ᠤᠯᠠᠭᠠᠢ ᠬᠠᠮᠢᠶᠠᠷᠤᠯᠲᠠ ᠶᠢᠨ ᠣᠷᠣᠨ ᠤ ᠠᠬᠠᠮᠠᠳ ᠺᠠᠳ᠋ᠷ ᠤᠨ ᠲᠣᠪᠴᠢᠶ᠎ᠠ ︽ᠮᠢᠨᠤ ᠬᠠᠵᠠᠭᠤ ᠳᠠᠬᠢ ᠰᠢᠨ᠎ᠡ ᠬᠤᠪᠢᠷᠠᠯᠲᠠ︾ ᠭᠡᠬᠦ ᠭᠤᠣᠯ ᠰᠡᠳᠦᠪᠲᠦ ᠬᠥᠳᠡᠯᠭᠡᠭᠡᠨ ᠢ ᠵᠣᠬᠢᠶᠠᠨ ᠪᠠᠶᠢᠭᠤᠯᠤᠨ ᠥᠷᠨᠢᠭᠦᠯᠪᠡ
ᠨᠡᠶᠢᠲᠡᠯᠡᠭᠰᠡᠨ ᠴᠠᠭ᠄
2024/9/12

    ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠤᠯᠠᠭᠠᠢ ᠬᠠᠮᠢᠶᠠᠷᠤᠯᠲᠠ ᠶᠢᠨ ᠣᠷᠣᠨ ᠤ ᠠᠵᠤ

ᠠᠬᠤᠢ ᠨᠡᠶᠢᠭᠡᠮ ᠳᠤ ᠯᠤᠲᠤ ᠶᠡᠭᠡ ᠬᠤᠪᠢᠷᠠᠯᠲᠠ ᠭᠠᠷᠴᠤ᠂ ᠨᠡᠶᠢᠭᠡᠮ ᠤᠨ ᠠᠵᠢᠯ ᠦᠢᠯᠡᠰ ᠪᠦᠬᠦ ᠲᠠᠯ᠎ᠠ ᠪᠠᠷ ᠳᠠᠪᠰᠢᠵᠤ᠂

ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠦᠷᠬᠦᠯᠵᠢᠯᠡᠨ ᠰᠠᠶᠢᠵᠢᠷᠠᠵᠤ᠂ ᠠᠷᠠᠳ ᠣᠯᠠᠨ ᠤ ᠬᠦᠷᠲᠡᠮᠵᠢ ᠶᠢᠨ

ᠲᠥᠷᠥᠭᠳᠡᠯ᠂ ᠵᠢᠷᠭᠠᠯᠲᠤ ᠲᠥᠷᠥᠭᠳᠡᠯ᠂ ᠬᠠᠨᠤᠮᠠᠯ ᠲᠥᠷᠥᠭᠳᠡᠯ ᠢᠯᠡᠳᠲᠡ ᠳᠡᠭᠡᠭᠰᠢᠯᠡᠪᠡ᠃ ᠣᠶᠢᠷ᠎ᠠ ᠶᠢᠨ ᠡᠳᠦᠷ᠂

ᠬᠠᠮᠢᠶᠠᠷᠤᠯᠲᠠ ᠶᠢᠨ ᠣᠷᠣᠨ ᠤ ᠠᠬᠠᠮᠠᠳ ᠺᠠᠳ᠋ᠷ ᠤᠨ ᠲᠣᠪᠴᠢᠶ᠎ᠠ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠢ

ᠵᠣᠬᠢᠶᠠᠨ ᠪᠠᠶᠢᠭᠤᠯᠵᠤ ︽ᠬᠠᠵᠠᠭᠤ ᠳᠠᠬᠢ ᠰᠢᠨ᠎ᠡ ᠬᠤᠪᠢᠷᠠᠯᠲᠠ︾ ᠭᠡᠬᠦ ᠭᠤᠣᠯ ᠰᠡᠳᠦᠪᠲᠦ ᠬᠥᠳᠡᠯᠭᠡᠭᠡᠨ ᠥᠷᠨᠢᠭᠦᠯᠵᠦ᠂

ᠠᠬᠠᠮᠠᠳ ᠺᠠᠳ᠋ᠷ ᠲᠤ ᠰᠢᠨ᠎ᠡ ᠴᠠᠭ ᠦᠶ᠎ᠡ ᠠᠴᠠ ᠨᠠᠭᠠᠰᠢᠬᠢ ᠬᠠᠮᠢᠶᠠᠷᠤᠯᠲᠠ ᠶᠢᠨ ᠣᠷᠣᠨ ᠬᠥᠮᠥᠰ ᠤᠨ ᠠᠩᠬᠠᠷᠤᠯ ᠢ

ᠲᠠᠲᠠᠵᠤ ᠪᠠᠶᠢᠭ᠎ᠠ ᠬᠤᠪᠢᠷᠠᠯᠲᠠ ᠶᠢ ᠣᠶᠢᠯᠠᠭᠠᠭᠤᠯᠵᠤ᠂ ᠠᠬᠠᠮᠠᠳ ᠺᠠᠳ᠋ᠷ ᠤᠨ ᠴᠠᠭᠠᠨ ᠣᠷᠣᠨ ᠤ ᠴᠢᠨᠠᠷ ᠰᠠᠶᠢᠲᠠᠢ

ᠬᠥᠭᠵᠢᠯᠲᠡ ᠳᠤ ᠦᠷᠬᠦᠯᠵᠢᠯᠡᠨ ᠣᠶᠣᠨ ᠤᠬᠠᠭᠠᠨ ᠬᠦᠴᠦᠨ ᠴᠢᠳᠠᠯ ᠢᠶᠠᠨ ᠡᠷᠭᠦᠬᠦ ᠶᠢ ᠵᠢᠯᠣᠭᠤᠳᠤᠭᠰᠠᠨ ᠪᠠᠶᠢᠨ᠎ᠠ᠃

    ︽ᠡᠷᠭᠢᠴᠡᠭᠦᠯᠦᠯ︾ ᠤᠨ ᠭᠠᠶᠢᠬᠠᠮᠰᠢᠭᠲᠤ ᠤᠨ ᠰᠠᠷ᠎ᠠ ᠳᠤ᠂ ᠡᠷᠡᠯᠬᠡᠭᠯᠡᠨ ᠲᠡᠮᠡᠴᠡᠭᠰᠡᠨ ᠥᠩᠭᠡᠷᠡᠯᠲᠡ ᠲᠠᠢ ᠠᠬᠠᠮᠠᠳ

ᠺᠠᠳ᠋ᠷᠴᠤᠳ ᠤᠷᠢᠳ ᠬᠤᠵᠢᠳ ᠪᠢᠩᠲ᠋ᠤᠸᠠᠨ ᠤ ᠲᠡᠦᠬᠡ ᠶᠢᠨ ᠳᠤᠷᠠᠰᠤᠮᠵᠢ ᠶᠢᠨ ᠣᠷᠳᠣᠨ᠂ ᠪᠢᠩᠲ᠋ᠤᠸᠠᠨ ᠤ

ᠬᠤᠪᠢᠰᠬᠠᠯ ᠤᠨ ᠥᠯᠢᠭᠡᠷ ᠤᠨ ᠦᠵᠡᠰᠬᠦᠯᠡᠩ ᠤᠨ ᠲᠢᠩᠬᠢᠮ᠂ ᠰᠡᠬᠡᠭᠡᠲᠡᠳ ᠤᠨ ᠠᠮᠢᠳᠤᠷᠠᠯ ᠤᠨ ᠪᠡᠶᠡᠴᠢᠯᠡᠨ

ᠣᠶᠢᠯᠠᠭᠠᠬᠤ ᠣᠷᠳᠣᠨ᠂ᠠᠮᠤ ᠪᠤᠳᠠᠭᠠᠨ ᠤ ᠠᠮᠤᠷ ᠲᠦᠪᠰᠢᠨ ᠤ ᠬᠥᠮᠦᠵᠢᠯ ᠤᠨ ᠦᠵᠡᠭᠦᠯᠭᠡ ᠶᠢᠨ ᠲᠢᠩᠬᠢᠮ᠂

ᠤᠰᠤᠨ ᠤ ᠠᠮᠢ ᠠᠬᠤᠢ ᠶᠢᠨ ᠦᠵᠡᠭᠦᠯᠭᠡ ᠶᠢᠨ ᠲᠢᠩᠬᠢᠮ ᠵᠡᠷᠭᠡ ᠳᠤ ᠬᠦᠷᠴᠦ᠂ ᠬᠤᠪᠢᠰᠬᠠᠯ ᠤᠨ ᠲᠡᠦᠬᠡ ᠶᠢ ᠳᠠᠬᠢᠨ

ᠡᠷᠭᠢᠴᠡᠭᠦᠯᠪᠡ᠃ ᠬᠢᠵᠠᠭᠠᠯᠠᠰᠢ ᠦᠭᠡᠢ ᠬᠤᠪᠣᠷ ᠨᠠᠨᠳᠢᠨ ᠬᠠᠷ᠎ᠠ ᠭᠡᠷᠡᠯ ᠵᠢᠷᠤᠭ᠂ ᠤᠨ ᠰᠠᠷ᠎ᠠ ᠡᠯᠪᠡᠭ ᠠᠭᠤᠯᠤᠭᠰᠠᠨ

ᠪᠣᠳᠠᠲᠤ ᠪᠣᠳᠠᠰ ᠤᠨ ᠦᠵᠡᠭᠦᠯᠭᠡ ᠶᠢᠨ ᠡᠳ᠋᠂ᠬᠥᠰᠢᠭᠡ ᠪᠠᠨ ᠳᠡᠭᠡᠳᠦ ᠬᠡᠮᠵᠢᠶ᠎ᠡ ᠪᠠᠷ ᠰᠡᠷᠭᠦᠭᠡᠭᠰᠡᠨ ᠨᠢᠭᠡᠨ ᠬᠡᠰᠡᠭ

ᠲᠡᠦᠬᠡ ᠶᠢᠨ ᠪᠠᠶᠢᠳᠠᠯ ᠤᠨ ᠡᠮᠦᠨ᠎ᠡ᠂ ᠲᠡᠳᠡ ᠪᠠᠶᠢᠨ ᠪᠠᠶᠢᠨ ᠪᠣᠳᠣᠯᠬᠢᠯᠠᠨ᠂ ᠰᠠᠨᠠᠯ ᠢᠶᠠᠨ ᠰᠣᠯᠢᠯᠴᠠᠵᠤ᠂ ᠥᠩᠭᠡᠷᠡᠭᠰᠡᠨ ᠤ

ᠪᠡᠷᠬᠡ ᠬᠠᠲᠠᠭᠤᠵᠢᠯᠲᠠᠢ ᠤᠨ ᠰᠠᠷ᠎ᠠ ᠪᠠᠨ ᠬᠠᠮᠲᠤ ᠪᠠᠷ ᠡᠷᠭᠢᠴᠡᠭᠦᠯᠬᠦ ᠶᠢᠨ ᠬᠠᠮᠲᠤ ᠦᠵᠡᠭᠦᠯᠦᠯᠭᠡ ᠶᠢᠨ ᠲᠢᠩᠬᠢᠮ ᠤᠨ

ᠬᠡᠰᠡᠭ ᠠᠭᠤᠯᠭ᠎ᠠ ᠳᠤ ᠡᠷᠬᠢᠮ ᠨᠠᠨᠳᠢᠨ ᠰᠠᠨᠠᠯ ᠳᠤᠷᠠᠳᠴᠤ᠂ᠵᠣᠪᠠᠭᠤᠷᠢ ᠵᠦᠳᠡᠭᠦᠷᠢ ᠶᠢ ᠡᠷᠭᠢᠴᠡᠭᠦᠯᠵᠦ᠂ ᠤᠳᠤ ᠶᠢᠨ

ᠵᠣᠯ ᠵᠢᠷᠭᠠᠯᠲᠤ ᠠᠮᠢᠳᠤᠷᠠᠯ ᠢ ᠰᠡᠭᠦᠷᠡᠰᠦ ᠠᠯᠳᠠᠨ᠎ᠠ᠃

     ᠴᠠᠭ ᠦᠶ᠎ᠡ ᠶᠢᠨ ᠬᠤᠪᠢᠷᠠᠯᠲᠠ ᠶᠢ ᠬᠠᠷᠠᠵᠤ᠂ ᠬᠥᠭᠵᠢᠯᠲᠡ ᠶᠢᠨ ᠠᠮᠵᠢᠯᠲᠠ ᠪᠦᠲᠦᠮᠵᠢ ᠶᠢ ᠮᠠᠭᠲᠠᠭᠰᠠᠨ

ᠠᠬᠠᠮᠠᠳ ᠺᠠᠳ᠋ᠷᠴᠤᠳ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ

ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠲᠤ ᠬᠦᠷᠴᠦ᠂ ︽ᠲᠠᠯ᠎ᠠ ᠨᠤᠲᠤᠭ ᠤᠨ ᠥᠩᠭᠡ︾᠂ ᠲᠠᠯ᠎ᠠ

ᠨᠤᠲᠤᠭ ᠤᠨ ᠨᠣᠮ ᠤᠨ ᠰᠠᠩ᠂ᠰᠣᠶᠣᠯ ᠤᠨ ᠡᠭᠦᠳᠦᠯᠲᠡ ᠶᠢᠨ ᠪᠡᠯᠡᠭ ᠤᠨ ᠦᠵᠡᠭᠦᠯᠭᠡ ᠶᠢᠨ ᠲᠣᠭᠤᠷᠢᠭ ᠵᠡᠷᠭᠡ

ᠣᠷᠣᠨ ᠪᠦᠰᠡ ᠶᠢ ᠲᠣᠭᠤᠷᠢᠨ ᠦᠵᠡᠭᠰᠡᠨ ᠪᠥᠭᠡᠳ ᠲᠤᠬᠠᠢ ᠶᠢᠨ ᠲᠠᠯᠠᠪᠤᠷ ᠲᠤ ︽ᠳᠡᠭᠡᠳᠦ ᠰᠢᠨᠵᠢᠯᠡᠬᠦ ᠤᠬᠠᠭᠠᠨ

ᠮᠡᠷᠭᠡᠵᠢᠯ︾ ᠢ ᠪᠡᠶᠡᠴᠢᠯᠡᠨ ᠣᠶᠢᠯᠠᠭᠠᠵᠤ᠂ ᠠᠬᠠᠮᠠᠳ ᠺᠠᠳ᠋ᠷᠴᠤᠳ ᠬᠤᠷᠤᠭᠤ ᠪᠠᠷ ᠢᠶᠠᠨ ᠬᠥᠩᠭᠡᠬᠡᠨ ᠲᠡᠮᠲᠡᠷᠢᠵᠦ

ᠦᠵᠡᠪᠡᠯ ᠠᠳᠠᠯᠢ ᠪᠤᠰᠤ ᠤᠷᠭᠤᠮᠠᠯ ᠤᠨ ᠨᠡᠷᠡᠶᠢᠳᠦᠯ᠂ ᠬᠡᠯᠪᠡᠷᠢ ᠳᠦᠷᠰᠦ ᠵᠢᠴᠢ ᠡᠮ ᠳᠤ ᠬᠡᠷᠡᠭᠯᠡᠬᠦ ᠦᠨ᠎ᠡ

ᠥᠷᠲᠡᠭ ᠲᠠᠢ ᠤᠷᠭᠤᠮᠠᠯ ᠢ ᠣᠶᠢᠯᠠᠭᠠᠵᠤ ᠴᠢᠳᠠᠨ᠎ᠠ᠃ ᠠᠬᠠᠮᠠᠳ ᠺᠠᠳ᠋ᠷᠴᠤᠳ ᠲᠠᠯ᠎ᠠ ᠨᠤᠲᠤᠭ ᠳᠡᠭᠡᠷ᠎ᠡ

ᠣᠳᠣᠬᠢᠴᠢᠯᠠᠭᠰᠠᠨ ᠵᠢᠭᠤᠯᠴᠢᠯᠠᠯ ᠪᠣᠯᠣᠨ ᠠᠮᠢ ᠠᠬᠤᠢ ᠶᠢᠨ ᠬᠠᠮᠠᠭᠠᠯᠠᠯᠲᠠ ᠨᠢ ᠭᠦᠨᠵᠡᠭᠡᠢ ᠠᠭᠤᠰᠤᠯᠴᠠᠵᠤ᠂

︽ᠵᠢᠭᠤᠯᠴᠢᠯᠠᠯ︾ ᠭᠡᠬᠦ ᠡᠨᠡ ᠬᠦ ᠵᠣᠬᠢᠶᠠᠯ ᠢ ᠤᠯᠠᠮ ᠤᠷᠤᠭᠰᠢᠲᠠᠢ ᠪᠢᠴᠢᠭᠰᠡᠨ ᠢ ᠶᠡᠬᠡᠳᠡ ᠰᠡᠳᠬᠢᠯ ᠬᠥᠳᠡᠯᠪᠡ᠃

ᠲᠣᠭᠤᠷᠢᠨ ᠦᠵᠡᠬᠦ ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠠᠬᠠᠮᠠᠳ ᠺᠠᠳ᠋ᠷᠴᠤᠳ᠂ ᠲᠣᠰ ᠤᠳᠠᠭᠠᠨ ᠤ ᠠᠵᠢᠯᠯᠠᠭ᠎ᠠ

 ᠨᠢ ᠲᠡᠳᠡᠨ ᠳᠤ ᠨᠠᠮ ᠤᠨ ᠤᠳᠤᠷᠢᠳᠤᠯᠭ᠎ᠠ ᠳᠣᠣᠷ᠎ᠠ ᠣᠯᠣᠭᠰᠠᠨ ᠭᠡᠷᠡᠯ ᠰᠠᠴᠤᠷᠠᠩᠭᠤᠢ ᠠᠮᠵᠢᠯᠲᠠ ᠶᠢ ᠭᠦᠨᠵᠡᠭᠡᠢ

ᠮᠡᠳᠡᠷᠡᠭᠦᠯᠵᠦ᠂ ᠲᠡᠳᠡᠨ ᠤ ᠬᠠᠮᠢᠶᠠᠷᠤᠯᠲᠠ ᠶᠢᠨ ᠣᠷᠣᠨ ᠤ ᠦᠷᠭᠦᠯᠵᠢᠯᠡᠨ ᠬᠥᠭᠵᠢᠬᠦ ᠳᠤ ᠬᠦᠴᠦᠨ ᠴᠢᠳᠠᠯ ᠢᠶᠠᠨ

ᠡᠷᠭᠦᠬᠦ ᠡᠷᠡᠰ ᠵᠣᠷᠢᠭ ᠢ ᠨᠠᠩ ᠪᠠᠲᠤᠳᠬᠠᠪᠠ ᠭᠡᠵᠦ ᠢᠯᠡᠳᠬᠡᠵᠡᠭᠡᠪᠡ᠃ ᠲᠡᠳᠡ ᠦᠯᠡᠳᠡᠪᠦᠷᠢ ᠢᠯᠴᠢ ᠪᠠᠨ

ᠦᠷᠭᠦᠯᠵᠢᠯᠡᠨ ᠪᠠᠳᠠᠷᠠᠭᠤᠯᠵᠤ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠪᠣᠳᠠᠲᠤ

ᠠᠵᠢᠯᠯᠠᠭ᠎ᠠ ᠪᠠᠷ ᠢᠶᠠᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠦᠨ᠎ᠡ᠃

 
ᠢᠷᠡᠯᠲᠡ᠄ ᠲᠡᠭᠷᠢᠯᠢᠭ ᠲᠠᠯ᠎ᠠ ᠤᠯᠠᠭᠠᠢ ᠸᠢᠴᠠᠲ ᠤᠨ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号