︽ᠪᠦᠬᠦᠳᠡ ᠨᠠᠶᠢᠷᠠᠮᠳᠠᠬᠤ ᠳᠣᠮᠳᠠᠳᠤ ᠠᠷᠠᠳ ᠤᠯᠤᠰ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ | ᠬᠠᠤᠯᠢ︾ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠬᠡ ᠣᠷᠣᠨᠴᠢ ᠦᠵᠡᠯ ᠤᠨ ᠵᠣᠷᠢᠭ ᠰᠠᠨᠠᠭ᠎ᠠ ᠶᠢ ᠤᠯᠠᠮ ᠨᠢᠭᠡ | ᠠᠯᠬᠤᠮ ᠪᠠᠳᠠᠷᠠᠭᠤᠯᠵᠤ᠂ ᠥᠷᠭᠡᠨ ᠣᠯᠠᠨ ᠠᠷᠠᠳ ᠲᠦᠮᠡᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯᠲᠡ | ᠪᠠ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠤᠬᠠᠮᠰᠠᠷ ᠢ ᠴᠢᠩᠭᠠᠳᠬᠠᠬᠤ ᠶᠢᠨ ᠲᠥᠯᠥᠭᠡ᠂ ᠰᠢᠯᠢ ᠶᠢᠨ ᠭᠤᠣᠯ | ᠠᠶᠢᠮᠠᠭ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠯᠪᠠᠨ ᠭᠡᠷ ᠤᠨ ︽2024 ᠣᠨ ᠤ | ᠪᠦᠬᠦ ᠠᠶᠢᠮᠠᠭ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ︿9 · 18﹀ ᠤ ᠰᠡᠷᠡᠮᠵᠢ ᠶᠢᠨ ᠳᠣᠬᠢᠶ᠎ᠠ ᠶᠢ | ᠲᠤᠷᠰᠢᠨ ᠳᠤᠤᠭᠠᠷᠭᠠᠬᠤ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠤᠯᠠᠭᠠᠢ | ᠬᠠᠮᠢᠶᠠᠷᠤᠯᠲᠠ ᠶᠢᠨ ᠣᠷᠣᠨ ᠳᠤ ᠤᠯᠤᠰ ᠤᠨ ᠬᠥᠳᠡᠯᠦᠩᠭᠦᠢ ᠠᠯᠪᠠᠨ ᠭᠡᠷ ᠨᠢ ᠬᠠᠮᠢᠶᠠᠷᠤᠯᠲᠠ ᠶᠢᠨ ᠣᠷᠣᠨ ᠤ | ᠪᠠᠯᠭᠠᠰᠤᠨ ᠲᠣᠭᠤᠷᠢᠭ ᠤᠨ ᠬᠡᠪᠴᠢᠶᠡᠨ ᠳᠤ ᠠᠭᠠᠷ ᠤᠨ ᠰᠡᠷᠭᠡᠶᠢᠯᠡᠯᠲᠡ ᠶᠢᠨ ᠰᠡᠷᠡᠮᠵᠢ ᠶᠢᠨ ᠳᠣᠬᠢᠶ᠎ᠠ ᠶᠢ ᠲᠤᠷᠰᠢᠨ | ᠳᠤᠤᠭᠠᠷᠭᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠪᠠᠷ ᠲᠣᠭᠲᠠᠪᠠ᠃ ᠡᠳᠦᠭᠡ ᠬᠤᠯᠪᠣᠭᠳᠠᠯ ᠪᠦᠬᠦᠢ | ᠵᠦᠢᠯᠡᠰ ᠢ ᠳᠣᠣᠷᠠᠬᠢ ᠮᠡᠲᠦ ᠵᠠᠷᠯᠠᠶ᠎ᠠ᠄ | ᠨᠢᠭᠡ᠂ ᠰᠡᠷᠡᠮᠵᠢ ᠶᠢᠨ ᠳᠣᠬᠢᠶ᠎ᠠ ᠶᠢ ᠲᠤᠷᠰᠢᠨ ᠳᠤᠤᠭᠠᠷᠭᠠᠬᠤ ᠴᠠᠭ 2024 ᠣᠨ ᠤ 9 ᠰᠠᠷ᠎ᠠ ᠶᠢᠨ | 18 ᠤ ᠡᠳᠦᠷ ︵ᠭᠠᠷᠠᠭ ᠤᠨ ᠭᠤᠷᠪᠠᠨ︶ ᠤᠨ ᠦᠳᠡ ᠶᠢᠨ ᠡᠮᠦᠨᠡᠬᠢ 09 ᠴᠠᠭ 30 ᠮᠢᠨᠦ᠋ᠲ ᠠᠴᠠ 11 ᠴᠠᠭ 30 | ᠮᠢᠨᠦ᠋ᠲ ᠤᠨ ᠬᠤᠭᠤᠷᠣᠨᠳᠤᠲ᠋ᠤᠤᠭᠠᠷᠪᠠ᠃ | ᠬᠤᠶᠠᠷ᠂ ᠰᠡᠷᠡᠮᠵᠢ ᠶᠢᠨ ᠳᠣᠬᠢᠶ᠎ᠠ ᠶᠢ ᠲᠤᠷᠰᠢᠨ ᠳᠤᠤᠭᠠᠷᠭᠠᠵᠤ ᠠᠭᠠᠷ ᠤᠨ ᠰᠡᠷᠭᠡᠶᠢᠯᠡᠯᠲᠡ ᠶᠢᠨ ᠰᠡᠷᠡᠮᠵᠢ ᠶᠢᠨ | ᠳᠣᠬᠢᠶ᠎ᠠ ᠶᠢ ᠭᠤᠷᠪᠠᠨ ᠵᠦᠢᠯ ᠬᠤᠪᠢᠶᠠᠨ᠎ᠠ᠄ 1. ᠤᠷᠢᠳᠴᠢᠯᠠᠨ ᠰᠡᠷᠡᠮᠵᠢᠯᠡᠭᠦᠯᠬᠦ ᠳᠣᠬᠢᠶ᠎ᠠ ᠶᠢ ᠬᠡᠷᠡᠭᠯᠡᠬᠦ᠄ ᠤᠷᠢᠳᠴᠢᠯᠠᠨ | ᠥᠭᠬᠦ ᠰᠡᠷᠡᠮᠵᠢ ᠶᠢᠨ ᠳᠣᠬᠢᠶ᠎ᠠ ᠶᠢ ᠳᠠᠶᠢᠰᠤᠨ ᠤ ᠲᠠᠯ᠎ᠠ ᠠᠴᠠ ᠮᠠᠨ ᠤ ᠲᠠᠯ᠎ᠠ ᠶᠢᠨ ᠳᠠᠭᠠᠷᠢᠯᠲᠠ ᠳᠤ ᠤᠷᠢᠳᠴᠢᠯᠠᠭᠰᠠᠨ | ᠰᠡᠷᠡᠮᠵᠢ ᠶᠢᠨ ᠳᠣᠬᠢᠶ᠎ᠠ ᠶᠢ ᠥᠭᠬᠦ ᠬᠡᠷᠡᠭᠲᠡᠢ ᠭᠡᠵᠦ ᠱᠠᠭᠠᠷᠳᠠᠪᠠ᠃ ᠳᠤᠤᠭᠠᠷᠬᠤ ᠠᠷᠭ᠎ᠠ᠄ 36ᠰᠧᠺᠦ᠋ᠨ᠋ᠳ᠋ᠲ᠋ᠤᠤᠭᠠᠷᠭᠠᠵᠤ᠂ | 24 ᠰᠧᠺᠦ᠋ᠨ᠋ᠳ᠋ ᠵᠣᠭᠰᠣᠭᠠᠵᠤ᠂ ᠳᠠᠬᠢᠨ ᠳᠠᠪᠲᠠᠨ ᠡᠷᠭᠢᠯᠳᠦᠭᠦᠯᠵᠦ 3 ᠮᠢᠨᠦ᠋ᠲ ᠦᠷᠭᠦᠯᠵᠢᠯᠡᠭᠦᠯᠦᠨ᠎ᠡ᠃ 2. | ᠠᠭᠠᠷ ᠤᠨ ᠳᠠᠭᠠᠷᠢᠯᠲᠠ ᠶᠢᠨ ᠰᠡᠷᠡᠮᠵᠢ ᠶᠢᠨ ᠳᠣᠬᠢᠶ᠎ᠠ᠃ ᠳᠤᠤᠭᠠᠷᠬᠤ ᠠᠷᠭ᠎ᠠ᠄ 6 ᠰᠧᠺᠦ᠋ᠨ᠋ᠳ᠋ ᠳᠤᠤᠭᠠᠷᠭᠠᠵᠤ᠂ 6 | ᠰᠧᠺᠦ᠋ᠨ᠋ᠳ᠋ ᠵᠣᠭᠰᠣᠵᠤ᠂ ᠳᠠᠬᠢᠨ ᠳᠠᠪᠲᠠᠨ ᠡᠷᠭᠢᠯᠳᠦᠭᠦᠯᠦᠭᠡᠳ 3 ᠮᠢᠨᠦ᠋ᠲ ᠦᠷᠭᠦᠯᠵᠢᠯᠡᠭᠦᠯᠦᠨ᠎ᠡ᠃ 3᠃ | ᠰᠡᠷᠡᠮᠵᠢ ᠶᠢᠨ ᠳᠣᠬᠢᠶ᠎ᠠ ᠶᠢ ᠴᠤᠴᠠᠯᠬᠤ ᠬᠡᠷᠡᠬᠯᠡᠯᠲᠠ ᠪᠣᠯ ᠠᠭᠠᠷ ᠤᠨ ᠳᠠᠭᠠᠷᠢᠯᠲᠠ ᠪᠤᠶᠤ ᠲᠠᠶᠢᠨ ᠤ ᠪᠠᠶᠢᠳᠠᠯ ᠢ | ᠳᠦᠷ ᠴᠠᠭ ᠨᠠᠮᠳᠠᠭᠤᠯᠬᠤ ᠦᠶ᠎ᠡ ᠳᠤ ᠲᠣᠬᠢᠷᠠᠭᠤᠯᠤᠨ᠎ᠠ᠃ ᠳᠤᠤᠭᠠᠷᠬᠤ ᠠᠷᠭ᠎ᠠ᠄ ᠵᠠᠯᠭᠠᠭ᠎ᠠ ᠪᠠᠷ 3 | ᠮᠢᠨᠦ᠋ᠲ ᠳᠤᠤᠭᠠᠷᠪᠠ᠃ | ᠭᠤᠷᠪᠠ᠂ ᠠᠯᠪᠠᠨ ᠵᠠᠷ ᠨᠡᠶᠢᠲᠡᠯᠡᠬᠦ ᠬᠤᠭᠤᠴᠠᠭ᠎ᠠ ᠬᠢᠵᠠᠭᠠᠷ 2024 ᠣᠨ ᠤ 9 ᠰᠠᠷ᠎ᠠ ᠶᠢᠨ 13 ᠤ | ᠡᠳᠦᠷ ᠠᠴᠠ 9 ᠰᠠᠷ᠎ᠠ ᠶᠢᠨ 17 ᠤ ᠡᠳᠦᠷ ᠪᠣᠯᠲᠠᠯ᠎ᠠ᠃ ᠠᠭᠠᠷ ᠤᠨ ᠰᠡᠷᠭᠡᠶᠢᠯᠡᠯᠲᠡ ᠶᠢᠨ ᠳᠣᠬᠢᠶ᠎ᠠ ᠶᠢ ᠲᠤᠷᠰᠢᠨ | ᠳᠤᠤᠭᠠᠷᠭᠠᠬᠤ ᠬᠤᠭᠤᠴᠠᠭᠠᠨ ᠳᠤ ᠥᠷᠭᠡᠨ ᠣᠯᠠᠨ ᠰᠠᠭᠤᠭᠠᠯᠢ ᠠᠷᠠᠳ ᠠᠶᠤᠵᠤ ᠰᠠᠨᠳᠤᠷᠴᠤ ᠪᠣᠯᠬᠤ ᠦᠭᠡᠢ | ᠪᠥᠭᠡᠳ ᠦᠢᠯᠡᠳᠪᠦᠷᠢᠯᠡᠯ ᠠᠮᠢᠳᠤᠷᠠᠯ ᠤᠨ ᠬᠡᠪ ᠤᠨ ᠡᠮᠬᠢ ᠳᠢᠭᠯᠢᠮ ᠢ ᠪᠠᠲᠤᠯᠠᠪᠠᠯ ᠪᠣᠯᠴᠢᠬᠠᠨ᠎ᠠ᠃ ᠣᠨᠴᠠᠭᠠᠶᠢᠯᠠᠨ | ᠵᠠᠷᠯᠠᠪᠠ᠃ | | ᠤᠯᠠᠭᠠᠢ ᠬᠠᠮᠢᠶᠠᠷᠤᠯᠲᠠ ᠶᠢᠨ ᠣᠷᠣᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ | ᠠᠯᠪᠠᠨ ᠭᠡᠷ | 2024 ᠣᠨ ᠤ 9 ᠰᠠᠷ᠎ᠠ ᠶᠢᠨ 13 ᠤ ᠡᠳᠦᠷ | | |