ᠲᠠᠢ ᠽᠢ ᠴᠧᠩ ᠠᠴᠠ ᠰᠢᠯᠢ ᠶᠢᠨ ᠬᠤᠳᠠ ᠬᠦᠷᠬᠦ ᠲᠡᠮᠦᠷ ᠵᠠᠮ ᠤᠨ ᠥᠪᠥᠷ ᠮᠣᠩᠭᠤᠯ ᠤᠨ ᠬᠡᠰᠡᠭ ᠤᠨ ᠲᠥᠷᠥᠯ ᠵᠦᠢᠯ ᠳᠤ 12.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠨ᠎ᠠ
ᠨᠡᠶᠢᠲᠡᠯᠡᠭᠰᠡᠨ ᠴᠠᠭ᠄
2024/9/11

    ᠡᠨᠡ ᠵᠢᠯ᠂ ᠲᠠᠢ  ᠽᠢ  ᠴᠧᠩ  ᠠᠴᠠ  ᠰᠢᠯᠢ  ᠶᠢᠨ  ᠬᠤᠳᠠ ᠬᠦᠷᠬᠦ ᠲᠡᠮᠦᠷ ᠵᠠᠮ ︵ᠥᠪᠥᠷ ᠮᠣᠩᠭᠤᠯ ᠤᠨ

ᠬᠡᠰᠡᠭ︶  ᠤᠨ ᠲᠦᠷᠦᠯ ᠵᠦᠢᠯ ᠳᠤ 12.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠲᠣᠭᠲᠠᠭᠰᠠᠨ

ᠬᠤᠭᠤᠴᠠᠭᠠᠨ ᠳᠤ ᠤᠯᠠᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠡᠮᠬᠢ

ᠵᠢᠷᠤᠮ ᠲᠠᠢ ᠠᠬᠢᠭᠤᠯᠤᠨ᠎ᠠ᠃

    ᠵᠢᠯ ᠤᠨ ᠳᠣᠲᠣᠷ᠎ᠠ ᠰᠢᠯᠢ ᠶᠢᠨ ᠬᠤᠳᠠ  ᠠᠴᠠ ᠰᠢᠯᠤᠭᠤᠨ ᠬᠥᠬᠡ ᠬᠤᠰᠢᠭᠤ ᠬᠦᠷᠬᠦ ᠬᠡᠰᠡᠭ᠂ ᠰᠢᠯᠤᠭᠤᠨ

ᠬᠥᠬᠡ ᠬᠤᠰᠢᠭᠤ  ᠠᠴᠠ ᠮᠤᠵᠢ ᠶᠢᠨ ᠵᠠᠭᠠᠭ ᠬᠦᠷᠬᠦ ᠬᠡᠰᠡᠭ ᠤᠨ ᠭᠡᠷ ᠪᠠᠶᠢᠰᠢᠩ ᠤᠨ ᠪᠠᠷᠢᠯᠭ᠎ᠠ ᠶᠢᠨ ᠢᠨᠵᠧᠨᠧᠷᠢᠩ᠂

ᠳᠥᠷᠪᠡᠨ ᠴᠠᠬᠢᠯᠭᠠᠨ ᠤ ᠢᠨᠵᠧᠨᠧᠷᠢᠩ ᠪᠠ ᠰᠢᠷᠣᠢ ᠶᠢᠨ ᠪᠠᠷᠢᠯᠭ᠎ᠠ ᠶᠢᠨ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂

 ᠲᠠᠢ ᠽᠢ ᠴᠧᠩ ᠠᠴᠠ ᠰᠢᠯᠢ ᠶᠢᠨ ᠬᠤᠳᠠ ᠬᠦᠷᠬᠦ ᠱᠤᠭᠤᠮ ︵ᠰᠢᠯᠤᠭᠤᠨ ᠬᠥᠬᠡ ᠬᠤᠰᠢᠭᠤ  ᠠᠴᠠ ᠮᠤᠵᠢ ᠶᠢᠨ

ᠵᠠᠭᠠᠭ ᠬᠦᠷᠬᠦ ᠬᠡᠰᠡᠭ︶  ᠤᠨ ᠭᠤᠷᠪᠠᠨ ᠴᠠᠬᠢᠯᠭᠠᠨ ᠵᠢᠴᠢ ᠬᠤᠭᠤᠯᠠᠢ ᠱᠤᠭᠤᠮ ᠢ ᠰᠢᠯᠵᠢᠭᠦᠯᠦᠨ ᠥᠭᠡᠷᠡᠴᠢᠯᠡᠬᠦ

ᠢᠨᠵᠧᠨᠧᠷᠢᠩ ᠢ ᠬᠡᠷᠡᠭᠵᠢᠭᠦᠯᠦᠨ᠎ᠡ᠃ ᠵᠠᠮ ᠳᠠᠭᠠᠤ ᠥᠷᠲᠡᠭᠡᠨ ᠤ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ

ᠲᠠᠯ᠎ᠠ ᠪᠠᠷ᠂ 10 ᠰᠠᠷ᠎ᠠ ᠶᠢᠨ 31 ᠠᠴᠠ ᠡᠮᠦᠨ᠎ᠡ ᠰᠢᠯᠢ ᠶᠢᠨ ᠬᠤᠳᠠ ᠥᠷᠲᠡᠭᠡ ᠶᠢᠨ ᠰᠢᠨ᠎ᠡ ᠥᠷᠲᠡᠭᠡᠨ ᠤ ᠭᠡᠷ

ᠪᠠᠶᠢᠰᠢᠩ ᠤᠨ ᠭᠤᠣᠯ ᠴᠣᠭᠴᠠ ᠵᠢᠴᠢ ᠬᠡᠰᠡᠭ ᠵᠠᠰᠠᠯ ᠴᠢᠮᠡᠭᠯᠡᠯ ᠤᠨ ᠪᠠᠷᠢᠯᠭ᠎ᠠ ᠶᠢ ᠳᠠᠭᠤᠰᠬᠠᠨ᠂ ᠳᠤᠮᠳᠠᠬᠢ

ᠥᠷᠲᠡᠭᠡᠨ ᠤ ᠲᠠᠪᠴᠠᠩ ᠢ ᠥᠭᠡᠷᠡᠴᠢᠯᠡᠬᠦ ᠵᠢᠴᠢ ᠳᠤᠮᠳᠠᠬᠢ ᠥᠷᠲᠡᠭᠡᠨ ᠤ ᠲᠠᠪᠴᠠᠩ ᠤᠨ ᠬᠡᠪᠴᠢᠶᠡᠨ ᠳᠤ ᠬᠥᠭᠦᠷᠭᠡ

ᠪᠠᠶᠢᠭᠤᠯᠵᠤ᠂ ᠪᠠᠶᠢᠭᠤᠯᠵᠤ ᠳᠠᠭᠤᠰᠤᠭᠰᠠᠨ ᠤ ᠲᠠᠷᠠᠭ᠎ᠠ ᠨᠢᠭᠡ ᠪᠦᠯᠦᠭ ᠢ ᠨᠢ ᠠᠰᠢᠭᠯᠠᠯᠲᠠ ᠳᠤ ᠣᠷᠣᠭᠤᠯᠤᠨ᠎ᠠ︔ 10

ᠰᠠᠷ᠎ᠠ ᠶᠢᠨ ᠰᠡᠭᠦᠯᠴᠢ ᠠᠴᠠ ᠡᠮᠦᠨ᠎ᠡ᠂ ᠰᠠᠩ ᠤᠨ ᠳᠠᠯᠠᠶ ᠶᠢᠨ ᠬᠤᠶᠢᠲᠤ ᠥᠷᠲᠡᠭᠡᠨ ᠤ ᠭᠡᠷ ᠪᠠᠶᠢᠰᠢᠩ᠂ ᠰᠢᠯᠤᠭᠤᠨ

ᠬᠥᠬᠡ ᠬᠤᠰᠢᠭᠤᠨ ᠤ ᠥᠷᠲᠡᠭᠡᠨ ᠤ ᠭᠡᠷ ᠪᠠᠶᠢᠰᠢᠩ ᠤᠨ ᠬᠤᠶᠠᠳᠤᠭᠠᠷ ᠤᠳᠠᠭᠠᠨ ᠤ ᠪᠦᠲᠦᠴᠡ ᠪᠠ ᠭᠡᠷ

ᠪᠠᠶᠢᠰᠢᠩ ᠤᠨ ᠪᠠᠷᠢᠯᠭ᠎ᠠ ᠵᠢᠴᠢ  ᠲᠠᠶᠢᠹᠤᠰᠧ ᠬᠤᠰᠢᠭᠤᠨ ᠤ ᠥᠷᠲᠡᠭᠡᠨ ᠤ ᠭᠡᠷ ᠪᠠᠶᠢᠰᠢᠩ ᠤᠨ ᠭᠤᠣᠯ ᠴᠣᠭᠴᠠ ᠶᠢᠨ

ᠪᠠᠷᠢᠯᠭ᠎ᠠ ᠶᠢ ᠳᠠᠭᠤᠰᠬᠠᠨ᠎ᠠ᠃

    ᠨᠢᠳᠤᠨᠤᠨ ᠵᠢᠯ᠂ ᠲᠠᠢ ᠽᠢ ᠴᠧᠩ ᠠᠴᠠ ᠰᠢᠯᠢ ᠶᠢᠨ ᠬᠤᠳᠠ ᠬᠦᠷᠬᠦ ᠲᠡᠮᠦᠷ ᠵᠠᠮ ᠤᠨ ᠥᠪᠥᠷ ᠮᠣᠩᠭᠤᠯ ᠳᠠᠬᠢ

ᠬᠡᠰᠡᠭ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠱᠠᠲᠤ ᠦᠶ᠎ᠡ ᠶᠢᠨ ᠴᠢᠨᠠᠷᠲᠠᠢ ᠦᠷ᠎ᠡ ᠪᠦᠲᠦᠭᠡᠯ ᠣᠯᠵᠤ᠂

 ᠲᠠᠢ ᠽᠢ ᠴᠧᠩ ᠠᠴᠠ ᠰᠢᠯᠢ ᠶᠢᠨ ᠬᠤᠳᠠ ᠬᠦᠷᠬᠦ ᠱᠤᠭᠤᠮ ︵ᠰᠢᠯᠤᠭᠤᠨ ᠬᠥᠬᠡ ᠬᠤᠰᠢᠭᠤ  ᠠᠴᠠ ᠮᠤᠵᠢ ᠶᠢᠨ

ᠵᠠᠭᠠᠭ ᠬᠦᠷᠬᠦ ᠬᠡᠰᠡᠭ︶  ᠤᠨ ᠭᠤᠷᠪᠠᠨ ᠴᠠᠬᠢᠯᠭᠠᠨ ᠵᠢᠴᠢ ᠬᠤᠭᠤᠯᠠᠢ ᠱᠤᠭᠤᠮ ᠢ ᠰᠢᠯᠵᠢᠭᠦᠯᠦᠨ ᠥᠭᠡᠷᠡᠴᠢᠯᠡᠬᠦ

ᠢᠨᠵᠧᠨᠧᠷᠢᠩ᠂ ᠲᠠᠢ ᠽᠢ ᠴᠧᠩ ᠠᠴᠠ ᠰᠢᠯᠢ ᠶᠢᠨ ᠬᠤᠳᠠ ᠬᠦᠷᠬᠦ ᠲᠡᠮᠦᠷ ᠵᠠᠮ ᠤᠨ ᠴᠠᠬᠢᠯᠭᠠᠨᠵᠢᠭᠤᠯᠤᠯᠲᠠ ᠶᠢᠨ

ᠥᠭᠡᠷᠡᠴᠢᠯᠡᠯᠲᠡ ᠶᠢᠨ ᠢᠵᠢ ᠪᠦᠷᠢᠳᠦᠭᠦᠯᠬᠦ ᠴᠠᠬᠢᠯᠭᠠᠨ ᠬᠠᠩᠭᠠᠬᠤ ᠢᠨᠵᠧᠨᠧᠷᠢᠩ᠂ ᠰᠢᠯᠢ ᠶᠢᠨ ᠬᠤᠳᠠ ᠠᠴᠠ

ᠰᠢᠯᠤᠭᠤᠨ ᠬᠥᠬᠡ ᠬᠤᠰᠢᠭᠤ ᠬᠦᠷᠬᠦ ᠬᠡᠰᠡᠭ ᠤᠨ ᠴᠠᠬᠢᠯᠭᠠᠨᠵᠢᠭᠤᠯᠤᠭᠰᠠᠨ ᠲᠡᠮᠦᠷ ᠵᠠᠮ ᠤᠨ ᠪᠦᠲᠦᠭᠡᠨ

ᠪᠠᠶᠢᠭᠤᠯᠤᠯᠲᠠ ᠶᠢ ᠵᠠᠯᠭᠠᠪᠠᠷ ᠪᠠᠷᠢᠯᠭ᠎ᠠ ᠳᠠᠭᠤᠰᠬᠠᠭᠰᠠᠨ ᠪᠤᠶᠤ ᠨᠡᠪᠲᠡᠷᠡᠭᠦᠯᠪᠡ᠃

    ᠣᠶᠢᠯᠠᠭᠠᠭᠰᠠᠨ ᠢᠶᠠᠷ᠂ 2023 ᠣᠨ ᠳᠤ ᠲᠠᠢ ᠽᠢ ᠴᠧᠩ ᠠᠴᠠ ᠰᠢᠯᠢ ᠶᠢᠨ ᠬᠤᠳᠠ ᠬᠦᠷᠬᠦ ᠲᠡᠮᠦᠷ ᠵᠠᠮ ᠤᠨ

ᠲᠥᠷᠥᠯ ᠵᠦᠢᠯ ᠳᠤ 12.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ᠣᠲᠣ ᠪᠣᠯᠲᠠᠯ᠎ᠠ

ᠪᠡᠯᠡ ᠣᠷᠣᠭᠤᠯᠤᠯᠲᠠ ᠶᠢᠨ ᠲᠥᠯᠥᠪᠯᠡᠭᠡ ᠪᠠᠨ ᠪᠦᠭᠦᠨ ᠢ ᠪᠡᠶᠡᠯᠡᠭᠦᠯᠵᠡᠢ᠃ ᠠᠭᠤᠷ ᠠᠮᠢᠰᠬᠤᠯ ᠤᠨ ᠨᠥᠯᠥᠭᠡ ᠠᠴᠠ

ᠪᠣᠯᠵᠤ᠂ ᠭᠡᠷ ᠪᠠᠶᠢᠰᠢᠩ ᠤᠨ ᠪᠠᠷᠢᠯᠭ᠎ᠠ᠂ ᠲᠦᠷᠪᠡᠨ ᠴᠠᠬᠢᠯᠭᠠᠨ ᠤ ᠪᠠᠷᠢᠯᠭ᠎ᠠ ᠶᠢᠨ ᠠᠵᠢᠯ ᠨᠢᠭᠡᠨᠲᠡ ᠵᠣᠭᠰᠣᠵᠤ᠂

2024 ᠣᠨ ᠤ 4 ᠰᠠᠷ᠎ᠠ ᠳᠤ ᠠᠵᠢᠯ ᠢᠶᠠᠨ ᠰᠡᠷᠭᠦᠭᠡᠬᠦ ᠪᠠᠷ ᠲᠥᠯᠥᠪᠯᠡᠵᠦ ᠪᠠᠶᠢᠨ᠎ᠠ᠃

    ᠲᠥᠷᠥᠯ ᠵᠦᠢᠯ ᠢ ᠪᠡᠶᠡᠯᠡᠭᠦᠯᠦᠭᠰᠡᠨ ᠤ ᠳᠠᠷᠠᠭ᠎ᠠ ᠰᠢᠯᠢ ᠶᠢᠨ ᠭᠤᠣᠯ ᠠᠶᠢᠮᠠᠭ᠂ ᠴᠢᠭᠤᠯᠤᠯᠲᠤ ᠬᠠᠭᠠᠯᠭ᠎ᠠ ᠶᠢᠨ

ᠬᠤᠶᠢᠲᠤ ᠬᠡᠰᠡᠭ ᠤᠨ ᠪᠡᠭᠡᠵᠢᠩ ᠳᠤ ᠣᠷᠣᠬᠤ ᠲᠡᠮᠦᠷ ᠵᠠᠮ ᠤᠨ ᠬᠤᠭᠤᠰᠤᠨ ᠢ ᠨᠥᠬᠦᠪᠦᠷᠢᠯᠡᠵᠦ᠂ ᠪᠡᠭᠡᠵᠢᠩ ᠳᠤ

ᠰᠢᠭᠤᠳ ᠬᠦᠷᠬᠦ ᠴᠠᠭ ᠢ 4 ᠴᠠᠭ 30 ᠮᠢᠨᠦ᠋ᠲ ᠪᠣᠯᠭᠠᠨ ᠪᠣᠭᠤᠨᠢᠰᠬᠠᠵᠤ᠂ ᠵᠢᠨᠢᠩ ᠠᠴᠠ ᠲᠦᠩᠯᠢᠶᠣᠣ ᠬᠦᠷᠬᠦ

ᠲᠡᠮᠦᠷ ᠵᠠᠮ ᠤᠨ ᠴᠠᠬᠢᠯᠭᠠᠨᠵᠢᠭᠤᠯᠤᠯᠲᠠ ᠶᠢᠨ ᠥᠭᠡᠷᠡᠴᠢᠯᠡᠯᠲᠡ ᠬᠢᠭᠰᠡᠨ ᠤ ᠳᠠᠷᠠᠭ᠎ᠠ᠂ ᠬᠥᠬᠡᠬᠤᠲᠠ ᠳᠤ ᠲᠦᠷᠭᠡᠨ

ᠨᠡᠪᠲᠡᠷᠡᠬᠦ ᠶᠢ ᠪᠡᠶᠡᠯᠡᠭᠦᠯᠵᠦ᠂ ᠰᠢᠯᠢ ᠶᠢᠨ ᠭᠤᠣᠯ ᠠᠶᠢᠮᠠᠭ ᠤᠨ ᠠᠶᠠᠨᠴᠢᠳ ᠤᠨ ᠶᠠᠪᠤᠵᠤ ᠰᠠᠭᠤᠬᠤ ᠨᠥᠬᠦᠴᠡᠯ ᠢ

ᠶᠡᠭᠡ ᠪᠠᠷ ᠰᠠᠶᠢᠵᠢᠷᠠᠭᠤᠯᠬᠤ ᠪᠣᠯᠣᠨ᠎ᠠ᠃

 
ᠢᠷᠡᠯᠲᠡ᠄ ᠰᠢᠯᠢ ᠶᠢᠨ ᠭᠤᠣᠯ ᠤᠨ ᠮᠣᠩᠭᠤᠯ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号