ᠰᠢᠯᠢ ᠶᠢᠨ ᠭᠤᠣᠯ ᠠᠶᠢᠮᠠᠭ ᠤᠨ ᠮᠣᠩᠭᠤᠯ ᠡᠮᠨᠡᠯᠭᠡ ᠶᠢᠨ ᠬᠤᠷᠢᠶᠠᠨ ᠤ ᠠᠯᠪᠠᠨ ᠵᠢᠷᠤᠮ ᠤᠨ ᠡᠮᠴᠢᠯᠡᠭᠡᠨ ᠤ ᠪᠦᠯᠬᠦᠮ ᠤᠯᠠᠭᠠᠢ ᠠᠷᠠᠳ ᠤᠨ ᠡᠮᠨᠡᠯᠭᠡ ᠶᠢᠨ ᠬᠤᠷᠢᠶᠠᠨ ᠳᠤ ᠬᠦᠷᠴᠦ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/9/12

    ᠰᠢᠯᠢ ᠶᠢᠨ ᠭᠤᠣᠯ ᠠᠶᠢᠮᠠᠭ ᠤᠨ ᠮᠣᠩᠭᠤᠯ ᠡᠮᠨᠡᠯᠭᠡ ᠶᠢᠨ ᠬᠤᠷᠢᠶ᠎ᠠ 2024 ᠣᠨ ᠤ 9 ᠰᠠᠷ᠎ᠠ ᠶᠢᠨ 14 ᠤ

ᠡᠳᠦᠷ ᠤᠯᠠᠭᠠᠢᠠᠷᠠᠳ ᠤᠨ ᠡᠮᠨᠡᠯᠭᠡ ᠶᠢᠨ ᠬᠤᠷᠢᠶ᠎ᠠ ᠳᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ

ᠥᠷᠨᠢᠭᠦᠯᠦᠨ᠎ᠡ᠃ ᠲᠣᠰ ᠤᠳᠠᠭᠠᠨ ᠤ ᠠᠵᠢᠯᠯᠠᠭ᠎ᠠ ᠶᠢᠨ ᠵᠣᠷᠢᠯᠭ᠎ᠠ ᠨᠢ ᠲᠤᠬᠠᠢ ᠶᠢᠨ ᠭᠠᠵᠠᠷ ᠤᠨ ᠰᠠᠭᠤᠭᠠᠯᠢ

ᠠᠷᠠᠳ ᠲᠤ ᠰᠦᠢᠳᠬᠡᠯ ᠬᠤᠷᠢᠶᠠᠬᠤ ᠦᠭᠡᠢ ᠡᠮᠴᠢᠯᠡᠭᠡᠨ ᠤ ᠵᠥᠪᠯᠡᠯᠭᠡ ᠪᠠ ᠡᠷᠡᠭᠦᠯ ᠮᠡᠨᠳᠦ ᠶᠢᠨ ᠪᠠᠶᠢᠴᠠᠭᠠᠯᠲᠠ

ᠬᠠᠩᠭᠠᠵᠤ᠂ ᠣᠯᠠᠨ ᠳᠤ ᠬᠠᠮᠢᠶ᠎ᠠ ᠪᠦᠬᠦᠢ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠪᠠ ᠡᠮᠨᠡᠨ ᠵᠠᠰᠠᠬᠤ ᠶᠢᠨ

ᠲᠥᠯᠥᠭᠡ ᠶᠤᠮ᠃

    ᠠᠯᠪᠠᠨ ᠵᠢᠷᠤᠮ ᠤᠨ ᠡᠮᠴᠢᠯᠡᠭᠡ ᠬᠢᠬᠦ ᠴᠠᠭ ᠢ ᠲᠣᠬᠢᠷᠠᠭᠤᠯᠪᠠ᠄ 9 ᠰᠠᠷ᠎ᠠ ᠶᠢᠨ 14 ᠤ ᠡᠳᠦᠷ ᠤᠨ ᠦᠳᠡ ᠶᠢᠨ

ᠡᠮᠦᠨᠡᠬᠢ 8᠄ 30 - 10᠄ 00 ᠠᠯᠪᠠᠨ ᠵᠢᠷᠤᠮ ᠤᠨ ᠡᠮᠴᠢᠯᠡᠭᠡᠨ ᠤ ᠭᠠᠵᠠᠷ᠄ ᠤᠯᠠᠭᠠᠢ ᠠᠷᠠᠳ ᠤᠨ ᠡᠮᠨᠡᠯᠭᠡ ᠶᠢᠨ

ᠬᠤᠷᠢᠶᠠᠨ ᠤ ᠡᠭᠦᠳᠡᠨ ᠡᠮᠨᠡᠯᠭᠡ ᠶᠢᠨ ᠨᠢᠭᠡᠳᠦᠭᠡᠷ ᠳᠠᠪᠬᠤᠷ ᠤᠨ ᠶᠡᠭᠡ ᠲᠢᠩᠬᠢᠮ᠃  ᠰᠦᠢᠳᠬᠡᠯ ᠬᠤᠷᠢᠶᠠᠬᠤ ᠦᠭᠡᠢ

ᠡᠷᠡᠭᠦᠯ ᠮᠡᠨᠳᠦ ᠶᠢᠨ ᠪᠠᠶᠢᠴᠠᠭᠠᠯᠲᠠ᠄ ᠲᠤᠬᠠᠢ ᠶᠢᠨ ᠲᠠᠯᠠᠪᠤᠷ ᠲᠤ ᠣᠯᠠᠨ ᠲᠦᠮᠡᠨ ᠳᠤ ᠬᠠᠮᠢᠶ᠎ᠠ ᠪᠦᠬᠦᠢ ᠪᠠᠶᠢᠴᠠᠭᠠᠯᠲᠠ

ᠬᠢᠬᠦ ᠶᠢᠨ ᠬᠠᠮᠲᠤ ᠥᠪᠡᠷᠮᠢᠴᠡ ᠡᠷᠡᠭᠦᠯ ᠮᠡᠨᠳᠦ ᠶᠢᠨ ᠰᠠᠨᠠᠭᠤᠯᠭ᠎ᠠ ᠭᠠᠷᠭᠠᠨ᠎ᠠ᠃ ᠡᠪᠡᠳᠴᠢᠨ ᠡᠮᠭᠡᠭ ᠢ ᠰᠡᠷᠭᠡᠶᠢᠯᠡᠨ

ᠵᠠᠰᠠᠬᠤ ᠰᠢᠨᠵᠢᠯᠡᠬᠦ ᠤᠬᠠᠭᠠᠨ ᠢ  ᠲᠦᠭᠡᠮᠡᠯᠵᠢᠭᠦᠯᠬᠦ᠄ ᠲᠠᠶᠢᠯᠤᠮᠵᠢ ᠪᠠ ᠤᠬᠠᠭᠤᠯᠭ᠎ᠠ ᠶᠢᠨ ᠮᠠᠲ᠋ᠧᠷᠢᠶᠠᠯ ᠢᠶᠠᠷ

ᠳᠠᠮᠵᠢᠭᠤᠯᠤᠨ᠂ ᠣᠯᠠᠨ ᠢᠶᠠᠷ ᠢᠶᠠᠨ ᠡᠳᠡᠭᠡᠷ ᠪᠠᠶᠢᠩᠭᠤ ᠲᠣᠬᠢᠶᠠᠯᠳᠤᠬᠤ ᠤᠳᠠᠭᠠᠨ ᠴᠢᠨᠠᠷᠲᠠᠢ ᠡᠪᠡᠳᠴᠢᠨ ᠡᠮᠭᠡᠭ ᠢ

ᠬᠡᠷᠬᠢᠨ ᠰᠡᠷᠭᠡᠶᠢᠯᠡᠬᠦ ᠪᠠ ᠡᠮᠨᠡᠨ ᠵᠠᠰᠠᠬᠤ ᠲᠤᠬᠠᠢ ᠮᠡᠳᠡᠭᠦᠯᠦᠨ᠎ᠡ

 
ᠢᠷᠡᠯᠲᠡ᠄ ᠲᠡᠭᠷᠢᠯᠢᠭ ᠲᠠᠯ᠎ᠠ ᠤᠯᠠᠭᠠᠢ ᠸᠢᠴᠠᠲ ᠤᠨ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号