ᠮᠠᠨ ᠤ ᠣᠷᠣᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠶᠡᠭᠡ ᠪᠠᠷ ᠬᠥᠭᠵᠢᠭᠦᠯᠵᠦ᠂ | ᠬᠤᠲᠠ ᠶᠢᠨ ᠰᠢᠨ᠎ᠡ ᠠᠷᠠᠳ ᠤᠨ ᠣᠷᠣᠨ ᠰᠠᠭᠤᠴᠠ ᠶᠢᠨ ᠬᠦᠴᠢᠷᠳᠡᠯ ᠢ ᠰᠢᠢᠳᠪᠦᠷᠢᠯᠡᠵᠦ ᠪᠤᠢ᠃ ᠬᠠᠳᠠᠭᠠᠯᠠᠭᠳᠠᠵᠤ | ᠪᠠᠶᠢᠭ᠎ᠠ ᠡᠬᠢ ᠪᠠᠶᠠᠯᠢᠭ ᠤᠨ ᠭᠦᠢᠯᠭᠡᠭᠡᠨ ᠢ ᠰᠠᠶᠢᠵᠢᠷᠠᠭᠤᠯᠬᠤ ᠪᠠᠷ ᠭᠤᠣᠯᠳᠠᠭᠤᠯᠤᠨ ᠣᠯᠠᠨ ᠲᠠᠯ᠎ᠠ ᠶᠢᠨ ᠭᠤᠣᠯ | ᠴᠣᠭᠴᠠ ᠶᠢ ᠬᠥᠲᠥᠯᠥᠨ ᠵᠢᠯᠤᠭᠤᠳᠴᠤ ᠪᠠᠶᠢᠭᠠᠳ ᠣᠷᠣᠯᠴᠠᠭᠤᠯᠵᠤ᠂ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ | ᠰᠢᠨᠡᠳᠬᠡᠬᠦ᠂ ᠡᠭᠡᠭᠦᠯᠦᠨ ᠬᠤᠳᠠᠯᠳᠤᠨ ᠠᠪᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢ ᠠᠪᠴᠤ᠂ ᠪᠠᠲᠤᠯᠠᠭ᠎ᠠ ᠶᠢᠨ | ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠣᠯᠠᠨ ᠠᠷᠭ᠎ᠠ ᠵᠠᠮ ᠢᠶᠠᠷ ᠪᠡᠯᠡ ᠮᠥᠩᠭᠦ ᠴᠤᠭᠯᠠᠭᠤᠯᠤᠨ ᠪᠦᠲᠦᠭᠡᠨ | ᠪᠠᠶᠢᠭᠤᠯᠬᠤ ᠪᠣᠯᠣᠨ᠎ᠠ᠃ ᠡᠨᠡ ᠵᠢᠯ ᠪᠥᠬᠦ ᠣᠷᠣᠨ ᠳᠤ 16933 ᠢᠵᠢ ︵ᠲᠠᠰᠤᠯᠭ᠎ᠠ︶ ᠪᠠᠲᠤᠯᠠᠭ᠎ᠠ ᠶᠢᠨ ᠴᠢᠨᠠᠷᠲᠠᠢ | ᠲᠦᠷᠢᠶᠡᠰᠦᠨ ᠣᠷᠣᠨ ᠰᠠᠭᠤᠴᠠ ᠶᠢ ᠴᠤᠭᠯᠠᠭᠤᠯᠤᠨ ᠪᠦᠲᠦᠭᠡᠨ ᠪᠠᠶᠢᠭᠤᠯᠬᠤ ᠪᠠᠷ ᠲᠥᠯᠥᠪᠯᠡᠵᠦ ᠪᠣᠶ᠂ 8 ᠳ᠋ᠤᠭᠠᠷ | ᠰᠠᠷ᠎ᠠ ᠶᠢᠨ ᠰᠡᠭᠦᠯᠴᠢ ᠪᠣᠯᠲᠠᠯ᠎ᠠ᠂ ᠨᠢᠭᠡᠨᠲᠡ 12311 ᠢᠵᠢ ᠣᠷᠣᠨ ᠰᠠᠭᠤᠴᠠ ᠶᠢ ᠪᠠᠷᠢᠯᠭ᠎ᠠ ᠡᠬᠢᠯᠡᠭᠦᠯᠵᠦ᠂ | ᠪᠠᠷᠢᠯᠭ᠎ᠠ ᠡᠬᠢᠯᠡᠭᠦᠯᠦᠭᠰᠡᠨ ᠨᠣᠷᠮ᠎ᠠ ᠨᠢ 72.7% ᠳᠤ ᠬᠦᠷᠴᠡᠢ᠃ |