ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠭᠦᠨ ᠡᠳ᠋ᠰᠢᠭᠦᠯᠬᠦ ᠶᠢ ᠳᠡᠮᠵᠢᠬᠦ ᠲᠤᠬᠠᠢ ᠠᠷᠭ᠎ᠠ ᠬᠡᠮᠵᠢᠶ᠎ᠡ ᠨᠦᠭᠦᠳ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠳᠠᠷᠤᠮᠠᠯᠯᠠᠨ ᠶᠠᠪᠤᠭᠤᠯᠬᠤ ᠮᠡᠳᠡᠭᠳᠡᠯ
ᠨᠡᠶᠢᠲᠡᠯᠡᠭᠰᠡᠨ ᠴᠠᠭ᠄
2024/9/11

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ

ᠪᠢᠴᠢᠭ ᠮᠠᠲ᠋ᠧᠷᠢᠶᠠᠯ

 ᠥᠪᠥᠷ ᠵᠠᠰᠠᠭ ᠠᠯᠪᠠᠨ ᠲᠠᠷᠬᠠᠭᠠᠭᠰᠠᠨ ﹇2024﹈ 10 ᠳ᠋ᠤᠭᠠᠷ ᠲᠣᠭᠠᠲᠤ

ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠭᠦᠨ ᠡᠳ᠋ᠰᠢᠭᠦᠯᠬᠦ ᠶᠢ ᠳᠡᠮᠵᠢᠬᠦ ᠲᠤᠬᠠᠢ

ᠠᠷᠭ᠎ᠠ ᠬᠡᠮᠵᠢᠶ᠎ᠡ ᠨᠦᠭᠦᠳ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ

ᠣᠷᠳᠣᠨ ᠤ ᠠᠯᠪᠠᠨ ᠲᠢᠩᠬᠢᠮ ᠤᠨ ᠳᠠᠷᠤᠮᠠᠯᠯᠠᠨ ᠶᠠᠪᠤᠭᠤᠯᠬᠤ ᠮᠡᠳᠡᠭᠳᠡᠯ

ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ

ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄

    ︽ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠭᠦᠨ ᠡᠳ᠋ᠰᠢᠭᠦᠯᠬᠦ ᠶᠢ ᠳᠡᠮᠵᠢᠬᠦ

ᠲᠤᠬᠠᠢ ᠠᠷᠭ᠎ᠠ ᠬᠡᠮᠵᠢᠶ᠎ᠡ ᠨᠦᠭᠦᠳ︾ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ

ᠵᠥᠪᠰᠢᠶᠡᠷᠡᠭᠦᠯᠦᠭᠡᠳ᠂ ᠡᠳᠦᠭᠡ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂

ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃

               2024 ᠣᠨ ᠤ 2 ᠳ᠋ᠤᠭᠠᠷ ᠰᠠᠷ᠎ᠠ ᠶᠢᠨ 25 ᠤ ᠡᠳᠦᠷ

               ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶

ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠭᠦᠨ ᠡᠳ᠋ᠰᠢᠭᠦᠯᠬᠦ ᠶᠢ ᠳᠡᠮᠵᠢᠬᠦ ᠲᠤᠬᠠᠢ

ᠠᠷᠭ᠎ᠠ ᠬᠡᠮᠵᠢᠶ᠎ᠡ ᠨᠦᠭᠦᠳ

    ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ

ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ

ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠭᠦᠨ ᠡᠳ᠋ᠰᠢᠭᠦᠯᠬᠦ ᠶᠢᠨ ᠳᠤᠲᠠᠭᠤᠳᠠᠯ ᠢ

ᠲᠦᠷᠭᠡᠳᠬᠡᠨ ᠨᠥᠬᠦᠪᠦᠷᠢᠯᠡᠵᠦ᠂ ᠬᠡᠪᠴᠢᠶᠡᠵᠢᠭᠦᠯᠦᠨ᠂ ᠠᠵᠤ ᠦᠢᠯᠡᠰᠵᠢᠭᠦᠯᠦᠨ᠂ ᠲᠥᠷᠥᠯ ᠲᠡᠮᠳᠡᠭᠵᠢᠭᠦᠯᠦᠨ

ᠬᠥᠭᠵᠢᠭᠦᠯᠬᠦ ᠶᠢ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ

ᠦᠢᠯᠡᠳᠬᠦᠨ ᠤ ᠥᠷᠲᠡᠭ ᠢ ᠲᠦᠮᠡᠨ ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠶᠢ ᠲᠦᠷᠭᠡᠬᠡᠨ ᠪᠡᠶᠡᠯᠡᠭᠦᠯᠵᠦ᠂

ᠲᠠᠷᠢᠶᠠᠯᠠᠩ ᠮᠠᠯ ᠠᠵᠤ ᠠᠬᠤᠢ ᠶᠢᠨ ᠲᠠᠯ᠎ᠠ ᠪᠠᠷ ᠭᠠᠷᠤᠯᠲᠠ ᠶᠢᠨ ᠲᠣᠮᠣ ᠣᠷᠣᠨ ᠪᠠᠶᠢᠭᠰᠠᠨ ᠠᠴᠠ ᠠᠵᠤ ᠦᠢᠯᠡᠰ ᠤᠨ

ᠬᠦᠴᠦᠷᠬᠡᠭ ᠣᠷᠣᠨ ᠲᠡᠶᠢᠰᠢ ᠬᠤᠪᠢᠷᠠᠭᠤᠯᠬᠤ ᠶᠢ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ

ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠳᠣᠣᠷᠠᠬᠢ ᠮᠡᠲᠦ ᠠᠷᠭ᠎ᠠ ᠬᠡᠮᠵᠢᠶ᠎ᠡ ᠨᠦᠭᠦᠳ ᠢ ᠲᠣᠭᠲᠠᠭᠠᠪᠠ᠃

    ᠨᠢᠭᠡ᠂ ᠣᠳᠣ ᠪᠠᠶᠢᠭ᠎ᠠ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠲᠡᠳᠬᠦᠨ᠎ᠡ

    2024 ᠣᠨ ︵ᠪᠠᠭᠲᠠᠨ᠎ᠠ︶ ᠠᠴᠠ ᠬᠤᠶᠢᠰᠢ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ᠂ ᠬᠡᠪᠴᠢᠶ᠎ᠡ ᠪᠠᠨ

ᠥᠷᠭᠡᠳᠬᠡᠨ ᠦᠢᠯᠡᠳᠪᠦᠷᠢᠯᠡᠯ ᠢᠶᠠᠨ ᠨᠡᠮᠡᠭᠳᠡᠭᠦᠯᠬᠦ ᠵᠡᠷᠭᠡ ᠠᠷᠭ᠎ᠠ ᠮᠠᠶ᠋ᠢᠭ ᠢᠶᠠᠷ ᠣᠨ ᠤ ᠭᠤᠣᠯ ᠡᠵᠡᠩᠨᠡᠯᠲᠡ ᠶᠢᠨ

ᠲᠤᠬᠠᠶᠢᠯᠠᠭᠰᠠᠨ ᠠᠵᠢᠯ ᠤᠨ ᠣᠷᠣᠯᠭ᠎ᠠ ᠪᠠᠨ 2 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠦᠭᠦᠯᠦᠭᠰᠡᠨ

ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠭᠦᠨ ᠡᠳ᠋ᠰᠢᠭᠦᠯᠬᠦ ᠠᠵᠤ  ᠠᠬᠤᠶᠢᠯᠠᠯ ᠳᠤ᠂

ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠵᠥᠪᠰᠢᠶᠡᠷᠡᠨ

ᠪᠠᠶᠢᠭᠤᠯᠤᠭᠰᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠭᠦᠢᠯᠭᠡᠭᠡᠨ ᠤ ᠪᠡᠯᠡ ᠮᠥᠩᠭᠦ᠂ ᠰᠢᠨᠵᠢᠯᠡᠬᠦ ᠤᠬᠠᠭᠠᠨ

ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠬᠦ ᠪᠡᠯᠡ ᠮᠥᠩᠭᠦ ᠶᠢ ᠵᠢᠭᠡᠯᠡᠵᠦ ᠣᠷᠣᠭᠤᠯᠤᠨ᠂ ᠨᠢᠭᠡ ᠵᠢᠯ ᠤᠨ

ᠬᠤᠭᠤᠴᠠᠭ᠎ᠠ ᠲᠠᠢ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠮᠡᠳᠡᠭᠦᠯᠦᠭᠰᠡᠨ ᠦᠨ᠎ᠡ ᠶᠢᠨ ᠬᠦᠦ ᠮᠥᠩᠭᠦ ᠶᠢᠨ ᠨᠣᠷᠮ᠎ᠠ

︵LPR︶ ᠶᠢᠨ 70% ᠪᠠᠷ ᠲᠡᠷᠡᠴᠢᠯᠡᠨ 2% ᠶᠢ ᠥᠯᠥ ᠬᠡᠲᠦᠷᠡᠬᠦ ᠬᠦᠦ ᠮᠥᠩᠭᠦ ᠶᠢᠨ ᠨᠣᠷᠮ᠎ᠠ ᠶᠣᠰᠣᠭᠠᠷ᠂ ᠵᠢᠯ

ᠪᠦᠷᠢ 200 ᠲᠦᠮᠡᠨ ᠲᠥᠭᠦᠷᠢᠭ ᠠᠴᠠ ᠥᠯᠥ ᠳᠠᠪᠠᠭᠤ ᠳᠠᠮ ᠬᠦᠦ ᠶᠢᠨ ᠳᠡᠮᠵᠢᠯᠭᠡ ᠣᠯᠭᠤᠵᠤ᠂ ᠲᠡᠭᠦᠨ ᠢ

ᠲᠠᠷᠢᠶᠠᠯᠠᠩ ᠤᠨ ᠠᠵᠤ ᠦᠢᠯᠡᠰᠵᠢᠭᠰᠡᠨ ᠤᠯᠤᠰ ᠤᠨ ᠭᠤᠣᠯᠳᠠᠯᠭ᠎ᠠ ᠲᠠᠢ ᠬᠥᠲᠥᠴᠢ ᠠᠵᠤ ᠠᠬᠤᠶᠢᠯᠠᠯ ᠪᠠ

ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠵᠢᠱᠢᠶᠡᠴᠢ

ᠬᠤᠯᠪᠣᠭᠠᠲᠤ ᠴᠣᠭᠴᠠ ᠪᠠᠷ ᠦᠨᠡᠮᠰᠢᠭᠦᠯᠬᠦ ᠶᠢ ᠨᠢ ᠵᠣᠷᠢᠭᠵᠢᠭᠤᠯᠤᠨ᠎ᠠ᠃ ᠰᠢᠨ᠎ᠡ ᠪᠠᠷ ᠦᠨᠡᠮᠰᠢᠭᠰᠡᠨ ᠲᠠᠷᠢᠶᠠᠯᠠᠩ ᠤᠨ

ᠠᠵᠤ ᠦᠢᠯᠡᠰᠵᠢᠭᠰᠡᠨ ᠤᠯᠤᠰ ᠤᠨ ᠭᠤᠣᠯᠳᠠᠯᠭ᠎ᠠ ᠲᠠᠢ ᠬᠥᠲᠥᠴᠢ ᠠᠵᠤ ᠠᠬᠤᠶᠢᠯᠠᠯ ᠳᠤ ᠨᠢᠭᠡ ᠯᠡ ᠤᠳᠠᠭ᠎ᠠ ᠶᠢᠨ

ᠴᠢᠨᠠᠷᠲᠠᠢ 50 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ ᠤᠯᠤᠰ ᠤᠨ ᠲᠠᠰ ᠤᠨ ᠠᠵᠤ ᠦᠢᠯᠡᠰᠵᠢᠭᠰᠡᠨ

ᠬᠥᠲᠥᠴᠢ ᠠᠵᠤ ᠠᠬᠤᠶᠢᠯᠠᠯ ᠤᠨ ᠨᠢᠭᠡᠳ ᠨᠢᠭᠡ ᠪᠠᠷ ᠲᠡᠳᠬᠦᠬᠦ ᠲᠣᠭᠲᠠᠴᠠ ᠶᠢ ᠪᠠᠶᠢᠭᠤᠯᠵᠤ᠂ ᠡᠬᠢ ᠪᠠᠶᠠᠯᠢᠭ ᠤᠨ

ᠬᠦᠴᠦᠨ ᠢ ᠲᠥᠪᠯᠡᠷᠡᠭᠦᠯᠦᠨ᠂ ︽ᠨᠢᠭᠡ ᠠᠵᠤ ᠠᠬᠤᠶᠢᠯᠠᠯ ᠳᠤ ᠨᠢᠭᠡ ᠲᠥᠷᠥ ᠶᠢᠨ ᠪᠣᠳᠣᠯᠭ᠎ᠠ︾ ᠪᠠᠷ ᠠᠵᠤ

ᠠᠬᠤᠶᠢᠯᠠᠯ ᠳᠤ ᠲᠤᠯᠭᠠᠷᠠᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠨᠢ ᠰᠢᠢᠳᠪᠦᠷᠢᠯᠡᠨ᠎ᠡ᠃ ﹇ᠬᠠᠷᠢᠭᠤᠴᠠᠯᠭᠠᠲᠤ

ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ

ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠡᠳ᠋ ᠤᠨ ᠵᠠᠰᠠᠭ ᠤᠨ

ᠲᠢᠩᠬᠢᠮ﹈

    ᠬᠤᠶᠠᠷ᠂ ᠨᠠᠷᠢᠯᠢᠭ ᠭᠦᠨ ᠡᠳ᠋ᠰᠢᠭᠦᠯᠬᠦ ᠠᠵᠤ ᠠᠬᠤᠶᠢᠯᠠᠯ ᠢ ᠶᠡᠭᠡ ᠪᠠᠷ ᠣᠷᠣᠭᠤᠯᠤᠨ ᠠᠪᠴᠢᠷᠠᠨ᠎ᠠ

    ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠬᠠᠮᠢᠶ᠎ᠠ ᠪᠦᠬᠦᠢ ᠪᠡᠯᠡ ᠮᠥᠩᠭᠦ ᠶᠢ ᠨᠢᠭᠡᠳᠦᠯᠲᠡᠢ

ᠲᠥᠯᠥᠪᠯᠡᠵᠦ᠂ ᠣᠷᠣᠭᠤᠯᠤᠨ ᠠᠪᠴᠢᠷᠠᠭᠰᠠᠨ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠨᠢ ᠦᠨᠳᠦᠰᠦᠯᠡᠨ

ᠪᠠᠷᠢᠮᠵᠢᠶᠠᠵᠢᠭᠤᠯᠤᠨ ᠦᠢᠯᠡᠳᠪᠦᠷᠢᠯᠡᠬᠦ ᠳᠤ ᠨᠡᠶᠢᠴᠡᠭᠰᠡᠨ ᠦᠢᠯᠡᠳᠪᠦᠷᠢ ᠶᠢᠨ ᠭᠡᠷ ᠪᠠᠶᠢᠰᠢᠩ ᠢ ᠪᠠᠶᠢᠭᠤᠯᠵᠤ᠂ ᠨᠠᠷᠢᠯᠢᠭ

ᠭᠦᠨ ᠡᠳ᠋ᠰᠢᠭᠦᠯᠬᠦ ᠲᠥᠬᠦᠭᠡᠷᠦᠮᠵᠢ ᠬᠤᠳᠠᠯᠳᠤᠨ ᠠᠪᠴᠤ᠂ ᠣᠷᠣᠭᠤᠯᠤᠨ ᠠᠪᠴᠢᠷᠠᠭᠰᠠᠨ ᠪᠥᠭᠡᠳ ᠥᠪᠡᠷᠲᠡᠭᠡᠨ

ᠵᠠᠰᠠᠬᠤ ᠣᠷᠣᠨ ᠳᠤ ᠰᠢᠨ᠎ᠡ ᠪᠠᠷ ᠳᠠᠩᠰᠠᠯᠠᠭᠤᠯᠤᠭᠰᠠᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ

ᠨᠠᠷᠢᠯᠢᠭ ᠭᠦᠨ ᠡᠳ᠋ᠰᠢᠭᠦᠯᠬᠦ ᠠᠵᠤ ᠠᠬᠤᠶᠢᠯᠠᠯ ᠳᠤ ᠲᠦᠷᠢᠶᠡᠰᠦᠯᠡᠨ ᠥᠭᠴᠦ ᠡᠳ᠋ᠰᠢᠭᠦᠯᠦᠨ ᠦᠢᠯᠡᠳᠪᠦᠷᠢᠯᠡᠭᠦᠯᠦᠨ᠎ᠡ᠃

ᠰᠢᠨ᠎ᠡ ᠪᠠᠷ ᠳᠠᠩᠰᠠᠯᠠᠭᠤᠯᠤᠭᠰᠠᠨ ᠮᠥᠷᠲᠡᠭᠡᠨ ᠣᠨ ᠤ ᠭᠤᠣᠯ ᠡᠵᠡᠩᠨᠡᠵᠦ ᠪᠠᠶᠢᠭ᠎ᠠ ᠲᠤᠬᠠᠶᠢᠯᠠᠭᠰᠠᠨ ᠠᠵᠢᠯ ᠤᠨ

ᠣᠷᠣᠯᠭ᠎ᠠ ᠨᠢ 2 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ

ᠰᠢᠮ᠎ᠡ ᠶᠢ ᠨᠠᠷᠢᠯᠢᠭ ᠭᠦᠨ ᠭᠦᠨᠵᠡᠭᠡᠢ ᠡᠳ᠋ᠰᠢᠭᠦᠯᠬᠦ ᠠᠵᠤ ᠠᠬᠤᠶᠢᠯᠠᠯ ᠳᠤ᠂ ᠤᠯᠤᠰ ᠤᠨ ᠮᠥᠩᠭᠦᠨ ᠭᠦᠢᠯᠭᠡᠭᠡᠨ ᠤ

ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠵᠥᠪᠰᠢᠶᠡᠷᠡᠨ ᠪᠠᠶᠢᠭᠤᠯᠤᠭᠰᠠᠨ ᠮᠥᠩᠭᠦᠨ ᠭᠦᠢᠯᠭᠡᠭᠡᠨ ᠤ

ᠪᠠᠶᠢᠭᠤᠯᠤᠮᠵᠢ ᠠᠴᠠ ᠭᠦᠢᠯᠭᠡᠭᠡᠨ ᠤ ᠪᠡᠯᠡ ᠮᠥᠩᠭᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ

ᠨᠡᠭᠡᠭᠡᠬᠦ ᠪᠡᠯᠡ ᠮᠥᠩᠭᠦ ᠵᠢᠭᠡᠯᠡᠨ ᠣᠷᠣᠭᠤᠯᠵᠤ᠂ ᠨᠢᠭᠡ ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠵᠠᠬ᠎ᠠ

ᠳᠡᠯᠭᠡᠭᠦᠷ ᠤᠨ ᠮᠡᠳᠡᠭᠦᠯᠦᠭᠰᠡᠨ  ᠦᠨ᠎ᠡ  ᠶᠢᠨ  ᠬᠦᠦ  ᠶᠢᠨ  ᠨᠤᠷᠮ᠎ᠠ ︵LPR︶ ᠶᠢᠨ 70% ᠪᠠᠷ ᠲᠡᠷᠡᠴᠢᠯᠡᠨ

2% ᠠᠴᠠ ᠦᠯᠦ ᠬᠡᠲᠦᠷᠡᠬᠦ ᠬᠦᠦ ᠶᠢᠨ ᠨᠤᠷᠮ᠎ᠠ ᠪᠠᠷ ᠵᠢᠯ ᠪᠦᠷᠢ 200 ᠲᠦᠮᠡᠨ ᠲᠥᠭᠦᠷᠢᠭ ᠠᠴᠠ ᠦᠯᠦ

ᠬᠡᠲᠦᠷᠡᠬᠦ ᠲᠡᠮ ᠬᠦᠦ ᠶᠢᠨ ᠳᠡᠮᠵᠢᠯᠭᠡ ᠣᠯᠭᠤᠨ᠎ᠠ᠃ ﹇ᠬᠠᠷᠢᠭᠤᠴᠠᠯᠭᠠᠲᠤ   ᠨᠢᠭᠡᠴᠢ᠄ ᠥᠪᠡᠷᠲᠡᠭᠡᠨ ᠵᠠᠰᠠᠬᠤ

ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ

ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠡᠳ᠋ ᠤᠨ ᠵᠠᠰᠠᠭ ᠤᠨ ᠲᠢᠩᠬᠢᠮ﹈

    ᠭᠤᠷᠪᠠ᠂ ᠨᠠᠷᠢᠯᠢᠭ ᠭᠦᠨ ᠡᠳ᠋ᠰᠢᠭᠦᠯᠭᠡ ᠶᠢ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠠᠬᠢᠭᠤᠯᠤᠨ᠎ᠠ

    2024 ᠣᠨ ᠠᠴᠠ ᠬᠤᠶᠢᠰᠢᠬᠢ ᠵᠢᠯ ᠤᠨ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ

 ᠨᠢ 1.6 ᠳ᠋ᠦᠩᠰᠢᠭᠤᠷ ᠲᠥᠭᠦᠷᠢᠭ ᠲᠤ ᠬᠦᠷᠴᠦ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ

ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠵᠥᠪᠰᠢᠶᠡᠷᠡᠨ ᠪᠠᠶᠢᠭᠤᠯᠤᠭᠰᠠᠨ ᠮᠥᠩᠭᠦᠨ ᠭᠦᠢᠯᠭᠡᠭᠡᠨ ᠤ

ᠪᠠᠶᠢᠭᠤᠯᠤᠮᠵᠢ ᠠᠴᠠ ᠰᠢᠨ᠎ᠡ ᠪᠠᠷ ᠪᠠᠶᠢᠭᠤᠯᠤᠭᠰᠠᠨ ᠪᠠ ᠲᠠᠰ ᠳᠡᠪᠰᠢᠭᠦᠯᠦᠨ ᠥᠭᠡᠷᠡᠴᠢᠯᠡᠭᠰᠡᠨ ᠲᠠᠷᠢᠶᠠᠯᠠᠩ ᠤᠨ

ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠨᠠᠷᠢᠯᠢᠭ ᠭᠦᠨ ᠡᠳ᠋ᠰᠢᠭᠦᠯᠬᠦ ᠲᠥᠷᠥᠯ ᠵᠦᠢᠯ ᠤᠨ ᠵᠢᠭᠡᠯᠡᠯᠭᠡ ᠶᠢ

ᠵᠢᠭᠡᠯᠡᠭᠰᠡᠨ ᠠᠵᠤ ᠠᠬᠤᠶᠢᠯᠠᠯ ᠳᠤ᠂ ᠨᠢᠭᠡ ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠵᠠᠬ᠎ᠠ ᠳᠡᠯᠭᠡᠭᠦᠷ ᠤᠨ

ᠮᠡᠳᠡᠭᠦᠯᠦᠭᠰᠡᠨ ᠦᠨ᠎ᠡ ᠶᠢᠨ ᠬᠦᠦ ᠮᠥᠩᠭᠦ ᠶᠢᠨ ᠨᠣᠷᠮ᠎ᠠ ︵LPR︶ ᠶᠢᠨ 70% ᠪᠠᠷ ᠲᠡᠷᠡᠴᠢᠯᠡᠨ 2% ᠠᠴᠠ

ᠥᠯᠥ ᠬᠡᠲᠦᠷᠡᠬᠦ ᠬᠦᠦ ᠮᠥᠩᠭᠦ ᠶᠢᠨ ᠨᠣᠷᠮ᠎ᠠ ᠶᠣᠰᠣᠭᠠᠷ᠂ ᠵᠢᠯ ᠪᠦᠷᠢ 300 ᠲᠦᠮᠡᠨ ᠲᠥᠭᠦᠷᠢᠭ ᠠᠴᠠ ᠥᠯᠥ

ᠳᠠᠪᠠᠭᠤ ᠳᠠᠮ ᠬᠦᠦ ᠶᠢᠨ ᠳᠡᠮᠵᠢᠯᠭᠡ ᠣᠯᠭᠤᠨ᠎ᠠ᠃ ᠵᠢᠯ ᠤᠨ ᠨᠢᠲᠤᠯᠵᠤ ᠡᠳ᠋ᠰᠢᠭᠦᠯᠬᠦ ᠪᠣᠳᠠᠲᠠᠢ ᠬᠡᠮᠵᠢᠶ᠎ᠡ ᠨᠢ 2

ᠲᠦᠮᠡ ᠠᠴᠠ ᠳᠡᠭᠡᠭᠰᠢ ᠠᠯᠠᠰᠢᠨ ᠦᠬᠡᠷ ᠨᠢᠲᠤᠯᠬᠤ ᠠᠵᠤ ᠠᠬᠤᠶᠢᠯᠠᠯ ᠤᠨ ᠲᠤᠬᠠᠢ ᠶᠢᠨ ᠭᠠᠵᠠᠷ ᠤᠨ ᠪᠣᠷᠳᠣᠭᠰᠠᠨ

ᠦᠬᠡᠷ ᠢ ᠬᠤᠳᠠᠯᠳᠤᠨ ᠠᠪᠬᠤ ᠭᠦᠢᠯᠭᠡᠭᠡᠨ ᠤ ᠪᠡᠯᠡ ᠮᠥᠩᠭᠦ ᠶᠢᠨ ᠵᠢᠭᠡᠯᠡᠯᠭᠡ ᠳᠤ᠂ ᠨᠢᠭᠡ ᠵᠢᠯ ᠤᠨ ᠬᠤᠭᠤᠴᠠᠭ᠎ᠠ ᠲᠠᠢ

ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠮᠡᠳᠡᠭᠦᠯᠦᠭᠰᠡᠨ ᠦᠨ᠎ᠡ ᠶᠢᠨ ᠬᠦᠦ ᠮᠥᠩᠭᠦ ᠶᠢᠨ ᠨᠣᠷᠮ᠎ᠠ ︵LPR︶ ᠶᠢᠨ

70% ᠪᠠᠷ ᠲᠡᠷᠡᠴᠢᠯᠡᠨ 2% ᠠᠴᠠ ᠦᠯᠦ ᠬᠡᠲᠦᠷᠡᠬᠦ ᠬᠦᠦ ᠮᠥᠩᠭᠦ ᠶᠢᠨ ᠨᠣᠷᠮ᠎ᠠ ᠪᠠᠷ ᠵᠢᠯ ᠪᠦᠷᠢ 600 ᠲᠦᠮᠡᠨ

ᠲᠥᠭᠦᠷᠢᠭ ᠠᠴᠠ ᠦᠯᠦ ᠬᠡᠲᠦᠷᠡᠬᠦ ᠳᠠᠮ ᠬᠦᠦ ᠶᠢᠨ ᠳᠡᠮᠵᠢᠯᠭᠡ ᠣᠯᠭᠤᠨ᠎ᠠ᠃ ᠠᠯᠠᠰᠢᠨ ᠦᠬᠡᠷ ᠤᠨ ᠠᠵᠤ

ᠠᠬᠤᠶᠢᠯᠠᠯ ᠤᠨ ᠦᠬᠡᠷ ᠤᠨ ᠮᠢᠬᠠᠨ ᠤ  ᠪᠡᠯᠡᠨ ᠵᠠᠭᠤᠰᠢ᠂ ᠴᠢᠳᠬᠤᠭᠰᠠᠨ ᠪᠦᠲᠦᠭᠡᠭᠳᠡᠬᠦᠨ᠂ ᠡᠷᠡᠭᠦᠯᠵᠢᠯ ᠤᠨ ᠡᠳ᠋᠂

ᠢᠳᠡᠪᠬᠢ ᠢᠰᠬᠡᠭᠦᠷ ᠵᠡᠷᠭᠡ ᠰᠢᠨ᠎ᠡ ᠪᠦᠲᠦᠭᠡᠭᠳᠡᠬᠦᠨ ᠰᠢᠨ᠎ᠡ ᠮᠡᠷᠭᠡᠵᠢᠯ ᠢ ᠰᠤᠳᠤᠯᠤᠨ ᠨᠡᠭᠡᠭᠡᠬᠦ ᠪᠠ ᠬᠡᠷᠡᠭᠯᠡᠬᠦ ᠶᠢ ᠨᠢ

ᠳᠡᠮᠵᠢᠨ᠎ᠡ᠃ ᠥᠪᠡᠷᠲᠡᠭᠡᠨ ᠵᠠᠰᠠᠬᠤ ᠣᠷᠣᠨ ᠤ ᠲᠣᠮᠣ ᠬᠡᠯᠪᠡᠷᠢ ᠶᠢᠨ ᠨᠠᠷᠠᠲᠠᠢ ᠠᠵᠤ ᠠᠬᠤᠶᠢᠯᠠᠯ ᠤᠨ ᠠᠯᠠᠰᠢᠨ

ᠦᠬᠡᠷ ᠤᠨ ᠠᠵᠤ ᠦᠢᠯᠡᠰ ᠲᠤ ᠣᠷᠣᠬᠤ ᠶᠢ ᠵᠣᠷᠢᠭᠵᠢᠭᠤᠯᠵᠤ᠂ ᠠᠵᠤ ᠠᠬᠤᠶᠢᠯᠠᠯ ᠤᠨ ᠪᠣᠷᠤᠯᠠᠭᠤᠯᠭ᠎ᠠ ᠶᠢᠨ ᠠᠷᠭ᠎ᠠ

ᠵᠠᠮ᠂ ᠨᠠᠷᠠᠲᠤ ᠲᠥᠷᠥᠯ ᠲᠡᠮᠳᠡᠭ ᠤᠨ ᠳᠠᠪᠠᠭᠤᠯᠢᠭ ᠪᠠ ᠬᠠᠮᠢᠶᠠᠷᠤᠯᠲᠠ ᠶᠢᠨ ᠲᠦᠪᠰᠢᠨ ᠢ ᠠᠰᠢᠭᠯᠠᠨ᠂ ᠪᠥᠬᠦ ᠣᠷᠣᠨ ᠤ

ᠠᠯᠠᠰᠢᠨ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠴᠢᠳᠠᠪᠤᠷᠢ ᠶᠢᠨ ᠳᠡᠰ ᠢ ᠳᠡᠭᠡᠭᠰᠢᠯᠡᠭᠦᠯᠦᠨ᠎ᠡ᠃

﹇ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ

ᠲᠣᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂

ᠡᠳ᠋ ᠤᠨ ᠵᠠᠰᠠᠭ ᠤᠨ ᠲᠢᠩᠬᠢᠮ﹈

    ᠳᠥᠷᠪᠡ᠂ ᠨᠠᠷᠢᠯᠢᠭ ᠭᠦᠨ ᠡᠳ᠋ᠰᠢᠭᠦᠯᠬᠦ ᠠᠵᠤ ᠠᠬᠤᠶᠢᠯᠠᠯ ᠤᠨ ᠬᠦᠷᠢᠶᠡᠯᠡᠩ ᠲᠣᠭᠤᠷᠢᠭ ᠲᠡᠶᠢᠰᠢ ᠲᠥᠪᠯᠡᠷᠡᠬᠦ ᠶᠢ

ᠠᠬᠢᠭᠤᠯᠤᠨ᠎ᠠ

    ᠵᠢᠯ ᠪᠦᠷᠢ ᠨᠠᠷᠢᠯᠢᠭ ᠭᠦᠨ ᠡᠳ᠋ᠰᠢᠭᠦᠯᠬᠦ ᠪᠠᠷ ᠭᠤᠣᠯᠯᠠᠭᠰᠠᠨ ᠥᠪᠡᠷᠲᠡᠭᠡᠨ ᠵᠠᠰᠠᠬᠤ ᠣᠷᠣᠨ ᠤ ᠣᠳᠣ

ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠠᠴᠠ 2 ᠢ ᠰᠢᠯᠢᠵᠦ ᠳᠡᠮᠵᠢᠯᠭᠡ

ᠦᠵᠡᠭᠦᠯᠦᠨ᠎ᠡ᠃ ᠤᠯᠤᠰ ᠤᠨ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ᠡᠭᠦᠳᠦᠨ

ᠪᠠᠶᠢᠭᠤᠯᠬᠤ ᠳᠤ ᠪᠠᠨ᠂ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠭᠦᠨ ᠡᠳ᠋ᠰᠢᠭᠦᠯᠬᠦ ᠪᠠᠷ

ᠭᠤᠣᠯᠯᠠᠭᠰᠠᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠠᠳᠠᠯᠢ ᠨᠥᠬᠦᠴᠡᠯ ᠳᠣᠣᠷ᠎ᠠ ᠡᠩ ᠲᠡᠷᠢᠭᠦᠨ ᠳᠤ

ᠳᠡᠮᠵᠢᠨ᠎ᠡ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠤᠰᠬᠠᠢ ᠪᠡᠯᠡ ᠮᠥᠩᠭᠦ ᠶᠢ ᠬᠡᠷᠡᠭᠯᠡᠬᠦ ᠳᠤ ᠪᠠᠨ᠂

ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠭᠦᠨ ᠡᠳ᠋ᠰᠢᠭᠦᠯᠬᠦ ᠪᠠᠷ ᠭᠤᠣᠯᠯᠠᠭᠰᠠᠨ ᠠᠵᠤ

ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠠᠳᠠᠯᠢ ᠨᠥᠬᠦᠴᠡᠯ ᠳᠣᠣᠷ᠎ᠠ ᠡᠩ ᠲᠡᠷᠢᠭᠦᠨ ᠳᠤ ᠳᠡᠮᠵᠢᠨ᠎ᠡ᠃

﹇ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ

ᠲᠣᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂

ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ﹈

    ᠲᠠᠪᠤ᠂ ᠪᠡᠯᠡᠨ ᠵᠠᠭᠤᠰᠢ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ

    ᠥᠪᠡᠷᠲᠡᠭᠡᠨ ᠵᠠᠰᠠᠬᠤ ᠣᠷᠣᠨ ᠤ ᠠᠵᠤ ᠦᠢᠯᠡᠰᠵᠢᠭᠦᠯᠦᠨ ᠬᠥᠭᠵᠢᠭᠦᠯᠬᠦ ᠪᠡᠯᠡ ᠮᠥᠩᠭᠦ ᠶᠢ ᠨᠢᠭᠡᠳᠦᠯᠲᠡᠢ

ᠲᠥᠯᠥᠪᠯᠡᠵᠦ᠂ ᠵᠢᠯ ᠪᠦᠷᠢ ᠥᠪᠡᠷᠲᠡᠭᠡᠨ ᠵᠠᠰᠠᠬᠤ ᠣᠷᠣᠨ ᠤ ᠪᠡᠯᠡᠨ ᠵᠠᠭᠤᠰᠢ ᠶᠢᠨ ᠵᠠᠮᠴᠢ ᠠᠵᠤ ᠠᠬᠤᠶᠢᠯᠠᠯ᠂

ᠰᠦᠯᠵᠢᠶᠡᠨ ᠳᠡᠭᠡᠷ᠎ᠡ ᠪᠣᠷᠣᠯᠠᠭᠤᠯᠬᠤ᠂ ᠣᠨᠴᠠᠯᠢᠭᠲᠤ ᠨᠠᠷᠠᠲᠤ ᠲᠡᠮᠳᠡᠭ ᠵᠡᠷᠭᠡ ᠠᠴᠠ ᠲᠤᠰᠪᠦᠷᠢ ᠰᠢᠯᠭᠠᠷᠠᠭᠤᠯᠤᠭᠰᠠᠨ

ᠠᠷᠪᠠᠨ ᠬᠦᠴᠦᠷᠬᠡᠭ ᠠᠵᠤ ᠠᠬᠤᠶᠢᠯᠠᠯ ᠳᠤ᠂ ᠪᠣᠷᠣᠯᠠᠭᠤᠯᠤᠯᠲᠠ ᠶᠢᠨ ᠲᠤᠭ᠎ᠠ ᠨᠢ ᠳᠡᠭᠡᠷ᠎ᠡ ᠵᠢᠯ ᠤᠨ ᠬᠢ ᠠᠴᠠ ᠪᠠᠨ

100 ᠲᠦᠮᠡᠨ ᠲᠥᠭᠦᠷᠢᠭ ᠰᠢᠨ᠎ᠡ ᠪᠠᠷ ᠨᠡᠮᠡᠭᠳᠡᠬᠦ ᠪᠦᠷᠢ 2 ᠲᠦᠮᠡᠨ ᠲᠥᠭᠦᠷᠢᠭ ᠱᠠᠩᠨᠠᠵᠤ᠂ ᠬᠠᠮᠤᠭ ᠤᠨ

ᠥᠨᠳᠥᠷ ᠲᠤ ᠪᠠᠨ 30 ᠲᠦᠮᠡᠨ ᠲᠥᠭᠦᠷᠢᠭ ᠠᠴᠠ ᠦᠯᠦ ᠬᠡᠲᠦᠷᠡᠭᠦᠯᠵᠦ᠂ ᠠᠳᠠᠯᠢ ᠨᠢᠭᠡ ᠠᠵᠤ ᠠᠬᠤᠶᠢᠯᠠᠯ ᠢ ᠨᠢᠭᠡ

ᠵᠢᠯ ᠳᠤ ᠳᠠᠪᠬᠤᠷᠳᠠᠭᠤᠯᠤᠨ ᠱᠠᠩᠨᠠᠬᠤ ᠦᠭᠡᠢ᠃ ﹇ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ

ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ

ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠵᠠᠬ᠎ᠠ

ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ﹈

    ᠵᠢᠷᠭᠤᠭ᠎ᠠ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ

    ᠥᠪᠡᠷᠲᠡᠭᠡᠨ ᠵᠠᠰᠠᠬᠤ ᠣᠷᠣᠨ ᠳᠤ ᠰᠢᠨ᠎ᠡ ᠪᠠᠷ ᠳᠡᠪᠰᠢᠭᠰᠡᠨ ᠪᠤᠶᠤ ᠨᠤᠲᠤᠭᠰᠢᠭᠰᠠᠨ ᠤᠯᠤᠰ ᠤᠨ ᠲᠡᠰ ᠤᠨ

ᠵᠢᠱᠢᠶ᠎ᠡ ᠦᠵᠡᠭᠦᠯᠬᠦ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ 5A ᠲᠡᠰ ᠤᠨ ᠪᠠᠷᠠᠭᠠᠨ ᠤ ᠭᠦᠢᠯᠭᠡᠭᠡᠨ ᠤ

ᠠᠵᠤ ᠠᠬᠤᠶᠢᠯᠠᠯ ᠳᠤ ᠲᠤᠰ ᠲᠤᠰ 300 ᠲᠦᠮᠡᠨ ᠲᠥᠭᠦᠷᠢᠭ᠂ 100 ᠲᠦᠮᠡᠨ ᠲᠥᠭᠦᠷᠢᠭ ᠤᠨ ᠨᠢᠭᠡ ᠯᠠ

ᠤᠳᠠᠭ᠎ᠠ ᠶᠢᠨ ᠴᠢᠨᠠᠷᠲᠠᠢ ᠱᠠᠩᠨᠠᠯ ᠣᠯᠭᠤᠨ᠎ᠠ᠃ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠪᠡᠭᠡᠵᠢᠩ

ᠱᠠᠩᠬᠠᠢ ᠭᠤᠸᠠᠩᠵᠧᠦ ᠱᠧᠨᠵᠧᠨ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ

ᠬᠤᠶᠢᠭ ᠵᠡᠷᠭᠡ ᠭᠤᠣᠯ ᠪᠣᠯᠬᠤ ᠬᠡᠷᠡᠭᠯᠡᠭᠡᠨ ᠤ ᠭᠠᠵᠠᠷ ᠲᠤ ᠤᠷᠢᠳᠠᠴᠢ ᠬᠦᠢᠲᠡᠨ ᠬᠡᠯᠬᠢᠶᠡᠲᠦ ᠰᠣᠷᠭᠤᠭ ᠬᠠᠳᠠᠭᠠᠯᠠᠬᠤ

ᠬᠥᠮᠥᠷᠭᠡ ᠬᠥᠭᠵᠢᠭᠦᠯᠬᠦ ᠶᠢ ᠵᠣᠷᠢᠭᠵᠢᠭᠤᠯᠤᠨ᠎ᠠ᠃ ﹇ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ

ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ

ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ

ᠵᠠᠰᠠᠭ ᠤᠨ ᠲᠢᠩᠬᠢᠮ﹈

    ᠳᠣᠯᠤᠭ᠎ᠠ᠂ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠬᠤ ᠵᠠᠭᠪᠤᠷ ᠲᠤ ᠰᠢᠨ᠎ᠡ ᠶᠢ ᠡᠭᠦᠳᠦᠨ᠎ᠡ

    ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠨᠠᠷᠠᠲᠤ ᠲᠡᠮᠳᠡᠭ ᠢ ᠪᠣᠶᠢᠵᠢᠭᠤᠯᠬᠤ ᠪᠠ ᠵᠠᠬ᠎ᠠ

ᠳᠡᠯᠭᠡᠭᠦᠷ ᠤᠨ ᠡᠵᠡᠩᠨᠡᠨ ᠪᠣᠷᠣᠯᠠᠭᠤᠯᠬᠤ ᠶᠢ ᠳᠡᠮᠵᠢᠵᠦ᠂ ︽ᠥᠪᠥᠷ ᠮᠣᠩᠭᠤᠯ︾ ᠨᠡᠷᠡᠮᠵᠢᠲᠦ ᠲᠡᠮᠳᠡᠭ ᠤᠨ

ᠭᠡᠷᠡᠴᠢᠯᠡᠯᠲᠡ ᠶᠢ ᠥᠷᠨᠢᠭᠦᠯᠦᠨ᠂ ᠨᠢᠭᠡᠳᠦᠯᠲᠡᠢ ᠪᠠᠷᠢᠮᠵᠢᠶ᠎ᠠ᠂ ᠨᠢᠭᠡᠳᠦᠯᠲᠡᠢ ᠨᠠᠷᠠᠲᠤ ᠲᠡᠮᠳᠡᠭ᠂ ᠨᠢᠭᠡᠳᠦᠯᠲᠡᠢ ᠢᠯᠭᠠᠬᠤ

ᠲᠡᠮᠳᠡᠭ᠂ ᠨᠢᠭᠡᠳᠦᠯᠲᠡᠢ ᠤᠬᠠᠭᠤᠯᠭ᠎ᠠ᠂ ᠨᠢᠭᠡᠳᠦᠯᠲᠡᠢ ᠡᠵᠡᠩᠨᠡᠨ ᠪᠣᠷᠣᠯᠠᠭᠤᠯᠤᠯᠲᠠ ᠶᠢ ᠠᠬᠢᠭᠤᠯᠵᠤ᠂ ᠥᠪᠥᠷ

ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠥᠪᠥᠷ ᠮᠣᠩᠭᠤᠯ︾ ᠨᠡᠷᠡᠮᠵᠢᠲᠦ ᠲᠡᠮᠳᠡᠭ — ᠲᠠᠯ᠎ᠠ ᠨᠤᠲᠤᠭ ᠤᠨ

ᠰᠢᠯᠢᠳᠡᠭ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠢ ᠪᠣᠶ ᠪᠣᠯᠭᠠᠨ᠎ᠠ᠃

︽ᠥᠪᠥᠷ ᠮᠣᠩᠭᠤᠯ︾ ᠨᠡᠷᠡᠮᠵᠢᠲᠦ ᠲᠡᠮᠳᠡᠭ ᠢᠶᠠᠷ ᠭᠡᠷᠡᠴᠢᠯᠡᠭᠳᠡᠭᠰᠡᠨ ᠠᠵᠤ ᠠᠬᠤᠶᠢᠯᠠᠯ ᠳᠤ ᠭᠡᠷᠡᠴᠢᠯᠡᠭᠦᠯᠬᠦ ᠪᠠ

ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠵᠠᠷᠤᠳᠠᠯ ᠤᠨ ᠱᠠᠩᠨᠠᠯ ᠨᠥᠬᠦᠪᠦᠷᠢ ᠣᠯᠭᠤᠨ᠎ᠠ᠃ 2024 ᠣᠨ ᠳᠤ

ᠪᠣᠬᠢᠷᠲᠤᠯ ᠦᠭᠡᠢ ᠢᠳᠡᠭᠡᠨ᠂ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ

ᠭᠡᠷᠡᠴᠢᠯᠡᠭᠰᠡᠨ ᠭᠠᠷᠤᠯᠲᠠ ᠨᠢ 1000 ᠲᠣᠨ ᠠᠴᠠ ᠳᠡᠭᠡᠭᠰᠢᠬᠢ ᠠᠵᠤ ᠠᠬᠤᠶᠢᠯᠠᠯ ᠤᠨ ᠭᠡᠷᠡᠴᠢᠯᠡᠯᠲᠡ ᠶᠢᠨ

ᠵᠠᠷᠤᠳᠠᠯ ᠢ ᠪᠥᠬᠦ ᠲᠤᠭ᠎ᠠ ᠪᠠᠷ ᠨᠢ ᠱᠠᠩᠨᠠᠨ ᠨᠥᠬᠦᠪᠦᠷᠢᠯᠡᠵᠦ᠂ ᠪᠣᠳᠠᠲᠠᠢ ᠪᠠᠷᠢᠮᠵᠢᠶ᠎ᠠ ᠶᠢ ᠳᠡᠭᠡᠷ᠎ᠡ ᠨᠢᠭᠡ ᠵᠢᠯ ᠤᠨ

ᠭᠡᠷᠡᠴᠢᠯᠡᠭᠰᠡᠨ ᠭᠠᠷᠤᠯᠲᠠ ᠪᠠᠷ ᠦᠨᠳᠦᠰᠦᠯᠡᠯ ᠪᠣᠯᠭᠠᠨ ᠲᠣᠭᠲᠠᠭᠠᠨ᠎ᠠ᠃ ᠪᠡᠭᠡᠵᠢᠩ ᠥᠪᠥᠷ ᠮᠣᠩᠭᠤᠯ ᠤᠨ

ᠬᠠᠮᠵᠢᠯᠴᠠᠭᠰᠠᠨ ︽ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠪᠣᠷᠤᠯᠠᠭᠤᠯᠭ᠎ᠠ ᠶᠢ ᠳᠠᠬᠢᠨ ᠢᠶᠠᠷ

ᠨᠡᠮᠡᠭᠳᠡᠭᠦᠯᠬᠦ ᠲᠥᠯᠥᠪᠯᠡᠭᠡ︾ ᠶᠢ ᠬᠡᠷᠡᠭᠵᠢᠭᠦᠯᠬᠦ ᠶᠢ ᠠᠬᠢᠭᠤᠯᠵᠤ᠂ ᠪᠡᠭᠡᠵᠢᠩ ᠵᠡᠷᠭᠡ ᠨᠢᠭᠡᠳᠦᠭᠡᠷ ᠵᠡᠷᠭᠡᠯᠡᠯ ᠤᠨ

ᠬᠤᠲᠠ ᠳᠤ ︽ᠪᠣᠬᠢᠷᠲᠤᠯ ᠦᠭᠡᠢ ᠪᠦᠲᠦᠭᠡᠭᠳᠡᠬᠦᠨ ᠪᠣᠭᠤᠮᠲᠠ ᠠᠴᠠ ᠭᠠᠷᠬᠤ︾ ᠬᠡᠷᠡᠭᠯᠡᠭᠡ ᠶᠢ ᠬᠠᠪᠰᠤᠷᠤᠨ ᠲᠡᠳᠬᠦᠵᠦ

ᠲᠠᠨᠢᠯᠴᠠᠭᠤᠯᠬᠤ ᠠᠵᠢᠯᠯᠠᠭ᠎ᠠ ᠶᠢ ᠦᠷᠭᠦᠯᠵᠢᠯᠡᠨ ᠡᠷᠭᠢᠯᠡᠨ᠎ᠡ᠃ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ

ᠰᠢᠮ᠎ᠡ ᠶᠢ ᠶᠠᠮᠤᠨ ᠵᠥᠪᠯᠡᠯ᠂ ᠲᠥᠪ ᠤᠨ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ᠂ ᠬᠤᠳᠠᠯᠳᠤᠭ᠎ᠠ ᠬᠡᠲᠦ

ᠳᠡᠯᠭᠡᠭᠦᠷ᠂ ᠬᠤᠭᠤᠯᠠ ᠤᠮᠳᠠᠭᠠᠨ ᠳᠤ ᠣᠷᠣᠭᠤᠯᠬᠤ ᠶᠢ ᠠᠬᠢᠭᠤᠯᠵᠤ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ

ᠳᠠᠭᠠᠭᠤᠯᠬᠤ᠂ ᠡᠯᠧᠺᠲᠷᠣᠨ ᠬᠤᠳᠠᠯᠳᠤᠭᠠᠨ ᠤ ᠲᠠᠪᠴᠠᠩ ᠵᠡᠷᠭᠡ ᠰᠦᠯᠵᠢᠶᠡᠨ ᠳᠡᠭᠡᠷ᠎ᠡ ᠪᠣᠷᠣᠯᠠᠭᠤᠯᠬᠤ ᠶᠢ

ᠡᠷᠴᠢᠮᠵᠢᠭᠦᠯᠦᠨ ᠳᠡᠮᠵᠢᠨ᠎ᠡ᠃ ﹇ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ

ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ

ᠮᠠᠨᠳᠤᠭᠤᠯᠬᠤ ᠲᠣᠪᠴᠢᠶ᠎ᠠ︶᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ

ᠬᠠᠮᠢᠶᠠᠷᠤᠯᠲᠠ ᠶᠢᠨ ᠲᠣᠪᠴᠢᠶ᠎ᠠ﹈

    ᠨᠠᠢᠮᠠ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠴᠢᠩᠭᠠᠷᠠᠭᠤᠯᠤᠨ᠎ᠠ

    ᠠᠵᠤ ᠠᠬᠤᠶᠢᠯᠠᠯ ᠤᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ ᠪᠠ ᠲᠥᠷᠥᠯ ᠵᠦᠢᠯ ᠤᠨ ᠪᠡᠯᠡ

ᠲᠣᠬᠢᠷᠠᠭᠤᠯᠭ᠎ᠠ ᠬᠢᠬᠦ ᠶᠢ ᠳᠡᠮᠵᠢᠵᠦ᠂ ᠵᠠᠬᠢᠶᠠᠯᠠᠭ᠎ᠠ ᠶᠢᠨ ᠬᠠᠭᠤᠳᠠᠰᠤ᠂ ᠰᠠᠩ ᠤᠨ ᠬᠠᠭᠤᠳᠠᠰᠤ᠂ ᠬᠤᠷᠢᠶᠠᠪᠠᠰᠤ ᠵᠣᠬᠢᠬᠤ

ᠲᠠᠩᠰᠠᠨ ᠤ ᠵᠣᠭᠤᠰ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠯ ᠤᠨ ᠡᠷᠬᠡ ᠵᠡᠷᠭᠡ ᠳᠠᠨᠵᠢᠯᠠᠭ᠎ᠠ ᠲᠠᠢ

ᠵᠢᠭᠡᠯᠡᠯᠭᠡ ᠶᠢᠨ ᠲᠤᠬᠠᠶᠢᠯᠠᠭᠰᠠᠨ ᠠᠵᠢᠯ ᠢ ᠥᠷᠨᠢᠭᠦᠯᠦᠨ᠂ ᠬᠥᠳᠡᠯᠬᠦ ᠬᠥᠷᠥᠩᠭᠡ ᠶᠢᠨ ᠪᠡᠯᠡ ᠲᠣᠬᠢᠷᠠᠭᠤᠯᠭ᠎ᠠ ᠶᠢ

ᠨᠢᠭᠡᠳᠦᠯᠲᠡᠢ ᠳᠡᠩᠰᠡᠯᠡᠨ ᠲᠡᠮᠳᠡᠭᠯᠡᠵᠦ ᠨᠡᠶᠢᠲᠡ ᠳᠤ ᠵᠠᠷᠯᠠᠬᠤ ᠰᠢᠰᠲ᠋ᠧᠮ ᠢᠶᠠᠷ ᠳᠠᠮᠵᠢᠭᠤᠯᠤᠨ ᠳᠠᠭᠠᠭᠠᠯᠲᠠ ᠲᠠᠢ ᠪᠡᠯᠡ

ᠲᠣᠬᠢᠷᠠᠭᠤᠯᠭ᠎ᠠ ᠶᠢᠨ ᠲᠤᠬᠠᠶᠢᠯᠠᠭᠰᠠᠨ ᠠᠵᠢᠯ ᠢ ᠳᠡᠩᠰᠡᠯᠡᠨ ᠲᠡᠮᠳᠡᠭᠯᠡᠨ᠎ᠡ᠃ ᠬᠦᠦ ᠮᠥᠩᠭᠦ ᠶᠢᠨ ᠨᠣᠷᠮ᠎ᠠ ᠳᠤ

ᠨᠥᠬᠦᠪᠦᠷᠢ ᠥᠭᠬᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠪᠠᠷ ᠨᠡᠩ ᠣᠯᠠᠨ ᠮᠥᠩᠭᠦᠨ ᠭᠦᠢᠯᠭᠡᠭᠡᠨ ᠤ ᠡᠬᠢ

ᠪᠠᠶᠠᠯᠢᠭ ᠪᠣᠯᠣᠨ ᠨᠡᠶᠢᠭᠡᠮ ᠤᠨ ᠮᠥᠩᠭᠦᠨ ᠭᠦᠢᠯᠭᠡᠭᠡᠨ ᠤ ᠬᠥᠷᠥᠩᠭᠡ ᠶᠢ ᠬᠥᠲᠥᠯᠥᠨ ᠵᠢᠯᠤᠭᠤᠳᠴᠤ ᠪᠠᠶᠢᠭᠠᠳ

ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠭᠦᠨ ᠡᠳ᠋ᠰᠢᠭᠦᠯᠬᠦ ᠬᠥᠭᠵᠢᠯᠲᠡ ᠳᠤ

ᠣᠷᠣᠭᠤᠯᠤᠯᠲᠠ ᠬᠢᠯᠭᠡᠨ᠎ᠡ᠃ ᠨᠥᠬᠦᠴᠡᠯ ᠳᠤ ᠨᠡᠶᠢᠴᠡᠬᠦ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ

ᠨᠠᠷᠢᠯᠢᠭ ᠭᠦᠨ ᠡᠳ᠋ᠰᠢᠭᠦᠯᠬᠦ ᠠᠵᠤ ᠠᠬᠤᠶᠢᠯᠠᠯ ᠤᠨ ᠪᠠᠩᠬᠢ ᠶᠢᠨ ᠬᠤᠭᠤᠷᠣᠨᠳᠣᠬᠢ ᠵᠢᠭᠡᠯᠡᠯᠭᠡ ᠶᠢᠨ ᠲᠡᠮᠳᠡᠭᠲᠦ ᠶᠢᠨ

ᠵᠠᠬ᠎ᠠ ᠳᠡᠯᠭᠡᠭᠦᠷ ᠲᠤ ᠣᠬᠤᠷ ᠬᠤᠭᠤᠴᠠᠭᠠᠨ ᠤ ᠪᠡᠯᠡ ᠲᠣᠬᠢᠷᠠᠭᠤᠯᠭ᠎ᠠ ᠶᠢᠨ ᠲᠡᠮᠳᠡᠭᠲᠦ᠂ ᠤᠷᠲᠤᠪᠲᠤᠷ

ᠬᠤᠭᠤᠴᠠᠭᠠᠨ ᠤ ᠪᠠᠷᠢᠮᠲᠠ ᠵᠡᠷᠭᠡ ᠥᠷᠢ ᠥᠭᠴᠡᠭᠡ ᠶᠢᠨ ᠪᠡᠯᠡ ᠲᠣᠬᠢᠷᠠᠭᠤᠯᠭ᠎ᠠ ᠶᠢᠨ ᠪᠠᠭᠠᠵᠢ ᠲᠠᠷᠬᠠᠭᠠᠵᠤ ᠪᠡᠯᠡ

ᠮᠥᠩᠭᠦ ᠴᠤᠭᠯᠠᠭᠤᠯᠬᠤ ᠶᠢ ᠵᠣᠷᠢᠭᠵᠢᠭᠤᠯᠤᠨ᠎ᠠ᠃ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ

ᠨᠠᠷᠢᠯᠢᠭ ᠭᠦᠨ ᠡᠳ᠋ᠰᠢᠭᠦᠯᠬᠦ ᠮᠥᠩᠭᠦᠨ ᠭᠦᠢᠯᠭᠡᠭᠡᠨ ᠤ ᠬᠡᠯᠬᠢᠶ᠎ᠡ ᠶᠢᠨ ᠳᠠᠷᠤᠭ᠎ᠠ ᠶᠢᠨ ᠳᠦᠷᠢᠮ ᠢ ᠪᠠᠶᠢᠭᠤᠯᠵᠤ᠂ ᠠᠵᠤ

ᠦᠢᠯᠡᠰ ᠬᠤᠪᠢᠶᠠᠨ ᠬᠡᠯᠬᠢᠶ᠎ᠡ ᠶᠢᠨ ᠳᠠᠷᠤᠭ᠎ᠠ ᠶᠢᠨ ᠪᠠᠩᠬᠢ ᠪᠣᠯᠣᠨ ᠬᠠᠪᠰᠤᠷᠤᠨ ᠡᠷᠬᠢᠯᠡᠬᠦ ᠪᠠᠩᠬᠢ ᠶᠢ

ᠲᠣᠳᠣᠷᠬᠠᠶᠢᠯᠠᠵᠤ᠂ ᠨᠠᠷᠢᠯᠢᠭ ᠭᠦᠨ ᠡᠳ᠋ᠰᠢᠭᠦᠯᠬᠦ ᠠᠵᠤ ᠠᠬᠤᠶᠢᠯᠠᠯ ᠳᠤ ᠵᠠᠬᠢᠶᠠᠯᠠᠭ᠎ᠠ ᠶᠢᠨ ᠦᠢᠯᠡᠴᠢᠯᠡᠭᠡ ᠬᠠᠩᠭᠠᠨ᠎ᠠ᠃

ᠥᠪᠡᠷ ᠤᠨ ᠦᠷᠳᠡᠭ ᠤᠨ ᠳᠠᠭᠠᠳᠬᠠᠯ᠂ ᠶᠠᠰᠤ ᠴᠢᠨᠠᠷ ᠤᠨ ᠳᠠᠭᠠᠳᠬᠠᠯ᠂ ᠪᠡᠯᠡᠳᠬᠡᠮᠵᠢ ᠶᠢᠨ ᠳᠠᠭᠠᠳᠬᠠᠯ᠂ ᠳᠠᠭᠠᠳᠬᠠᠯ

+ ᠬᠤᠭᠤᠴᠠᠭᠠᠲᠤ ᠪᠠᠷᠠᠭ᠎ᠠ ᠵᠡᠷᠭᠡ ᠰᠢᠷᠢᠰ ᠦᠢᠯᠡᠴᠢᠯᠡᠭᠡ ᠪᠠ ᠨᠡᠶᠢᠯᠡᠮᠡᠯ ᠨᠡᠷᠡᠳᠭᠦᠨ ᠢ ᠰᠢᠨ᠎ᠡ ᠡᠭᠦᠳᠦᠯᠲᠡ ᠲᠠᠢ ᠪᠠᠷ

ᠳᠡᠯᠭᠡᠷᠡᠭᠦᠯᠦᠨ᠎ᠡ᠃ ﹇ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂

ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ

ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ

ᠲᠣᠪᠴᠢᠶ᠎ᠠ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠥᠪᠥᠷ

ᠮᠣᠩᠭᠤᠯ ᠳᠠᠬᠢ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠥᠪᠥᠷ

ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ﹈

    ᠶᠢᠰᠦ᠂ ᠴᠢᠬᠤᠯᠠ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠨ᠎ᠠ

    ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠡᠳ᠋ᠰᠢᠭᠦᠯᠬᠦ ᠠᠵᠤ ᠠᠬᠤᠶᠢᠯᠠᠯ ᠤᠨ ᠣᠯᠵᠠᠪᠤᠷᠢ ᠶᠢᠨ

ᠭᠠᠶᠢᠯᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢᠨ ᠬᠠᠮᠲᠤ ᠲᠠᠷᠢᠶᠠᠯᠠᠩ ᠤᠨ

ᠪᠦᠲᠦᠭᠡᠭᠳᠡᠬᠦᠨ ᠮᠠᠯ ᠤᠨ ᠠᠰᠢᠭ ᠰᠢᠮ᠎ᠡ ᠡᠳ᠋ᠰᠢᠭᠦᠯᠬᠦ ᠠᠵᠤ ᠠᠬᠤᠶᠢᠯᠠᠯ ᠬᠤᠳᠠᠯᠳᠤᠨ ᠠᠪᠤᠭᠰᠠᠨ ᠪᠠᠷᠢᠮᠲᠠ ᠪᠠᠷ ᠢᠶᠠᠨ

ᠥᠷᠲᠡᠭ ᠨᠡᠮᠡᠭᠳᠡᠯ ᠤᠨ ᠭᠠᠶᠢᠯᠢ ᠶᠢ ᠲᠣᠭᠲᠠᠭᠠᠯ ᠶᠣᠰᠣᠭᠠᠷ ᠲᠤᠯᠭᠠᠨ ᠰᠠᠭᠤᠯᠭᠠᠵᠤ ᠪᠣᠯᠣᠨ᠎ᠠ᠃ ᠲᠠᠷᠢᠶᠠᠯᠠᠩ ᠤᠨ

ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ ᠠᠵᠤ ᠠᠬᠤᠶᠢᠯᠠᠯ ᠤᠨ ᠬᠥᠭᠵᠢᠯᠲᠡ ᠳᠤ ᠬᠡᠷᠡᠭᠯᠡᠬᠦ ᠭᠠᠵᠠᠷ ᠢ

ᠤᠷᠢᠳ ᠢᠶᠠᠷ ᠪᠠᠲᠤᠯᠠᠨ᠎ᠠ᠃ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ ᠠᠵᠤ

ᠠᠬᠤᠶᠢᠯᠠᠯ ᠤᠨ ᠪᠣᠬᠢᠷᠲᠤᠯ ᠦᠭᠡᠢ ᠴᠠᠬᠢᠯᠭᠠᠨ ᠪᠠᠭᠲᠠᠭᠠᠨ ᠰᠢᠩᠭᠡᠭᠡᠬᠦ ᠶᠢ ᠳᠡᠮᠵᠢᠵᠦ᠂ ᠠᠵᠤ ᠠᠬᠤᠶᠢᠯᠠᠯ ᠤᠨ

ᠥᠪᠡᠰᠦᠪᠡᠨ ᠪᠣᠬᠢᠷᠲᠤᠯ ᠦᠭᠡᠢ ᠴᠠᠬᠢᠯᠭᠠᠨ ᠡᠭᠦᠰᠬᠡᠭᠴᠢ ᠪᠠᠶᠢᠭᠤᠯᠬᠤ ᠶᠢ ᠵᠣᠷᠢᠭᠵᠢᠭᠤᠯᠤᠨ᠂ ᠪᠣᠬᠢᠷᠲᠤᠯ ᠦᠭᠡᠢ

ᠴᠠᠬᠢᠯᠭᠠᠨ ᠤ ᠬᠡᠷᠡᠭᠯᠡᠭᠡᠨ ᠤ ᠬᠠᠷᠢᠴᠠᠯ ᠢ ᠳᠡᠭᠡᠭᠰᠢᠯᠡᠭᠦᠯᠦᠨ᠎ᠡ᠃ ᠤᠰᠤ ᠪᠠᠷ ᠭᠠᠷᠤᠯᠲᠠ ᠶᠢ ᠲᠣᠭᠲᠠᠭᠠᠭᠰᠠᠨ ᠤᠷᠢᠲᠠᠯ

ᠳᠣᠣᠷ᠎ᠠ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠡᠳ᠋ᠰᠢᠭᠦᠯᠬᠦ ᠠᠵᠤ ᠠᠬᠤᠶᠢᠯᠠᠯ ᠤᠨ

ᠦᠢᠯᠡᠳᠪᠦᠷᠢᠯᠡᠯ ᠳᠤ ᠬᠡᠷᠡᠭᠯᠡᠬᠦ ᠤᠰᠤ ᠶᠢ ᠪᠠᠲᠤᠯᠠᠨ᠎ᠠ᠃ ﹇ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ

ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠤᠰᠤᠨ ᠠᠰᠢᠭᠯᠠᠯᠲᠠ ᠶᠢᠨ

ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ

ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ

ᠲᠣᠪᠴᠢᠶ᠎ᠠ᠂ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠺᠣᠮᠫᠠᠨᠢ᠂ ᠤᠯᠤᠰ ᠤᠨ ᠴᠠᠬᠢᠯᠭᠠᠨ

ᠬᠦᠴᠦᠨ ᠤ ᠲᠣᠣᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠺᠣᠮᠫᠠᠨᠢ﹈

    ᠳᠡᠭᠡᠷ᠎ᠡ ᠳᠤᠷᠠᠳᠤᠭᠰᠠᠨ ᠠᠷᠭ᠎ᠠ ᠬᠡᠮᠵᠢᠶ᠎ᠡ ᠳᠤ ᠬᠤᠯᠪᠣᠭᠳᠠᠭᠰᠠᠨ ᠱᠠᠩᠨᠠᠯ ᠨᠥᠬᠦᠪᠦᠷᠢ ︵ᠱᠠᠩᠨᠠᠯ︶ ᠶᠢᠨ ᠪᠡᠯᠡ

ᠮᠥᠩᠭᠦ ᠶᠢ ᠴᠥᠮ ︽ᠤᠷᠢᠳ ᠢᠶᠠᠷ ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ᠂ ᠱᠠᠲᠤ ᠬᠤᠪᠢᠶᠠᠨ ᠡᠭᠦᠷᠭᠡᠯᠡᠬᠦ᠂

ᠪᠣᠳᠠᠲᠠᠢ ᠶᠢ ᠦᠨᠳᠦᠰᠦᠯᠡᠨ ᠨᠥᠬᠦᠪᠦᠷᠢᠯᠡᠬᠦ᠂ ᠡᠷᠭᠢᠯᠳᠦᠭᠦᠯᠦᠨ ᠬᠡᠷᠡᠭᠵᠢᠭᠦᠯᠬᠦ︾ ᠠᠷᠭ᠎ᠠ ᠮᠠᠶ᠋ᠢᠭ ᠢᠶᠠᠷ ᠰᠠᠯᠭᠠᠨ ᠥᠭᠴᠦ᠂

ᠡᠯ᠎ᠡ ᠬᠠᠷᠢᠭᠤᠴᠠᠯᠭᠠᠲᠤ ᠨᠢᠭᠡᠴᠢ ᠪᠣᠳᠠᠲᠠᠢ ᠬᠡᠷᠡᠭᠵᠢᠭᠦᠯᠬᠦ ᠨᠠᠷᠢᠨ ᠳᠦᠷᠢᠮ ᠢ ᠲᠣᠭᠲᠠᠭᠠᠨ᠂ ᠪᠡᠯᠡ ᠮᠥᠩᠭᠦ ᠶᠢᠨ

ᠱᠠᠩᠨᠠᠯ ᠨᠥᠬᠦᠪᠦᠷᠢ ᠶᠢᠨ ᠬᠠᠮᠢᠶ᠎ᠠ ᠪᠦᠬᠦᠢ ᠪᠠᠷᠢᠮᠵᠢᠶ᠎ᠠ᠂ ᠭᠤᠶᠤᠴᠢᠯᠠᠨ ᠮᠡᠳᠡᠭᠦᠯᠬᠦ ᠲᠠᠰ ᠳᠠᠷᠠᠭᠠᠯᠠᠯ᠂ᠬᠡᠷᠡᠭᠵᠢᠭᠦᠯᠬᠦ

ᠠᠭᠤᠯᠭ᠎ᠠ᠂ ᠰᠢᠯᠭᠠᠨ ᠬᠢᠨᠠᠵᠤ ᠰᠢᠯᠭᠠᠨ ᠠᠪᠬᠤ ᠵᠡᠷᠭᠡ ᠠᠭᠤᠯᠭ᠎ᠠ ᠶᠢ ᠲᠣᠳᠣᠷᠬᠠᠶᠢᠯᠠᠬᠤ ᠶᠢᠨ ᠬᠠᠮᠲᠤ᠂ ᠲᠣᠭᠲᠠᠮᠠᠯ

ᠬᠤᠭᠤᠴᠠᠭ᠎ᠠ ᠲᠠᠢ ᠪᠠᠷ ᠲᠣᠬᠢᠷᠠᠭᠤᠯᠵᠤ᠂ ᠵᠣᠬᠢᠷᠠᠭᠰᠠᠨ ᠴᠠᠭ ᠲᠤ ᠨᠢ ᠦᠨᠡᠯᠡᠨ ᠵᠢᠱᠢᠵᠦ᠂ ᠦᠷ᠎ᠡ ᠪᠦᠲᠦᠮᠵᠢ ᠶᠢ

ᠮᠥᠷᠳᠡᠨ ᠠᠰᠠᠭᠤᠬᠤ ᠬᠡᠷᠡᠭᠲᠡᠢ᠃

       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ

ᠲᠢᠩᠬᠢᠮ

       2024 ᠣᠨ ᠤ 2 ᠳ᠋ᠤᠭᠠᠷ ᠰᠠᠷ᠎ᠠ ᠶᠢᠨ 27 ᠤ ᠡᠳᠦᠷ ᠳᠠᠷᠤᠮᠠᠯᠯᠠᠨ ᠲᠠᠷᠬᠠᠭᠠᠪᠠ

 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号