ᠱᠠᠭ᠎ᠠ‌‍ᠲ᠋ᠣᠭᠯᠠᠭᠠᠮ ᠰᠣᠶᠣᠯ ᠢ ᠵᠠᠯᠭᠠᠮᠵᠢᠯᠠᠪᠠ
ᠨᠡᠶᠢᠲᠡᠯᠡᠭᠰᠡᠨ ᠴᠠᠭ᠄
2024/9/12

    ᠬᠠᠮᠢᠶᠠᠷᠤᠯᠲᠠ ᠶᠢᠨ ᠣᠷᠣᠨ ᠤ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠨᠢᠭᠡᠳᠦᠭᠡᠷ

ᠳᠠᠪᠬᠤᠷᠯᠢᠭ ᠤᠨ ᠠᠵᠢᠯᠯᠠᠭᠠᠨ ᠤ ᠲᠠᠰᠤᠭ ᠲᠤ ᠣᠷᠣᠬᠤ ᠳᠤ᠂ ᠰᠤᠷᠪᠤᠯᠵᠢᠯᠠᠭᠴᠢ ᠶᠠᠭ ᠱᠠᠭ᠎ᠠ ᠤᠷᠤᠯᠳᠤᠭᠠᠨ

ᠶᠠᠪᠤᠭᠤᠯᠵᠤ ᠪᠠᠶᠢᠬᠤ ᠶᠢ ᠣᠯᠵᠤ ᠬᠠᠷᠠᠪᠠ᠃ ᠣᠶᠢᠯᠠᠭᠠᠭᠰᠠᠨ ᠢᠶᠠᠷ᠂ ᠱᠠᠭ᠎ᠠ ᠶᠢᠨ ᠬᠤᠪᠢᠶᠠᠷᠢ ᠨᠡᠶᠢᠭᠡᠮᠯᠢᠭ ᠰᠠᠷ᠎ᠠ ᠪᠦᠷᠢ

ᠨᠢᠭᠡ ᠤᠳᠠᠭᠠᠨ ᠤ ᠰᠠᠷ᠎ᠠ ᠶᠢᠨ ᠤᠷᠤᠯᠳᠤᠭᠠᠨ ᠢ ᠵᠣᠬᠢᠶᠠᠨ ᠪᠠᠶᠢᠭᠤᠯᠵᠤ᠂ ᠤᠳᠠᠭ᠎ᠠ ᠪᠦᠷᠢ ᠶᠢᠨ ᠰᠠᠷ᠎ᠠ ᠶᠢᠨ

ᠤᠷᠤᠯᠳᠤᠭᠠᠨ ᠤ ᠲᠡᠷᠢᠭᠦᠨ ᠣᠨ ᠤ ᠶᠡᠷᠦᠩᠬᠡᠢ ᠤᠷᠤᠯᠳᠤᠭᠠᠨ ᠳᠤ ᠣᠷᠣᠭᠤᠯᠬᠤ ᠬᠢᠷᠢ ᠭᠡᠮ ᠲᠠᠢ ᠪᠣᠯᠣᠨ᠎ᠠ᠃

ᠤᠷᠤᠯᠳᠤᠭᠠᠨ ᠤ ᠲᠤᠬᠠᠢ ᠶᠢᠨ ᠲᠠᠯᠠᠪᠠᠢ ᠳᠤ᠂ ᠣᠯᠠᠨ ᠢᠶᠠᠷ ᠢᠶᠠᠨ ᠪᠠᠶᠠᠷᠯᠠᠨ ᠢᠨᠢᠶᠡᠯᠴᠡᠵᠦ᠂ ᠠᠭᠤᠷ ᠠᠮᠢᠰᠬᠤᠯ ᠬᠥᠷ

ᠬᠥᠭᠵᠢᠶᠡᠨᠲᠡᠢ ᠮᠥᠷᠲᠡᠭᠡᠨ ᠡᠶ᠎ᠡ ᠨᠠᠶᠢᠷᠲᠠᠢ ᠪᠠᠶᠢᠵᠤ᠂ ᠲᠣᠭᠯᠠᠭᠠᠮ ᠤᠨ ᠳᠤᠮᠳᠠ᠂ ᠦᠨᠳᠦᠰᠦᠲᠡᠨ ᠨᠦᠭᠦᠳ ᠤᠨ

ᠬᠤᠭᠤᠷᠣᠨᠳᠣᠬᠢ ᠰᠣᠯᠢᠯᠴᠠᠭ᠎ᠠ ᠪᠠ ᠬᠠᠮᠲᠤᠷᠠᠯᠴᠠᠭ᠎ᠠ ᠨᠠᠩ ᠨᠢᠭᠲᠠ ᠪᠣᠯᠵᠤ᠂ ᠦᠨᠳᠦᠰᠦᠲᠡᠨ ᠤ ᠪᠦᠯᠬᠦᠮᠳᠡᠯ ᠤᠨ

ᠰᠡᠳᠬᠢᠯᠭᠡ ᠰᠠᠨᠠᠮᠰᠠᠷ ᠦᠭᠡᠢ ᠳᠡᠭᠡᠭᠰᠢᠯᠡᠵᠡᠢ᠃

    ᠱᠠᠭ᠎ᠠ ᠪᠣᠯ ᠠᠮᠢᠲᠠᠨ ᠤ ᠱᠠᠭ᠎ᠠ᠂ ᠶᠠᠰᠤ ᠶᠢ ᠬᠡᠯᠡᠳᠡᠭ᠃ 2019 ᠣᠨ ᠤ 5 ᠰᠠᠷ᠎ᠠ ᠳᠤ᠂ ᠤᠯᠠᠭᠠᠢ

ᠬᠠᠮᠢᠶᠠᠷᠤᠯᠲᠠ ᠶᠢᠨ ᠣᠷᠣᠨ ᠤ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠱᠠᠭ᠎ᠠ ᠬᠤᠪᠢᠶᠠᠷᠢ

ᠨᠡᠶᠢᠭᠡᠮᠯᠢᠭ ᠢ ᠪᠠᠶᠢᠭᠤᠯᠵᠤ᠂ ᠯᠢᠦ ᠱᠤ᠋ ᠰᠢᠶᠠ ᠶᠢ ᠱᠠᠭ᠎ᠠ ᠬᠤᠪᠢᠶᠠᠷᠢ ᠨᠡᠶᠢᠭᠡᠮᠯᠢᠭ ᠤᠨ ᠳᠠᠷᠤᠭ᠎ᠠ ᠪᠠᠷ ᠤᠷᠢᠵᠤ᠂

ᠡᠭᠦᠨ ᠠᠴᠠ ᠯᠢᠦ ᠱᠤ᠋ ᠰᠢᠶᠠᠩ ᠶᠡᠬᠡᠩᠬᠢ ᠣᠶᠤᠨ ᠴᠢᠳᠠᠯ ᠢᠶᠠᠨ  ᠱᠠᠭ᠎ᠠ ᠳᠡᠭᠡᠷ᠎ᠡ ᠵᠠᠷᠤᠴᠠᠭᠤᠯᠪᠠ᠃ ᠲᠡᠷᠡ ᠤᠯᠠᠨ ᠢ

ᠳᠠᠭᠠᠭᠤᠯᠤᠨ ᠱᠠᠭ᠎ᠠ ᠳᠦᠷᠢᠮ ᠪᠠ ᠨᠠᠭᠠᠳᠬᠤ ᠠᠷᠭ᠎ᠠ ᠶᠢ ᠪᠣᠯᠪᠠᠰᠤᠷᠠᠩᠭᠤᠢ ᠪᠣᠯᠤᠭᠰᠠᠨ ᠪᠥᠭᠡᠳ ᠭᠡᠰᠢᠭᠦᠳ ᠢᠶᠠᠨ

ᠢᠳᠡᠪᠬᠢᠲᠡᠢ ᠬᠥᠭᠵᠢᠭᠦᠯᠵᠦ᠂ ᠣᠳᠣᠬᠠᠨ ᠳᠤ ᠱᠠᠭ᠎ᠠ ᠬᠤᠪᠢᠶᠠᠷᠢ ᠨᠡᠶᠢᠭᠡᠮᠯᠢᠭ ᠤᠨ ᠭᠡᠰᠢᠭᠦᠨ 30 ᠭᠠᠷᠤᠢ ᠬᠥᠮᠥᠨ

ᠪᠠᠶᠢᠵᠤ᠂ ᠤᠯᠠᠮ ᠠᠴᠠ ᠤᠯᠠᠮ ᠣᠯᠠᠰᠢᠷᠠᠵᠤ ᠪᠠᠶᠢᠭ᠎ᠠ ᠬᠥᠮᠥᠰ ᠱᠠᠭ᠎ᠠ ᠶᠢ ᠣᠶᠢᠯᠠᠭᠠᠵᠤ᠂ ᠱᠠᠭ᠎ᠠ ᠶᠢ ᠪᠠᠭ᠋ᠠᠷᠬᠠᠬᠤ

ᠪᠣᠯᠵᠠᠢ᠃ ᠤᠳᠠᠭ᠎ᠠ ᠪᠦᠷᠢ ᠶᠢᠨ ᠠᠵᠢᠯᠯᠠᠭ᠎ᠠ ᠡᠷᠬᠢᠯᠡᠵᠦ ᠪᠠᠶᠢᠬᠤ ᠦᠶ᠎ᠡ ᠳᠤ ᠲᠡᠷᠡ ᠶᠡᠷᠦ ᠨᠢ ᠬᠠᠮᠤᠭ ᠲᠦᠷᠦᠭᠦᠨ ᠳᠤ

ᠢᠷᠡᠳᠡᠭ᠂ ᠬᠠᠮᠤᠭ ᠰᠡᠭᠦᠯ ᠳᠤ ᠰᠠᠯᠵᠤ ᠶᠠᠪᠤᠳᠠᠭ᠂ ︽ᠰᠠᠨᠠᠭ᠎ᠠ ᠵᠣᠪᠠᠭ᠋ᠤ ᠳᠤᠷᠠᠲᠠᠢ︾ ᠵᠠᠩ ᠠᠭᠠᠰᠢ ᠨᠢ ᠲᠡᠭᠦᠨ ᠢ

ᠠᠯᠢᠪᠠ ᠶᠠᠪᠤᠳᠠᠯ ᠢ ᠴᠥᠮ ᠪᠡᠶ᠎ᠡ ᠪᠠᠷ ᠢᠶᠠᠨ ᠬᠢᠵᠦ᠂ ᠡᠭᠦᠨ ᠤ ᠬᠠᠮᠲᠤ ᠪᠠᠰᠠ ᠣᠯᠠᠨ ᠤ ᠲᠡᠭᠦᠨ ᠤ ᠢᠲᠡᠭᠡᠯ ᠢ

ᠣᠯᠣᠭᠰᠠᠨ ᠪᠠᠶᠢᠨ᠎ᠠ᠃ ᠡᠨᠡ ᠬᠦ ᠤᠯᠠᠮᠵᠢᠯᠠᠯᠲᠤ ᠰᠣᠶᠣᠯ ᠢ ᠰᠢᠨ᠎ᠡ ᠴᠠᠭ ᠦᠶ᠎ᠡ ᠶᠢᠨ ᠯᠠᠩ ᠴᠤᠤ ᠳᠤ ᠬᠡᠷᠡᠭᠯᠡᠬᠦ

ᠦᠭᠡᠢ ᠶᠢᠨ ᠲᠥᠯᠥᠭᠡ᠂ ᠯᠢᠦ ᠱᠤ᠋ ᠰᠢᠶᠠᠩ ᠱᠠᠭ᠎ᠠ ᠶᠢᠨ ᠰᠣᠶᠣᠯ ᠤᠨ ᠰᠤᠳᠤᠯᠤᠨ ᠶᠠᠷᠢᠯᠴᠠᠬᠤ ᠬᠤᠷᠠᠯ ᠳᠤ ᠣᠯᠠᠨ

ᠤᠳᠠᠭ᠎ᠠ ᠣᠷᠣᠯᠴᠠᠭᠰᠠᠨ ᠪᠥᠭᠡᠳ ᠦᠷᠭᠦᠯᠵᠢ ᠨᠡᠶᠢᠭᠡᠮ ᠲᠣᠭᠤᠷᠢᠭ ᠪᠣᠯᠣᠨ ᠰᠤᠷᠭᠠᠭᠤᠯᠢ ᠳᠤ ᠭᠦᠨᠵᠡᠭᠡᠶᠢᠷᠡᠵᠦ᠂ ᠡᠯ᠎ᠡ

ᠦᠨᠳᠦᠰᠦᠲᠡᠨ ᠤ ᠣᠯᠠᠨ ᠲᠦᠮᠡᠨ ᠪᠣᠯᠣᠨ ᠰᠤᠷᠤᠭᠴᠢᠳ ᠲᠤ ᠱᠠᠭ᠎ᠠ ᠲᠣᠭᠯᠠᠭᠴᠢᠳ ᠢ ᠤᠬᠠᠭᠤᠯᠵᠤ᠂ ᠱᠠᠭ᠎ᠠ

ᠲᠣᠭᠯᠠᠭᠴᠢᠳ ᠤᠨ ᠳᠦᠷᠢᠮ ᠪᠣᠯᠣᠨ ᠨᠠᠭᠠᠳᠬᠤ ᠠᠷᠭ᠎ᠠ ᠶᠢ ᠲᠦᠭᠡᠮᠡᠯᠵᠢᠭᠦᠯᠵᠦ᠂ ᠨᠠᠩ ᠣᠯᠠᠨ ᠵᠠᠯᠠᠭᠤᠴᠤᠳ ᠡᠨᠡ ᠬᠦ

ᠤᠯᠠᠮᠵᠢᠯᠠᠯᠲᠤ ᠰᠣᠶᠣᠯ ᠢ ᠣᠶᠢᠯᠠᠭᠠᠵᠤ ᠤᠯᠠᠮᠵᠢᠯᠠᠭᠤᠯᠪᠠ᠃ ᠯᠢᠦ ᠱᠦ ᠰᠢᠶᠠᠩ ᠰᠤᠷᠪᠤᠯᠵᠢᠯᠠᠭᠴᠢ ᠳᠤ ᠬᠡᠯᠡᠬᠦ ᠳᠡᠭᠡᠨ᠂

ᠠᠵᠤ ᠠᠬᠤᠢ ᠨᠡᠶᠢᠭᠡᠮ ᠤᠨ ᠬᠥᠭᠵᠢᠯᠲᠡ ᠶᠢ ᠳᠠᠭᠠᠯᠳᠤᠨ᠂ ᠢᠯᠠᠩᠭᠤᠶ᠎ᠠ ᠨᠠᠮ ᠪᠠ ᠵᠠᠰᠠᠭ ᠤᠨ ᠣᠷᠳᠣᠨ ᠠᠴᠠ

ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠠᠵᠢᠯ ᠢ ᠴᠢᠬᠤᠯᠠᠴᠢᠯᠠᠬᠤ

ᠭᠡᠵᠦ ᠪᠠᠶᠢᠨ᠎ᠠ᠂ ᠤᠳᠠᠯ ᠦᠭᠡᠢ ᠬᠥᠮᠥᠰ ᠤᠨ ᠮᠠᠷᠲᠠᠭᠰᠠᠨ ᠤᠯᠠᠮᠵᠢᠯᠠᠯᠲᠤ ᠲᠥᠷᠥᠯ ᠵᠦᠢᠯ ᠨᠢ ᠬᠥᠮᠥᠰ ᠤᠨ

ᠠᠮᠢᠳᠤᠷᠠᠯ ᠳᠤ ᠳᠠᠬᠢᠨ ᠪᠤᠴᠠᠵᠤ ᠢᠷᠡᠬᠦ ᠪᠠᠷ ᠪᠠᠶᠢᠨ᠎ᠠ᠂ ᠱᠠᠭ᠎ᠠ᠎ ᠲᠠᠢ ᠣᠶᠢᠷᠠᠲᠤᠬᠤ ᠪᠠᠷ ᠳᠠᠮᠵᠢᠭᠤᠯᠤᠨ ᠣᠯᠠᠨ ᠳᠤ

ᠳᠤᠮᠳᠠᠳᠤ ᠶᠢᠨ ᠰᠣᠶᠣᠯ ᠤᠨ ᠭᠤᠸ᠎ᠠ ᠰᠠᠶᠢᠬᠠᠨ᠂ ᠰᠣᠶᠣᠯ ᠤᠨ ᠪᠠᠶᠠᠷ ᠪᠠᠭ᠋ᠠᠳᠤᠯ ᠢ ᠤᠯᠠᠮ ᠨᠢᠭᠡ ᠠᠯᠬᠤᠮ

ᠣᠶᠢᠯᠠᠭᠠᠭᠤᠯᠵᠤ᠂ ᠰᠣᠶᠣᠯ ᠤᠨ ᠢᠲᠡᠭᠡᠯ ᠪᠠ ᠰᠣᠶᠣᠯ ᠤᠨ ᠮᠡᠳᠡᠷᠡᠮᠵᠢ ᠶᠢ ᠨᠡᠮᠡᠭᠳᠡᠭᠦᠯᠵᠡᠢ᠃

 
ᠢᠷᠡᠯᠲᠡ᠄ ᠲᠡᠭᠷᠢᠯᠢᠭ ᠲᠠᠯ᠎ᠠ ᠤᠯᠠᠭᠠᠢ ᠸᠢᠴᠠᠲ ᠤᠨ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号