︽ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ︾ ᠶᠢᠨ ᠲᠣᠭᠤᠷᠢᠨ ᠪᠠᠶᠢᠴᠠᠭᠠᠬᠤ ᠬᠠᠮᠢᠶᠠᠷᠤᠯᠲᠠ ᠶᠢᠨ | ᠬᠠᠷᠢᠭᠤᠴᠠᠯᠭ᠎ᠠ ᠶᠢ ᠦᠨᠡᠨ ᠬᠦ ᠭᠦᠢᠴᠡᠳᠬᠡᠵᠦ᠂ ᠭᠤᠣᠯ ᠮᠥᠷᠡᠨ ᠨᠠᠭᠤᠷ ᠴᠥᠭᠦᠷᠥᠮ ᠤᠨ ᠲᠣᠭᠤᠷᠢᠨ ᠪᠠᠶᠢᠴᠠᠭᠠᠬᠤ | ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠶᠢᠨ ᠲᠥᠯᠥᠭᠡ᠂ 9 ᠰᠠᠷ᠎ᠠ ᠶᠢᠨ 12 ᠤᠨ ᠡᠳᠦᠷ᠂ | ᠬᠠᠮᠢᠶᠠᠷᠤᠯᠲᠠ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠸᠠᠩ ᠰᠢᠩ ᠺᠠᠢ ᠬᠡᠰᠡᠭ | ᠠᠭᠤᠯᠠ ᠮᠠᠯᠵᠢᠯ ᠤᠨ ᠲᠠᠯᠠᠪᠠᠢ ᠳᠤ ᠭᠦᠨᠵᠡᠭᠡᠶᠢᠷᠡᠨ ᠭᠤᠣᠯ ᠮᠥᠷᠡᠨ ᠨᠠᠭᠤᠷ ᠴᠥᠭᠦᠷᠥᠮ ᠢ ᠲᠣᠭᠤᠷᠢᠨ ᠪᠠᠶᠢᠴᠠᠭᠠᠵᠤ | ᠪᠠᠶᠢᠴᠠᠭᠠᠨ ᠰᠤᠳᠤᠯᠬᠤ ᠠᠵᠢᠯ ᠥᠷᠨᠢᠭᠦᠯᠪᠡ᠃ | ᠲᠣᠰ ᠤᠳᠠᠭᠠᠨ ᠤ ᠲᠣᠭᠤᠷᠢᠨ ᠪᠠᠶᠢᠴᠠᠭᠠᠯᠲᠠ ᠨᠢ ᠰᠡᠴᠡᠨᠭᠤᠣᠯ ᠪᠣᠯᠣᠨ ᠬᠥᠬᠡᠨᠠᠭᠤᠷ ᠤᠨ ᠪᠦᠷᠢᠨ ᠨᠠᠭᠤᠷ ᠲᠤ | ᠭᠤᠣᠯᠳᠠᠯᠭ᠎ᠠ ᠲᠠᠢ ᠪᠠᠶᠢᠴᠠᠭᠠᠨ ᠰᠤᠳᠤᠯᠤᠯᠲᠠ ᠬᠢᠵᠦ᠂ ᠰᠧᠶ᠋ᠨᠭᠤᠤᠯ ᠤᠨ ᠭᠤᠣᠯ ᠤᠨ ᠵᠠᠮ ᠤᠨ ᠣᠳᠣᠬᠢ ᠪᠠᠶᠢᠳᠠᠯ | ᠪᠣᠯᠣᠨ ᠬᠥᠬᠡᠨᠠᠭᠤᠷ ᠤᠨ ᠴᠥᠭᠦᠷᠥᠮ ᠤᠨ ᠪᠠᠭᠲᠠᠭᠠᠮᠵᠢ᠂ ᠡᠷᠭᠢ ᠶᠢᠨ ᠱᠤᠭᠤᠮ ᠤᠨ ᠤᠰᠤᠨ ᠤ ᠣᠷᠴᠢᠨ | ᠲᠣᠭᠤᠷᠢᠨ ᠤ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ | ᠸᠠᠩ ᠰᠢᠩ ᠺᠠᠢ᠂ ᠬᠤᠪᠠᠭ᠋ᠠᠢ ᠨᠠᠭᠤᠷ ᠪᠣᠯ ᠪᠦᠬᠦ ᠠᠶᠢᠮᠠᠭ ᠤᠨ ᠠᠯᠳᠠᠷᠲᠤ ︽ᠬᠤᠨᠳᠣ ᠨᠠᠭᠤᠷ︾ ᠪᠣᠯᠣᠨ᠎ᠠ᠂ ᠵᠢᠯ | ᠪᠦᠷᠢ ᠶᠢᠨ 5 ᠰᠠᠷ᠎ᠠ᠂ 10 ᠰᠠᠷ᠎ᠠ ᠳᠤ ᠬᠤᠨᠳᠣ ᠪᠣᠯᠣᠨ ᠳ᠋ᠠ ᠶᠠᠨ ᠵᠡᠷᠭᠡ ᠬᠤᠪᠣᠷ ᠴᠤᠬᠠᠭ ᠨᠡᠭᠦᠳᠡᠯ ᠤᠨ | ᠰᠢᠪᠠᠭᠤ ᠶᠢᠨ ᠲᠠᠪᠢᠯᠠᠩ ᠤᠨ ᠭᠠᠵᠠᠷ ᠪᠣᠯᠣᠨ᠎ᠠ᠂ ᠬᠡᠰᠡᠭ ᠠᠭᠤᠯᠠ ᠮᠠᠯᠵᠢᠯ ᠤᠨ ᠲᠠᠯᠠᠪᠠᠢ ᠪᠣᠯᠣᠨ ᠤᠰᠤᠨ | ᠠᠰᠢᠭᠯᠠᠯᠲᠠ ᠶᠢᠨ ᠰᠠᠯᠠᠭ᠎ᠠ ᠮᠥᠴᠢᠷ ᠤᠨ ᠬᠢᠨ ᠨᠠᠭᠤᠷ ᠢ ᠰᠠᠶᠢᠲᠤᠷ ᠬᠠᠮᠢᠶᠠᠷᠤᠨ ᠬᠠᠮᠠᠭᠠᠯᠠᠬᠤ ᠶᠢᠨ ᠬᠠᠮᠲᠤ ᠨᠡᠩ ᠴᠤ | ᠤᠰᠤ ᠲᠠᠢ ︽ᠫᠧᠩᠰᠡ︾ ᠶᠢ ᠰᠠᠶᠢᠲᠤᠷ ᠬᠠᠮᠠᠭᠠᠯᠠᠵᠤ᠂ ᠡᠷᠭᠢ ᠶᠢᠨ ᠲᠠᠯ᠎ᠠ ᠨᠤᠲᠤᠭ ᠤᠨ ᠠᠮᠢ ᠠᠬᠤᠢ ᠶᠢᠨ | ᠬᠠᠮᠠᠭᠠᠯᠠᠯᠲᠠ ᠪᠣᠯᠣᠨ ᠭᠠᠯ ᠰᠡᠷᠭᠡᠶᠢᠯᠡᠬᠦ ᠠᠵᠢᠯ ᠢ ᠬᠠᠮᠲᠤ ᠳᠤᠨᠢ ᠬᠠᠷᠠᠭᠠᠯᠵᠠᠵᠤ᠂ ︽ᠬᠥᠬᠡᠮᠳᠦᠭ ᠨᠣᠭᠤᠭᠠᠨ ᠠᠭᠤᠯᠠ | ᠤᠰᠤ ᠪᠣᠯ ᠠᠯᠳᠠ ᠮᠥᠩᠭᠦᠨ ᠠᠭᠤᠯᠠ︾ ᠭᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ | ︽ᠬᠤᠨᠳᠣ ᠨᠠᠭᠤᠷ︾ ᠢ ᠠᠷᠠᠳ ᠲᠦᠮᠡᠨ ᠳᠤ ᠪᠤᠶᠠᠨ ᠦᠢᠯᠡᠳᠬᠦ ︽ᠵᠣᠯ ᠵᠢᠷᠭᠠᠯᠲᠤ ᠨᠠᠭᠤᠷ︾ ᠪᠣᠯᠭᠠᠨ ᠴᠣᠭᠴᠠᠯᠠᠬᠤ | ᠬᠡᠷᠡᠭᠲᠡᠢ᠃ |