ᠠᠭᠠᠷ ᠤᠨ ᠭᠠᠷᠠᠮ ᠤᠨ ᠪᠠᠷᠠᠭᠠᠨ ᠤ ᠭᠦᠢᠯᠭᠡᠭᠡᠨ ᠤ

ᠬᠦᠷᠢᠶᠡᠯᠡᠩ ᠲᠣᠭᠤᠷᠢᠭ ᠤᠨ  ᠳᠣᠲᠣᠷ᠎ᠠ

ᠬᠠᠯᠠᠭᠤᠨ ᠳᠣᠲᠣᠨᠣ ᠰᠠᠨᠠᠭᠤᠯᠤᠮᠵᠢ

    ᠨᠢᠭᠡ ᠳᠤ᠂ ︽ᠥᠪᠥᠷ ᠮᠣᠩᠭᠤᠯ   ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤ ᠶᠢᠨ ᠢᠯᠴᠢ

ᠬᠠᠩᠭᠠᠬᠤ ᠳᠦᠷᠢᠮ︾ ᠤᠨ ᠭᠤᠴᠢᠨ ᠵᠢᠷᠭᠤᠳᠤᠭᠠᠷ ᠵᠦᠢᠯ ᠢ ᠦᠨᠳᠦᠰᠦᠯᠡᠪᠡᠯ᠄ ᠳᠣᠣᠷ᠎ᠠ ᠵᠢᠭᠰᠠᠭᠠᠭᠰᠠᠨ ᠪᠠᠶᠢᠳᠠᠯ  

 ᠠᠴᠠ ᠨᠢᠭᠡ ᠨᠢ ᠪᠠᠶᠢᠪᠠᠯ᠂  ᠳᠤᠯᠠᠭᠠᠯᠠᠭ᠎ᠠ ᠶᠢ ᠵᠣᠭᠰᠣᠭᠠᠵᠤ ᠪᠣᠯᠬᠤ ᠦᠭᠡᠢ ︵ᠨᠢᠭᠡ︶ ᠰᠢᠨ᠎ᠡ ᠪᠠᠷ ᠪᠠᠶᠢᠭᠤᠯᠤᠭᠰᠠᠨ

ᠪᠠᠷᠢᠯᠭ᠎ᠠ ᠶᠢ ᠲᠤᠰᠢᠶᠠᠨ ᠥᠭᠴᠦ ᠬᠡᠷᠡᠭᠯᠡᠭᠦᠯᠦᠭᠰᠡᠨ ᠤ ᠳᠠᠷᠠᠭᠠᠬᠢ ᠨᠢᠭᠡᠳᠦᠭᠡᠷ ᠢᠯᠴᠢ ᠬᠠᠩᠭᠠᠬᠤ ᠬᠤᠭᠤᠴᠠᠭᠠᠨ

 ᠳᠠᠬᠢ ᠬᠡᠷᠡᠭᠯᠡᠭᠴᠢᠳ︔ ︵ᠬᠤᠶᠠᠷ︶  ᠳᠤᠯᠠᠭᠠᠯᠠᠭ᠎ᠠ ᠶᠢ ᠵᠣᠭᠰᠣᠭᠠᠪᠠᠯ ᠣᠯᠠᠨ ᠨᠡᠶᠢᠲᠡ ᠶᠢᠨ ᠲᠥᠬᠦᠭᠡᠷᠦᠮᠵᠢ ᠶᠢᠨ

ᠠᠮᠤᠷ ᠲᠦᠪᠰᠢᠨ ᠠᠵᠢᠯᠯᠠᠭᠠᠨ ᠢ ᠬᠤᠬᠢᠷᠠᠭᠤᠯᠵᠤ ᠮᠡᠳᠡᠬᠦ︔︵ᠭᠤᠷᠪᠠ︶ ᠳᠤᠯᠠᠭᠠᠯᠠᠭ᠎ᠠ ᠶᠢ ᠵᠣᠭᠰᠣᠭᠠᠪᠠᠯ ᠬᠥᠷᠰᠢ

ᠵᠡᠷᠭᠡᠯᠡᠳᠡᠭᠡ ᠢᠯᠴᠢ ᠬᠡᠷᠡᠭᠯᠡᠬᠦ ᠡᠷᠥᠭᠡ ᠶᠢᠨ ᠬᠡᠪ ᠤᠨ ᠶᠣᠰᠣᠭᠠᠷ ᠢᠯᠴᠢ ᠬᠡᠷᠡᠭᠯᠡᠬᠦ ᠶᠢ ᠨᠥᠯᠥᠭᠡᠯᠡᠵᠦ ᠮᠡᠳᠡᠬᠦ᠃

ᠳᠡᠭᠡᠷᠡᠬᠢ ᠨᠥᠬᠦᠴᠡᠯ ᠤᠨ ᠨᠢᠭᠡ ᠳᠤᠨᠢ ᠨᠡᠶᠢᠴᠡᠬᠦ  ᠬᠡᠷᠡᠭᠯᠡᠭᠴᠢᠳ ᠲᠣᠰ ᠵᠢᠯ ᠳᠤ ᠳᠤᠯᠠᠭᠠᠯᠠᠭ᠎ᠠ ᠵᠣᠭᠰᠤᠭᠠᠬᠤ

ᠲᠤᠬᠠᠶᠢᠯᠠᠭᠰᠠᠨ ᠠᠵᠢᠯ ᠢ ᠭᠦᠢᠴᠡᠳᠬᠡᠬᠦ ᠪᠠᠷ ᠭᠤᠶᠤᠴᠢᠯᠠᠵᠤ ᠪᠣᠯᠬᠤ ᠦᠭᠡᠢ᠃

    ᠬᠤᠶᠠᠷ ᠲᠤ᠂ ᠠᠶᠢᠮᠠᠭ ᠬᠤᠲᠠ ᠶᠢᠨ ︽ᠬᠤᠲᠠ ᠪᠠᠯᠭᠠᠰᠤᠨ ᠤ ᠢᠯᠴᠢ ᠬᠠᠩᠭᠠᠬᠤ ᠶᠢ ᠮᠡᠳᠡᠭᠦᠯᠦᠨ ᠵᠣᠭᠰᠤᠭᠠᠬᠤ

ᠭᠠᠷᠳᠠᠮ ᠢ ᠭᠦᠢᠴᠡᠳᠬᠡᠬᠦ ᠶᠢ ᠰᠢᠯᠢᠳᠡᠭᠵᠢᠭᠦᠯᠬᠦ ᠲᠥᠰᠥᠯ︾ ᠤᠨ ᠲᠣᠭᠲᠠᠭᠠᠯ ᠢ ᠦᠨᠳᠦᠰᠦᠯᠡᠨ᠂ ᠬᠠᠯᠠᠭᠤᠨ ᠤ

ᠬᠡᠷᠡᠭᠯᠡᠭᠴᠢ ᠶᠢᠨ ᠰᠢᠯᠲᠠᠭᠠᠨ   ᠠᠴᠠ ᠪᠣᠯᠵᠤ ᠬᠤᠭᠤᠯᠠᠢ ᠶᠢ ᠬᠠᠭᠠᠵᠤ ᠪᠥᠭᠯᠡᠵᠦ ᠳᠡᠶᠢᠯᠬᠦ ᠦᠭᠡᠢ ᠪᠤᠶᠤ ᠡᠷᠦᠬᠡ ᠳᠤ

ᠣᠷᠣᠬᠤ ᠳᠤᠯᠠᠭᠠᠮᠵᠢ ᠶᠢᠨ ᠣᠨᠢᠰᠤᠨ ᠨᠡᠭᠡᠯᠡᠭᠡᠢ ᠶᠢ ᠤᠭᠰᠠᠷᠠᠵᠤ ᠳᠡᠶᠢᠯᠬᠦ ᠦᠭᠡᠢ ︵ᠵᠢᠱᠢᠶᠡᠯᠡᠪᠡᠯ ᠨᠡᠭᠡᠯᠡᠭᠡᠢ ᠨᠢ

ᠬᠡᠷᠡᠭᠯᠡᠭᠴᠢ ᠶᠢᠨ ᠥᠷᠥᠭᠡᠨ ᠳᠤ ᠪᠠᠶᠢᠬᠤ᠂ ᠢᠯᠴᠢ ᠬᠠᠩᠭᠠᠬᠤ ᠰᠢᠰᠲ᠋ᠧᠮ ᠨᠢ ᠡᠷᠦᠬᠡ ᠬᠤᠪᠢᠶᠠᠨ ᠡᠵᠡᠮᠳᠡᠬᠦ ᠪᠠ

ᠲᠠᠰᠤᠯᠬᠤ ᠶᠢᠨ ᠠᠷᠭ᠎ᠠ ᠦᠭᠡᠢ ᠪᠠᠶᠢᠬᠤ᠂ ᠬᠡᠷᠡᠭᠯᠡᠭᠴᠢ ᠨᠢ ᠨᠡᠭᠡᠯᠡᠭᠡᠢ ᠶᠢᠨ ᠬᠤᠳᠳᠤᠭ ᠢ ᠲᠠᠰᠣ ᠪᠢᠲᠡᠭᠦᠮᠵᠢᠯᠡᠬᠦ᠂

ᠬᠡᠷᠡᠭᠯᠡᠭᠴᠢ ᠨᠢ ᠠᠰᠠᠷ ᠤᠨ ᠭᠤᠳᠤᠮᠵᠢ ᠳᠤ ᠬᠤᠯᠠᠭᠠᠢ ᠶᠢ ᠰᠡᠷᠭᠡᠶᠢᠯᠡᠬᠦ ᠡᠭᠦᠳᠡ ᠨᠡᠮᠡᠵᠦ ᠤᠭᠰᠠᠷᠠᠬᠤ ᠪᠤᠶᠤ

ᠬᠡᠷᠡᠭᠯᠡᠭᠴᠢ ᠶᠢᠨ ᠨᠡᠭᠡᠯᠡᠭᠡᠢ ᠶᠢᠨ ᠲᠥᠬᠦᠭᠡᠷᠦᠮᠵᠢ ᠨᠢ ᠵᠢᠪᠡᠷᠡᠵᠦ ᠬᠠᠭᠤᠴᠢᠷᠠᠬᠤ ᠵᠡᠷᠭᠡ ᠰᠢᠯᠲᠠᠭᠠᠨ  ᠠᠴᠠ ᠪᠣᠯᠵᠤ

ᠠᠵᠢᠯᠯᠠᠬᠤ ᠶᠢᠨ ᠠᠷᠭ᠎ᠠ ᠦᠭᠡᠢ ᠪᠠᠶᠢᠬᠤ︶᠃ ᠢᠯᠴᠢ ᠬᠠᠩᠭᠠᠬᠤ ᠨᠢᠭᠡᠴᠡ ᠲᠤᠬᠠᠢ ᠶᠢᠨ ᠭᠠᠵᠠᠷ ᠲᠤᠨᠢ ᠬᠢᠨᠠᠨ

ᠬᠠᠷᠭᠤᠭᠤᠯᠤᠭᠰᠠᠨ ᠤ ᠳᠠᠷᠠᠭ᠎ᠠ ᠪᠢᠴᠢᠭ ᠮᠠᠲ᠋ᠧᠷᠢᠶᠠᠯ ᠢᠶᠠᠷ ᠪᠤᠶᠤ ᠤᠲᠠᠰᠤ ᠪᠠᠷ ᠢᠯᠴᠢ ᠬᠡᠷᠡᠭᠯᠡᠭᠴᠢ ᠳᠤ ᠮᠡᠳᠡᠭᠳᠡᠵᠦ᠂

ᠢᠯᠴᠢ ᠬᠡᠷᠡᠭᠯᠡᠭᠴᠢ ᠠᠴᠠ ᠬᠤᠭᠤᠯᠠᠢ ᠶᠢ ᠨᠢ ᠥᠪᠡᠷ ᠢᠶᠠᠨ ᠲᠡᠰᠦᠯᠦᠨ ᠪᠢᠲᠡᠭᠦᠮᠵᠢᠯᠡᠨ᠎ᠡ᠂ ᠢᠯᠴᠢ ᠬᠠᠩᠭᠠᠬᠤ ᠨᠢᠭᠡᠴᠡ

  ᠶᠢᠨ ᠰᠢᠯᠭᠠᠯᠲᠠ ᠳᠤ ᠬᠢᠷᠢ ᠲᠡᠩᠴᠡᠭᠰᠡᠨ ᠤ ᠳᠠᠷᠠᠭ᠎ᠠ᠂  ᠳᠤᠯᠠᠭᠠᠯᠠᠭ᠎ᠠ ᠵᠣᠭᠰᠤᠭᠠᠬᠤ ᠵᠥᠪᠯᠡᠯᠴᠡᠭᠡᠷ ᠨᠢ ᠳᠠᠷᠤᠢ

ᠬᠦᠴᠦᠨ ᠲᠠᠢ ᠪᠣᠯᠣᠨ᠎ᠠ᠃

 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号