ᠪᠡᠶ᠎ᠡ ᠶᠢᠨ ᠦᠨᠡᠮᠯᠡᠯ ᠤᠨ ᠲᠤᠬᠠᠢ ᠳᠣᠣᠷᠠᠬᠢ ᠬᠠᠤᠯᠢ ᠴᠠᠭᠠᠵᠠ ᠶᠢᠨ ᠮᠡᠳᠡᠯᠭᠡ ᠶᠢ ᠤᠯᠠᠨ ᠢᠶᠠᠷ ᠢᠶᠠᠨ | ᠣᠶᠢᠯᠠᠭᠠᠵᠤ ᠠᠪᠤᠶ᠎ᠠ᠃ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ | ᠬᠠᠤᠯᠢ︾ | ᠠᠷᠪᠠᠨ ᠲᠠᠪᠤᠳᠤᠭᠠᠷ ᠵᠦᠢᠯ ᠠᠷᠠᠳ ᠤᠨ ᠴᠠᠭᠳᠠᠭ᠎ᠠ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ | ᠭᠦᠢᠴᠡᠳᠬᠡᠬᠦ ᠳᠡᠭᠡᠨ ᠳᠣᠣᠷᠠᠬᠢ ᠵᠢᠭᠰᠠᠭᠠᠭᠰᠠᠨ ᠪᠠᠶᠢᠳᠠᠯ ᠤᠳ ᠲᠣᠬᠢᠶᠠᠯᠳᠤᠪᠠᠯ᠂ ᠬᠠᠤᠯᠢ ᠬᠡᠷᠡᠭᠵᠢᠭᠦᠯᠬᠦ | ᠦᠨᠡᠮᠯᠡᠯ ᠢᠶᠠᠨ ᠭᠠᠷᠭᠠᠵᠤ ᠦᠵᠡᠭᠦᠯᠦᠭᠡᠳ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠪᠠᠶᠢᠴᠠᠭᠠᠨ ᠰᠢᠯᠭᠠᠵᠤ | ᠪᠣᠯᠣᠨ᠎ᠠ᠄ | ︵ᠨᠢᠭᠡ︶ ᠬᠠᠤᠯᠢ ᠶᠢ ᠵᠥᠷᠢᠴᠡᠵᠦ ᠶᠠᠯ᠎ᠠ ᠬᠢᠭᠰᠡᠨ ᠰᠡᠵᠢᠭᠯᠡᠯᠲᠡᠢ ᠬᠥᠮᠥᠨ ᠤ ᠪᠡᠶ᠎ᠡ ᠶᠢᠨ ᠬᠢᠷᠢ ᠬᠡᠮ ᠢ ᠨᠢ ᠪᠠᠶᠢᠴᠠᠭᠠᠨ | ᠲᠣᠳᠣᠯᠠᠬᠤ ᠴᠢᠬᠤᠯᠠᠲᠠᠢ ᠦᠶᠡᠰ᠃ | ︵ᠬᠤᠶᠠᠷ︶ ᠬᠠᠤᠯᠢ ᠶᠣᠰᠣᠭᠠᠷ ᠲᠤᠬᠠᠢ ᠶᠢᠨ ᠲᠠᠯᠠᠪᠤᠷ ᠤᠨ ᠵᠠᠬᠢᠷᠤᠨ ᠬᠠᠮᠢᠶᠠᠷᠤᠯᠲᠠ ᠶᠢ ᠬᠡᠷᠡᠭᠵᠢᠭᠦᠯᠬᠦ ᠳᠤ | ᠬᠤᠯᠪᠣᠭᠳᠠᠯ ᠪᠦᠬᠦᠢ ᠬᠥᠮᠥᠰ ᠤᠨ ᠪᠡᠶ᠎ᠡ ᠶᠢᠨ ᠬᠢᠷᠢ ᠬᠡᠮ ᠢ ᠪᠠᠶᠢᠴᠠᠭᠠᠨ ᠲᠣᠳᠣᠯᠠᠬᠤ ᠴᠢᠬᠤᠯᠠᠲᠠᠢ ᠦᠶᠡᠰ᠃ | ︵ᠭᠤᠷᠪᠠ︶ ᠨᠡᠶᠢᠭᠡᠮ ᠤᠨ ᠠᠮᠤᠷ ᠲᠦᠪᠰᠢᠨ ᠳᠤ ᠬᠦᠨᠳᠦ ᠨᠣᠴᠢᠲᠠᠢ ᠬᠤᠣᠷ ᠬᠥᠨᠥᠭᠡᠯ ᠤᠴᠠᠷᠠᠭᠤᠯᠬᠤ ᠭᠡᠨᠡᠳᠲᠡ ᠶᠢᠨ | ᠬᠡᠷᠡᠭ ᠭᠠᠷᠪᠠᠯ᠂ ᠲᠤᠬᠠᠢ ᠶᠢᠨ ᠲᠠᠯᠠᠪᠤᠷ ᠤᠨ ᠬᠤᠯᠪᠣᠭᠳᠠᠯ ᠪᠦᠬᠦᠢ ᠬᠥᠮᠥᠰ ᠤᠨ ᠪᠡᠶ᠎ᠡ ᠬᠡᠮ ᠢ ᠪᠠᠶᠢᠴᠠᠭᠠᠨ | ᠲᠣᠳᠣᠷᠬᠠᠶᠢᠯᠠᠬᠤ ᠴᠢᠬᠤᠯᠠᠲᠠᠢ ᠦᠶᠡᠰ᠃ | ︵ᠳᠥᠷᠪᠡ︶ ᠭᠠᠯᠲᠤ ᠲᠡᠷᠭᠡᠨ ᠤᠶᠢᠷᠳᠡᠭᠡ᠂ ᠮᠠᠰᠢᠨ ᠲᠡᠷᠭᠡᠨ ᠤᠶᠢᠷᠳᠡᠭᠡ᠂ ᠭᠠᠷᠠᠮ᠂ ᠣᠩᠭᠤᠴᠠᠨ ᠤ ᠵᠣᠭᠰᠣᠭᠠᠯ᠂ | ᠨᠢᠰᠬᠡᠯ ᠤᠨ ᠪᠠᠭᠤᠳᠠᠯ ᠪᠤᠶᠤ ᠴᠢᠬᠤᠯᠠ ᠶᠡᠭᠡ ᠠᠵᠢᠯᠯᠠᠭ᠎ᠠ ᠶᠢᠨ ᠬᠤᠭᠤᠴᠠᠭᠠᠨ ᠳᠤ ᠲᠣᠭᠤᠷᠢᠭ ᠬᠤᠪᠢᠶᠠᠨ | ᠪᠠᠶᠢᠭᠤᠯᠤᠭᠰᠠᠨ ᠬᠤᠳᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠲᠠᠯᠠᠪᠤᠷ ᠲᠤ | ᠬᠤᠯᠪᠣᠭᠳᠠᠯ ᠪᠦᠬᠦᠢ ᠬᠥᠮᠥᠰ ᠤᠨ ᠪᠡᠶ᠎ᠡ ᠬᠡᠮ ᠢ ᠪᠠᠶᠢᠴᠠᠭᠠᠨ ᠲᠣᠳᠣᠯᠠᠬᠤ ᠴᠢᠬᠤᠯᠠᠲᠠᠢ ᠦᠶᠡᠰ᠃ | ︵ᠲᠠᠪᠤ︶ ᠬᠠᠤᠯᠢ ᠴᠠᠭᠠᠵᠠ ᠳᠤ ᠲᠣᠭᠲᠠᠭᠠᠭᠰᠠᠨ ᠪᠡᠶ᠎ᠡ ᠶᠢᠨ ᠬᠢᠷᠢ ᠬᠡᠮ ᠢ ᠨᠢ ᠪᠠᠶᠢᠴᠠᠭᠠᠨ ᠲᠣᠳᠣᠷᠬᠠᠶᠢᠯᠠᠬᠤ | ᠴᠢᠬᠤᠯᠠᠲᠠᠢ ᠪᠤᠰᠤᠳ ᠪᠠᠶᠢᠳᠠᠯ ᠳᠤ᠃ ᠡᠮᠦᠨᠡᠬᠢ ᠵᠢᠭᠰᠠᠭᠠᠭᠰᠠᠨ ᠵᠤᠷᠪᠤᠰ ᠤᠳ ᠤᠨ ᠠᠯᠢ ᠨᠢᠭᠡ ᠨᠢ | ᠲᠣᠬᠢᠶᠠᠯᠳᠤᠵᠤ᠂ ᠠᠷᠠᠳ ᠤᠨ ᠴᠠᠭᠳᠠᠭ᠎ᠠ ᠶᠢᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠪᠠᠶᠢᠴᠠᠭᠠᠨ | ᠲᠣᠳᠣᠯᠠᠬᠤ ᠶᠢ ᠲᠡᠪᠴᠢᠭᠰᠡᠨ ᠪᠠᠶᠢᠪᠠᠯ᠂ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠲᠣᠭᠲᠠᠭᠠᠯ ᠶᠣᠰᠣᠭᠠᠷ ᠠᠳᠠᠯᠢ | ᠪᠤᠰᠤ ᠪᠠᠶᠢᠳᠠᠯ ᠢ ᠢᠯᠭᠠᠨ ᠠᠷᠭ᠎ᠠ ᠬᠡᠮᠵᠢᠶ᠎ᠡ ᠠᠪᠴᠤ ᠰᠢᠢᠳᠪᠦᠷᠢᠯᠡᠨ᠎ᠡ᠃ | ᠶᠠᠮᠠᠷᠪᠠ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠥᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ | ᠳᠠᠷᠤᠵᠤ ᠠᠪᠴᠤ ᠪᠣᠯᠬᠤ ᠦᠭᠡᠢ᠃ ᠭᠡᠪᠡᠴᠦ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠵᠠᠷᠭᠤ ᠶᠢᠨ ᠬᠠᠤᠯᠢ︾ ᠶᠢᠨ ᠶᠣᠰᠣᠭᠠᠷ ᠰᠠᠭᠤᠭ᠎ᠠ ᠭᠠᠵᠠᠷ | ᠲᠤᠨᠢ ᠬᠢᠨᠠᠯᠲᠠ ᠲᠠᠯᠪᠢᠬᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠬᠤ ᠪᠠᠶᠢᠳᠠᠯ ᠡᠭᠦᠨ ᠳᠤ ᠪᠠᠭᠲᠠᠬᠤ ᠦᠭᠡᠢ᠃ | ᠠᠷᠪᠠᠨ ᠵᠢᠷᠭᠤᠳᠤᠭᠠᠷ ᠵᠦᠢᠯ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠨᠤᠭᠤᠳ ᠤᠨ ᠨᠢᠭᠡ ᠶᠢ ᠬᠢᠭᠰᠡᠨ | ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠳᠣᠩᠭᠤᠳᠴᠤ᠂ ᠬᠤᠶᠠᠷ ᠵᠠᠭᠤᠨ ᠲᠥᠭᠦᠷᠢᠭ ᠠᠴᠠ | ᠳᠣᠷᠣᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠨ᠎ᠡ᠂ ᠬᠠᠤᠯᠢ ᠶᠢ ᠵᠥᠷᠢᠴᠡᠵᠦ ᠣᠯᠵᠠ ᠠᠰᠢᠭ | ᠣᠯᠣᠭᠰᠠᠨ ᠪᠠᠶᠢᠪᠠᠯ᠂ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠢ ᠨᠢ ᠬᠤᠷᠢᠶᠠᠨ ᠠᠪᠤᠨ᠎ᠠ᠄ | ︵ᠨᠢᠭᠡ︶ ᠬᠠᠭᠤᠷᠮᠠᠭ ᠭᠡᠷᠡᠴᠢᠯᠡᠬᠦ ᠮᠠᠲ᠋ᠧᠷᠢᠶᠠᠯ ᠢᠶᠠᠷ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠮᠡᠬᠡᠯᠡᠨ | ᠠᠪᠤᠭᠰᠠᠨ᠃ | ︵ᠬᠤᠶᠠᠷ︶ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠲᠦᠷᠢᠶᠡᠰᠦᠯᠡᠭᠦᠯᠦᠭᠰᠡᠨ᠂ ᠵᠢᠭᠡᠯᠡᠭᠦᠯᠦᠭᠰᠡᠨ᠂ ᠰᠢᠯᠵᠢᠭᠦᠯᠦᠨ | ᠥᠭᠭᠦᠭᠰᠡᠨ᠃ | ︵ᠭᠤᠷᠪᠠ︶ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠬᠠᠤᠯᠢ ᠪᠤᠰᠤ ᠪᠠᠷ ᠳᠠᠷᠤᠵᠤ ᠠᠪᠤᠭᠰᠠᠨ᠃ | ᠠᠷᠪᠠᠨ ᠳᠣᠯᠣᠳᠤᠭᠠᠷ ᠵᠦᠢᠯ ᠳᠣᠣᠷ᠎ᠠ ᠵᠢᠭᠰᠠᠭᠠᠭᠰᠠᠨ ᠠᠵᠢᠯᠯᠠᠭ᠎ᠠ ᠨᠤᠭᠤᠳ ᠤᠨ ᠨᠢᠭᠡ ᠶᠢ ᠬᠢᠭᠰᠡᠨ ᠪᠠᠶᠢᠪᠠᠯ᠂ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠤᠶᠠᠷ ᠵᠠᠭᠤᠨ ᠲᠥᠭᠦᠷᠢᠭ ᠠᠴᠠ ᠳᠡᠭᠡᠭᠰᠢ ᠮᠢᠩᠭᠠᠨ | ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ᠂ ᠡᠰᠡᠬᠦᠯ᠎ᠡ ᠠᠷᠪᠠᠨ ᠡᠳᠦᠷ ᠠᠴᠠ ᠳᠣᠷᠣᠭᠰᠢ | ᠲᠦᠷ ᠬᠤᠷᠢᠬᠤ ᠪᠠᠷ ᠰᠢᠢᠳᠬᠡᠨ᠎ᠡ᠂ ᠬᠠᠤᠯᠢ ᠶᠢ ᠵᠥᠷᠢᠴᠡᠵᠦ ᠣᠯᠵᠠ ᠠᠰᠢᠭ ᠣᠯᠣᠭᠰᠠᠨ ᠪᠠᠶᠢᠪᠠᠯ᠂ ᠬᠠᠤᠯᠢ ᠶᠢ | ᠵᠥᠷᠢᠴᠡᠵᠦ ᠣᠯᠣᠭᠰᠠᠨ ᠣᠯᠵᠠ ᠠᠰᠢᠭ ᠢ ᠨᠢ ᠬᠤᠷᠢᠶᠠᠨ ᠠᠪᠤᠨ᠎ᠠ᠄ | ︵ᠨᠢᠭᠡ︶ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠬᠠᠭᠤᠷᠮᠠᠭᠯᠠᠨ ᠬᠡᠷᠡᠭᠯᠡᠭᠰᠡᠨ ᠪᠤᠶᠤ ᠮᠡᠬᠡᠯᠡᠨ ᠠᠪᠤᠭᠰᠠᠨ | ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠬᠡᠷᠡᠭᠯᠡᠭᠰᠡᠨ᠃ | ︵ᠬᠤᠶᠠᠷ︶ ᠬᠠᠭᠤᠷᠮᠠᠭᠯᠠᠨ ᠵᠣᠬᠢᠶᠠᠭᠰᠠᠨ᠂ ᠥᠭᠡᠷᠡᠲᠦᠭᠦᠯᠦᠨ ᠵᠣᠬᠢᠶᠠᠭᠰᠠᠨ ᠰᠠᠭᠤᠭᠠᠯᠢ ᠠᠷᠠᠳ ᠤᠨ ᠪᠡᠶ᠎ᠡ ᠶᠢᠨ | ᠦᠨᠡᠮᠯᠡᠯ ᠢ ᠬᠤᠳᠠᠯᠳᠤᠨ ᠠᠪᠤᠭᠰᠠᠨ᠂ ᠬᠤᠳᠠᠯᠳᠤᠭᠰᠠᠨ᠂ ᠬᠡᠷᠡᠭᠯᠡᠭᠰᠡᠨ᠃ | ᠬᠠᠭᠤᠷᠮᠠᠭᠯᠠᠨ ᠵᠣᠬᠢᠶᠠᠭᠰᠠᠨ᠂ ᠥᠭᠡᠷᠡᠲᠦᠭᠦᠯᠦᠨ ᠵᠣᠬᠢᠶᠠᠭᠰᠠᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ | ᠪᠠ ᠮᠡᠬᠡᠯᠡᠨ ᠠᠪᠤᠭᠰᠠᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠠᠴᠠ ᠬᠤᠷᠢᠶᠠᠨ ᠠᠪᠤᠨ᠎ᠠ᠃ | ᠠᠷᠪᠠᠨ ᠨᠠᠢᠮᠠᠳᠤᠭᠠᠷ ᠵᠦᠢᠯ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠬᠠᠭᠤᠷᠮᠠᠭᠯᠠᠨ ᠵᠣᠬᠢᠶᠠᠭᠰᠠᠨ᠂ | ᠥᠭᠡᠷᠡᠲᠦᠭᠦᠯᠦᠨ ᠵᠣᠬᠢᠶᠠᠭᠰᠠᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠲᠤᠰ ᠬᠠᠤᠯᠢ ᠶᠢᠨ ᠠᠷᠪᠠᠨ ᠵᠢᠷᠭᠤᠳᠤᠭᠠᠷ ᠵᠦᠢᠯ᠂ ᠠᠷᠪᠠᠨ ᠳᠣᠯᠣᠳᠤᠭᠠᠷ ᠵᠦᠢᠯ ᠳᠤ ᠵᠢᠭᠰᠠᠭᠠᠭᠰᠠᠨ | ᠠᠵᠢᠯᠯᠠᠭ᠎ᠠ ᠨᠤᠭᠤᠳ ᠤᠨ ᠨᠢᠭᠡ ᠶᠢ ᠬᠢᠵᠦ᠂ ᠶᠠᠯᠠᠲᠤ ᠠᠵᠢᠯᠯᠠᠭ᠎ᠠ ᠬᠢᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ | ᠬᠠᠷᠢᠭᠤᠴᠠᠯᠭ᠎ᠠ ᠨᠡᠬᠡᠮᠵᠢᠯᠡᠨ᠎ᠡ᠃ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾ | ᠬᠤᠶᠠᠷ ᠵᠠᠭᠤ ᠨᠠᠶᠠᠳᠤᠭᠠᠷ ᠵᠦᠢᠯ ᠳᠤ᠂ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ᠂ ᠫᠠᠰᠫᠣᠷᠲ᠂ | ᠨᠡᠶᠢᠭᠡᠮ ᠤᠨ ᠪᠠᠲᠤᠯᠠᠭ᠎ᠠ ᠶᠢᠨ ᠺᠠᠷᠲ᠂ ᠵᠢᠯᠣᠭᠤᠴᠢ ᠶᠢᠨ ᠦᠨᠡᠮᠯᠡᠯ ᠵᠡᠷᠭᠡ ᠬᠠᠤᠯᠢ ᠶᠣᠰᠣᠭᠠᠷ ᠪᠡᠶ᠎ᠡ ᠶᠢᠨ ᠬᠢᠷᠢ ᠬᠡᠮ ᠢ | ᠭᠡᠷᠡᠴᠢᠯᠡᠬᠦ ᠳᠤ ᠬᠡᠷᠡᠭᠯᠡᠵᠦ ᠪᠣᠯᠬᠤ ᠦᠨᠡᠮᠯᠡᠯ ᠢ ᠬᠠᠭᠤᠷᠮᠠᠭᠯᠠᠨ ᠵᠣᠬᠢᠶᠠᠭᠰᠠᠨ᠂ ᠥᠭᠡᠷᠡᠲᠦᠭᠦᠯᠦᠨ ᠵᠣᠬᠢᠶᠠᠭᠰᠠᠨ᠂ | ᠬᠤᠳᠠᠯᠳᠤᠭᠠᠯᠠᠭᠰᠠᠨ ᠪᠠᠶᠢᠪᠠᠯ᠂ ᠭᠤᠷᠪᠠᠨ ᠵᠢᠯ ᠠᠴᠠ ᠳᠣᠷᠣᠭᠰᠢ ᠬᠤᠭᠤᠴᠠᠭ᠎ᠠ ᠲᠠᠢ ᠬᠤᠷᠢᠬᠤ᠂ ᠬᠤᠷᠢᠵᠤ | ᠬᠥᠳᠡᠯᠮᠦᠷᠢᠯᠡᠭᠦᠯᠬᠦ᠂ ᠵᠠᠬᠢᠷᠤᠨ ᠬᠠᠮᠢᠶᠠᠷᠬᠤ ᠪᠤᠶᠤ ᠤᠯᠤᠰ ᠲᠦᠷᠦ ᠶᠢᠨ ᠡᠷᠬᠡ ᠶᠢ ᠨᠢ ᠬᠠᠰᠤᠬᠤ ᠪᠠᠷ ᠰᠢᠢᠳᠬᠡᠵᠦ᠂ | ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠨ᠎ᠡ︔ ᠤᠢᠢᠯᠠ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ | ᠭᠤᠷᠪᠠᠨ ᠵᠢᠯ ᠠᠴᠠ ᠳᠡᠭᠡᠭᠰᠢ ᠲᠤᠯᠦᠭᠠᠠ ᠵᠢᠯ ᠠᠴᠠ ᠳᠣᠷᠣᠭᠰᠢ ᠬᠤᠭᠤᠴᠠᠭ᠎ᠠ ᠲᠠᠢ ᠬᠤᠷᠢᠬᠤ ᠪᠠᠷ ᠰᠢᠢᠳᠬᠡᠵᠦ᠂ | ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠨ᠎ᠡ᠃ ᠬᠤᠶᠠᠷ ᠵᠠᠭᠤ ᠨᠠᠶᠠᠳᠤᠭᠠᠷ ᠵᠦᠢᠯ ᠤᠨ ᠨᠢᠭᠡ ᠪᠣᠯᠬᠤ | ︽ᠬᠠᠭᠤᠷᠮᠠᠭ ᠪᠡᠶ᠎ᠡ ᠶᠢᠨ ᠦᠨᠡᠮᠯᠡᠯ ᠬᠡᠷᠡᠭᠯᠡᠭᠰᠡᠨ᠂ ᠪᠡᠶ᠎ᠡ ᠶᠢᠨ ᠦᠨᠡᠮᠯᠡᠯ ᠢ ᠬᠤᠯᠠᠭᠠᠶᠢᠯᠠᠨ ᠬᠡᠷᠡᠭᠯᠡᠭᠰᠡᠨ ᠶᠠᠯ᠎ᠠ︾ ᠶᠢᠨ | ᠲᠣᠭᠲᠠᠭᠠᠯ ᠳᠤ᠂ ᠤᠯᠤᠰ ᠤᠨ ᠲᠣᠭᠲᠠᠭᠠᠯ ᠶᠣᠰᠣᠭᠠᠷ ᠪᠡᠶ᠎ᠡ ᠶᠢᠨ ᠬᠢᠷᠢ ᠬᠡᠮ ᠤᠨ ᠭᠡᠷᠡᠴᠢ ᠬᠠᠩᠭᠠᠬᠤ ᠶᠣᠰᠣᠲᠠᠢ | ᠠᠵᠢᠯᠯᠠᠭ᠎ᠠ ᠶᠢᠨ ᠳᠤᠮᠳᠠ᠂ ᠬᠠᠭᠤᠷᠮᠠᠭᠯᠠᠨ ᠵᠣᠬᠢᠶᠠᠭᠰᠠᠨ᠂ ᠥᠭᠡᠷᠡᠲᠦᠭᠦᠯᠦᠨ ᠵᠣᠬᠢᠶᠠᠭᠰᠠᠨ ᠪᠤᠶᠤ ᠪᠤᠰᠤᠳ ᠤᠨ | ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ᠂ ᠫᠠᠰᠫᠣᠷᠲ᠂ ᠨᠡᠶᠢᠭᠡᠮ ᠤᠨ ᠪᠠᠲᠤᠯᠠᠭ᠎ᠠ ᠶᠢᠨ ᠺᠠᠷᠲ᠂ ᠵᠢᠯᠣᠭᠤᠴᠢ ᠶᠢᠨ | ᠦᠨᠡᠮᠯᠡᠯ ᠵᠡᠷᠭᠡ ᠬᠠᠤᠯᠢ ᠶᠣᠰᠣᠭᠠᠷ ᠪᠡᠶ᠎ᠡ ᠶᠢᠨ ᠬᠢᠷᠢ ᠬᠡᠮ ᠢ ᠭᠡᠷᠡᠴᠢᠯᠡᠬᠦ ᠳᠤ ᠬᠡᠷᠡᠭᠯᠡᠵᠦ ᠪᠣᠯᠬᠤ ᠭᠡᠷᠡᠴᠢ ᠦᠨᠡᠮᠯᠡᠯ ᠢ | ᠬᠤᠯᠠᠭᠠᠶᠢᠯᠠᠨ ᠬᠡᠷᠡᠭᠯᠡᠭᠡᠳ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠬᠤᠷᠢᠵᠤ ᠬᠥᠳᠡᠯᠮᠦᠷᠢᠯᠡᠭᠦᠯᠬᠦ ᠪᠤᠶᠤ | ᠵᠠᠬᠢᠷᠤᠨ ᠬᠠᠮᠢᠶᠠᠷᠬᠤ ᠪᠠᠷ ᠰᠢᠢᠳᠬᠡᠵᠦ᠂ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠬᠦ ᠪᠤᠶᠤ ᠲᠤᠰ ᠲᠤᠨᠢ | ᠰᠢᠢᠳᠬᠡᠨ᠎ᠡ᠃ | ᠡᠮᠦᠨᠡᠬᠢ ᠲᠣᠭᠲᠠᠭᠠᠭᠰᠠᠨ ᠵᠤᠷᠪᠤᠰ ᠲᠠᠬᠢ ᠦᠢᠯᠡ ᠠᠵᠢᠯᠯᠠᠭ᠎ᠠ ᠶᠢ ᠬᠢᠬᠦ ᠶᠢᠨ ᠬᠠᠮᠲᠤ ᠪᠤᠰᠤᠳ ᠶᠠᠯ᠎ᠠ ᠶᠢ | ᠪᠦᠷᠢᠯᠳᠦᠭᠦᠯᠦᠭᠰᠡᠨ ᠪᠠᠶᠢᠪᠠᠯ᠂ ᠨᠡᠯᠢᠶᠡᠳ ᠬᠦᠨᠳᠦ ᠪᠠᠷ ᠰᠢᠢᠳᠬᠡᠬᠦ ᠲᠣᠭᠲᠠᠭᠠᠯ ᠶᠣᠰᠣᠭᠠᠷ ᠶᠠᠯ᠎ᠠ ᠲᠣᠭᠲᠠᠭᠠᠵᠤ | ᠰᠢᠢᠳᠬᠡᠨ᠎ᠡ᠃ | ᠰᠠᠨᠠᠭᠤᠯᠤᠮᠵᠢ᠄ ᠪᠡᠶ᠎ᠡ ᠶᠢᠨ ᠦᠨᠡᠮᠯᠡᠯ ᠢᠶᠠᠨ ᠰᠠᠶᠢᠲᠤᠷ ᠬᠠᠳᠠᠭᠠᠯᠠᠶ᠎ᠠ | 1. ᠪᠡᠶ᠎ᠡ ᠶᠢᠨ ᠦᠨᠡᠮᠯᠡᠯ ᠢ ᠳᠤᠷ᠎ᠠ ᠪᠠᠷ ᠢᠶᠠᠨ ᠲᠦᠷᠢᠶᠡᠰᠦᠯᠡᠭᠦᠯᠵᠦ᠂ ᠵᠢᠭᠡᠯᠡᠭᠦᠯᠵᠦ᠂ ᠰᠢᠯᠵᠢᠭᠦᠯᠦᠨ ᠥᠭᠴᠦ ᠪᠣᠯᠬᠤ | ᠦᠭᠡᠢ᠃ | 2. ᠶᠠᠮᠠᠷᠪᠠ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠥᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ | ᠳᠠᠷᠤᠵᠤ ᠠᠪᠴᠤ ᠪᠣᠯᠬᠤ ᠦᠭᠡᠢ ︵ᠠᠷᠠᠳ ᠤᠨ ᠴᠠᠭᠳᠠᠭ᠎ᠠ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ | ᠭᠦᠢᠴᠡᠳᠬᠡᠬᠦ ᠨᠢ ᠡᠭᠦᠨ ᠳᠤ ᠪᠠᠭᠲᠠᠬᠤ ᠦᠭᠡᠢ︶ | 3. ᠬᠠᠭᠤᠷᠮᠠᠭᠯᠠᠨ ᠵᠣᠬᠢᠶᠠᠭᠰᠠᠨ᠂ ᠥᠭᠡᠷᠡᠲᠦᠭᠦᠯᠦᠨ ᠵᠣᠬᠢᠶᠠᠭᠰᠠᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ | ᠵᠢᠴᠢ ᠪᠡᠶ᠎ᠡ ᠶᠢᠨ ᠭᠡᠷᠡᠴᠢᠯᠡᠯ ᠢ ᠬᠤᠳᠠᠯᠳᠤᠨ ᠠᠪᠬᠤ᠂ ᠬᠤᠳᠠᠯᠳᠤᠭᠠᠯᠠᠬᠤ ᠪᠤᠶᠤ ᠬᠡᠷᠡᠭᠯᠡᠵᠦ ᠪᠤᠯᠬᠤ ᠦᠭᠡᠢ᠃ |