ᠳᠡᠯᠡᠬᠡᠢ ᠶᠢᠨ ᠥᠪ ᠬᠥᠷᠥᠩᠭᠡ ᠶᠢ ᠬᠠᠮᠠᠭᠠᠯᠠᠨ᠂ ᠪᠠᠶᠢᠭᠠᠯᠢ ᠶᠢᠨ ᠰᠣᠶᠣᠯ ᠢ ᠬᠥᠭᠵᠢᠭᠦᠯᠦᠨ᠎ᠡ
ᠨᠡᠶᠢᠲᠡᠯᠡᠭᠰᠡᠨ ᠴᠠᠭ᠄
2024/9/12

    ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ

ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠡᠯᠡᠬᠡᠢ ᠶᠢᠨ ᠪᠠᠶᠢᠭᠠᠯᠢ ᠶᠢᠨ ᠥᠪ᠂ ᠪᠠᠶᠢᠭᠠᠯᠢ ᠶᠢᠨ ᠰᠣᠶᠣᠯ ᠤᠨ ᠬᠤᠣᠰ

ᠥᠪ ᠢ ᠬᠠᠮᠠᠭᠠᠯᠠᠬᠤ ᠤᠬᠠᠭᠤᠯᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠶᠢᠨ ᠲᠥᠯᠥᠭᠡ᠂

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠳᠡᠯᠡᠬᠡᠢ ᠶᠢᠨ ᠪᠠᠶᠢᠭᠠᠯᠢ ᠶᠢᠨ ᠥᠪ

ᠬᠥᠷᠥᠩᠭᠡ ᠶᠢᠨ ᠬᠠᠮᠠᠭᠠᠯᠠᠯᠲᠠ ᠶᠢᠨ ᠭᠠᠵᠠᠷ ᠪᠣᠯᠬᠤ ᠪᠠᠳᠠᠢ ᠶᠢᠨ ᠵᠢᠷᠠᠨ ᠤ ᠡᠯᠡᠰᠦᠨ ᠴᠦᠯ - ᠡᠯᠡᠰᠦᠨ ᠠᠭᠤᠯᠠ

ᠨᠠᠭᠤᠷ ᠴᠥᠭᠦᠷᠥᠮ ᠤᠨ ᠰᠦᠷᠦᠭᠵᠢᠯ ᠢ ︽ᠳᠡᠯᠡᠬᠡᠢ ᠶᠢᠨ ᠥᠪ ᠤᠨ ᠨᠡᠷᠡᠰ︾ ᠲᠤ ᠠᠮᠵᠢᠯᠲᠠ ᠲᠠᠢ ᠪᠠᠷ ᠣᠷᠣᠭᠤᠯᠵᠤ᠂

ᠥᠪᠥᠷ ᠮᠣᠩᠭᠤᠯ ᠤᠨ ᠠᠩᠬᠠᠳᠠᠭᠴᠢ ᠳᠡᠯᠡᠬᠡᠢ ᠶᠢᠨ ᠪᠠᠶᠢᠭᠠᠯᠢ ᠶᠢᠨ ᠥᠪ ᠬᠥᠷᠥᠩᠭᠡ᠂ ᠳᠤᠮᠳᠠᠳᠤ ᠤᠯᠤᠰ ᠤᠨ

ᠠᠩᠬᠠᠳᠠᠭᠴᠢ ᠡᠯᠡᠰᠦᠨ ᠴᠦᠯ ᠤᠨ ᠲᠥᠷᠥᠯ ᠬᠡᠯᠪᠡᠷᠢ ᠶᠢᠨ ᠳᠡᠯᠡᠬᠡᠢ ᠶᠢᠨ ᠪᠠᠶᠢᠭᠠᠯᠢ ᠶᠢᠨ ᠥᠪ ᠬᠥᠷᠥᠩᠭᠡ

ᠪᠣᠯᠤᠭᠰᠠᠨ ᠤ ᠬᠤᠪᠢ ᠳᠤ᠂ ᠬᠡᠰᠡᠭ ᠨᠠᠭᠤᠷ ᠤᠨ ᠨᠤᠭᠤ ᠭᠠᠵᠠᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ

ᠬᠠᠮᠢᠶᠠᠷᠤᠨ ᠬᠠᠮᠠᠭᠠᠯᠠᠬᠤ ᠲᠥᠪ ᠨᠢ ᠬᠠᠮᠢᠶᠠᠷᠤᠯᠲᠠ ᠶᠢᠨ ᠣᠷᠣᠨ ᠤ ᠬᠡᠪᠴᠢᠶᠡᠨ ᠳᠤ ᠰᠣᠶᠣᠯ ᠪᠠ ᠪᠠᠶᠢᠭᠠᠯᠢ ᠶᠢᠨ

ᠥᠪ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃

   ᠠᠵᠢᠯᠯᠠᠭ᠎ᠠ ᠨᠢ ︽ᠳᠡᠯᠡᠬᠡᠢ ᠶᠢᠨ ᠥᠪ ᠢ ᠬᠠᠮᠠᠭᠠᠯᠠᠵᠤ᠂ ᠪᠠᠶᠢᠭᠠᠯᠢ ᠶᠢᠨ ᠰᠣᠶᠣᠯ ᠢ ᠪᠠᠳᠠᠷᠠᠭᠤᠯᠬᠤ︾ ᠡᠨᠡ ᠬᠦ

ᠢᠯᠡ ᠲᠣᠳᠣ ᠭᠤᠣᠯ ᠰᠡᠳᠦᠪ ᠤᠨ ᠲᠣᠭᠤᠷᠢᠨ ᠳᠤ᠂ ᠣᠯᠠᠨ ᠲᠦᠮᠡᠨ ᠤ ᠪᠠᠶᠢᠭᠠᠯᠢ ᠶᠢᠨ ᠥᠪ ᠢ ᠨᠠᠨᠳᠢᠩᠨᠠᠨ

ᠬᠠᠮᠠᠭᠠᠯᠠᠬᠤ ᠤᠬᠠᠮᠰᠠᠷ ᠢ ᠳᠠᠶᠢᠴᠢᠯᠠᠬᠤ ᠶᠢᠨ ᠬᠠᠮᠲᠤ ᠪᠠᠶᠢᠭᠠᠯᠢ ᠶᠢᠨ ᠰᠣᠶᠣᠯ ᠤᠨ ᠤᠯᠠᠮᠵᠢᠯᠠᠯ ᠪᠠ ᠬᠥᠭᠵᠢᠯᠲᠡ ᠶᠢ

ᠠᠬᠢᠭᠤᠯᠬᠤ ᠶᠢᠨ ᠲᠥᠯᠥᠭᠡ ᠶᠤᠮ᠃ ᠡᠭᠦᠨ ᠢᠶᠠᠷ ᠤᠬᠠᠭᠤᠯᠭ᠎ᠠ ᠶᠢᠨ ᠴᠣᠩᠬᠤ ᠪᠣᠯᠭᠠᠬᠤ ᠶᠢᠨ ᠬᠠᠮᠲᠤ ᠨᠠᠰᠢ ᠴᠠᠰᠢ

ᠥᠩᠭᠡᠷᠡᠬᠦ ᠬᠥᠮᠥᠰ ᠲᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠶᠢᠨ ᠬᠠᠮᠲᠤ ︽ᠪᠥᠬᠦᠳᠡ ᠨᠠᠶᠢᠷᠠᠮᠳᠠᠬᠤ

ᠳᠤᠮᠳᠠᠳᠤ ᠠᠷᠠᠳ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠤᠨ ᠬᠠᠤᠯᠢ︾᠂ ︽ᠪᠣᠳᠠᠰ ᠤᠨ ᠪᠤᠰᠤ

ᠰᠣᠶᠣᠯ ᠤᠨ ᠥᠪ ᠢ ᠬᠠᠮᠠᠭᠠᠯᠠᠬᠤ ᠨᠡᠶᠢᠲᠡ ᠶᠢᠨ ᠭᠡᠷ᠎ᠡ︾ ᠵᠡᠷᠭᠡ ᠰᠣᠶᠣᠯ ᠤᠨ ᠥᠪ ᠤᠨ ᠬᠠᠮᠢᠶ᠎ᠠ ᠪᠦᠬᠦᠢ ᠬᠠᠤᠯᠢ

ᠴᠠᠭᠠᠵᠠ ᠬᠠᠤᠯᠢ ᠲᠣᠭᠲᠠᠭᠠᠯ ᠢ ᠲᠠᠶᠢᠯᠪᠤᠷᠢᠯᠠᠪᠠ᠃

   ᠲᠣᠰ ᠤᠳᠠᠭᠠᠨ ᠤ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠣᠯᠠᠨ ᠲᠦᠮᠡᠨ ᠳᠤ

ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠤᠬᠠᠭᠤᠯᠵᠤ᠂ ᠪᠠᠶᠢᠭᠠᠯᠢ ᠶᠢᠨ

ᠬᠠᠮᠠᠭᠠᠯᠠᠯᠲᠠ ᠶᠢᠨ ᠭᠠᠵᠠᠷ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ

ᠮᠡᠳᠡᠯᠭᠡ ᠶᠢ ᠲᠦᠭᠡᠮᠡᠯᠵᠢᠭᠦᠯᠵᠦ᠂ ᠨᠡᠶᠢᠲᠡ 100 ᠬᠠᠭᠤᠳᠠᠰᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠨᠢᠭᠡ

ᠵᠤᠷᠪᠤᠰ ᠬᠥᠨᠳᠡᠯᠡᠨ ᠪᠢᠴᠢᠭᠡᠰᠦ ᠡᠯᠭᠦᠪᠡ᠃ ᠪᠠᠶᠢᠭᠠᠯᠢ ᠶᠢᠨ ᠥᠪ ᠢ ᠬᠠᠮᠠᠭᠠᠯᠠᠬᠤ ᠨᠢ ᠬᠥᠮᠥᠨ ᠲᠥᠷᠥᠯᠬᠢᠲᠡᠨ ᠤ

ᠨᠡᠶᠢᠭᠡᠮ ᠤᠨ ᠦᠷᠭᠦᠯᠵᠢᠯᠡᠬᠦ ᠬᠥᠭᠵᠢᠯᠲᠡ ᠳᠤ ᠴᠢᠬᠤᠯᠠ ᠠᠴᠢ ᠬᠤᠯᠪᠣᠭᠳᠠᠯ ᠲᠠᠢ ᠶᠤᠮ᠂ ᠪᠠᠶᠢᠭᠠᠯᠢ ᠶᠢᠨ ᠰᠣᠶᠣᠯ ᠢ

ᠪᠠᠳᠠᠷᠠᠭᠤᠯᠵᠤ᠂ ᠬᠥᠮᠥᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠶᠢ ᠠᠬᠢᠭᠤᠯᠤᠨ᠎ᠠ᠃

 
ᠢᠷᠡᠯᠲᠡ᠄ ᠤᠯᠠᠭᠠᠶ ᠬᠠᠮᠢᠶᠠᠷᠤᠯᠲᠠ ᠶᠢᠨ ᠣᠷᠣᠨ ᠤ ᠵᠠᠰᠠᠭ ᠤᠨ ᠶᠠᠪᠤᠳᠠᠯ ᠤᠨ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号