2024 ᠣᠨ ᠤ ᠲᠥᠷᠥ ᠶᠢᠨ ᠪᠣᠳᠣᠯᠭ᠎ᠠ ᠶᠢᠨ ᠴᠢᠨᠠᠷᠲᠠᠢ ᠲᠠᠷᠢᠶᠠᠯᠠᠩ ᠤᠨ ᠳᠠᠭᠠᠳᠬᠠᠯ ᠤᠨ ᠮᠡᠳᠡᠭᠦᠯᠦᠯᠲᠡ
ᠨᠡᠶᠢᠲᠡᠯᠡᠭᠰᠡᠨ ᠴᠠᠭ᠄
2024/9/14

2024 ᠣᠨ ᠤ ᠲᠥᠷᠥ ᠶᠢᠨ ᠪᠣᠳᠣᠯᠭ᠎ᠠ ᠶᠢᠨ ᠴᠢᠨᠠᠷᠲᠠᠢ ᠲᠠᠷᠢᠶᠠᠯᠠᠩ ᠤᠨ ᠳᠠᠭᠠᠳᠬᠠᠯ ᠤᠨ ᠮᠡᠳᠡᠭᠦᠯᠦᠯᠲᠡ

   2024 ᠣᠨ ᠳᠤ ᠤᠯᠠᠭᠠᠢ ᠬᠠᠮᠢᠶᠠᠷᠤᠯᠲᠠ ᠶᠢᠨ ᠣᠷᠣᠨ ᠤ ᠲᠥᠷᠥ ᠶᠢᠨ ᠪᠣᠳᠣᠯᠭ᠎ᠠ ᠶᠢᠨ ᠴᠢᠨᠠᠷᠲᠠᠢ

ᠲᠠᠷᠢᠶᠠᠯᠠᠩ ᠤᠨ ᠳᠠᠭᠠᠳᠬᠠᠯ ᠤᠨ ᠠᠵᠢᠯ ᠢ ᠪᠥᠬᠦ ᠲᠠᠯ᠎ᠠ ᠪᠠᠷ  ᠥᠷᠨᠢᠭᠦᠯᠵᠦ᠂ ᠲᠠᠷᠢᠶᠠᠯᠠᠩ ᠤᠨ ᠦᠢᠯᠡᠳᠪᠦᠷᠢᠯᠡᠯ ᠤᠨ

ᠲᠣᠭᠲᠠᠭᠤᠨ ᠢᠶᠠᠷ ᠬᠥᠭᠵᠢᠬᠦ ᠶᠢ ᠪᠠᠲᠤᠯᠠᠵᠤ᠂ ᠪᠠᠶᠢᠭᠠᠯᠢ ᠶᠢᠨ ᠭᠠᠮᠰᠢᠭ ᠤᠨ ᠲᠠᠷᠢᠶᠠᠯᠠᠩ ᠮᠠᠯ ᠠᠵᠤ ᠠᠬᠤᠢ ᠳᠤ

ᠦᠵᠡᠭᠦᠯᠬᠦ ᠨᠥᠯᠥᠭᠡ ᠶᠢ ᠪᠠᠭᠠᠰᠬᠠᠪᠠ᠃ ᠪᠦᠬᠦ ᠵᠢᠯ ᠤᠨ ᠲᠥᠷᠥ ᠶᠢᠨ ᠪᠣᠳᠣᠯᠭ᠎ᠠ ᠶᠢᠨ ᠴᠢᠨᠠᠷᠲᠠᠢ ᠲᠠᠷᠢᠶᠠᠯᠠᠩ ᠤᠨ

ᠳᠠᠭᠠᠳᠬᠠᠯ ᠤᠨ ᠵᠠᠷᠤᠳᠠᠯ ᠨᠡᠶᠢᠲᠡ 704.87 ᠲᠦᠮᠡᠨ ᠲᠥᠭᠦᠷᠢᠭ ᠪᠣᠯᠵᠤ᠂ ᠲᠠᠷᠢᠮᠠᠯ ᠤᠨ ᠦᠢᠯᠡᠰ᠂ ᠮᠠᠯ ᠠᠵᠤ

ᠠᠬᠤᠢ ᠵᠡᠷᠭᠡ ᠣᠯᠠᠨ ᠬᠦᠷᠢᠶ᠎ᠡ ᠶᠢ ᠬᠠᠮᠤᠷᠴᠠᠢ᠃

   ᠨᠢᠭᠡ᠂ ᠲᠠᠷᠢᠮᠠᠯ ᠤᠨ ᠦᠢᠯᠡᠰ ᠤᠨ ᠳᠠᠭᠠᠳᠬᠠᠯ ᠤᠨ ᠪᠠᠶᠢᠳᠠᠯ

   2024 ᠣᠨ ᠳᠤ᠂ ᠲᠠᠷᠢᠮᠠᠯ ᠤᠨ ᠦᠢᠯᠡᠰ ᠤᠨ ᠳᠠᠭᠠᠳᠬᠠᠯ ᠤᠨ ᠳᠠᠭᠠᠭᠠᠴᠢᠯᠠᠭᠰᠠᠨ ᠲᠠᠯᠠᠪᠠᠢ 12.17

ᠲᠦᠮᠡᠨ ᠮᠦ᠂ ᠤᠯᠤᠰ ᠤᠨ ᠥᠮᠴᠢᠯᠡᠯ ᠤᠨ 3 ᠮᠠᠯᠵᠢᠯ ᠤᠨ ᠲᠠᠯᠠᠪᠠᠢ᠂ ᠪᠠᠶᠠᠨᠬᠤᠲᠠ 8 ᠭᠠᠴᠠᠭ᠎ᠠ ᠲᠣᠰᠬᠤᠨ ᠳᠤ

ᠬᠤᠯᠪᠣᠭᠳᠠᠵᠤ᠂ ᠬᠤᠯᠪᠣᠭᠳᠠᠬᠤ ᠲᠠᠷᠢᠶᠠᠴᠢᠨ ᠡᠷᠦᠬᠡ ᠶᠢᠨ ᠲᠤᠭ᠎ᠠ ᠨᠡᠶᠢᠳᠡ 57 ᠡᠷᠦᠬᠡ︵ᠤᠳᠠᠭ᠎ᠠ︶ ᠪᠠᠶᠢᠵᠤ᠂

ᠳᠠᠭᠠᠳᠬᠠᠯ ᠤᠨ ᠵᠠᠷᠤᠳᠠᠯ ᠤᠨ ᠶᠡᠷᠦᠩᠬᠡᠢ ᠵᠣᠭᠤᠰ ᠤᠨ ᠲᠤᠭ᠎ᠠ 357.42 ᠲᠦᠮᠡᠨ ᠲᠥᠭᠦᠷᠢᠭ ᠲᠤ ᠬᠦᠷᠴᠡᠢ᠃

ᠡᠭᠦᠨ ᠳᠤ᠄ ᠲᠥᠪ ᠤᠨ ᠡᠳ᠋ ᠤᠨ ᠵᠠᠰᠠᠭ ᠤᠨ ᠨᠥᠬᠦᠪᠦᠷᠢ ᠮᠥᠩᠭᠦ 45%᠎ ᠶᠢ ᠡᠵᠡᠯᠡᠵᠦ᠂ ᠨᠡᠶᠢᠳᠡ 160.84

ᠲᠦᠮᠡᠨ ᠲᠥᠭᠦᠷᠢᠭ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠨᠥᠬᠦᠪᠦᠷᠢ ᠮᠥᠩᠭᠦ 30%᠎ ᠶᠢ

ᠡᠵᠡᠯᠡᠬᠦ ᠬᠠᠷᠢᠴᠠᠯ ᠨᠢ 30%᠎ ᠳᠤ ᠨᠡᠶᠢᠳᠡ 107.23 ᠲᠦᠮᠡᠨ ᠲᠥᠭᠦᠷᠢᠭ᠂ ᠠᠶᠢᠮᠠᠭ ᠤᠨ ᠲᠡᠰ ᠤᠨ ᠡᠳ᠋ ᠤᠨ

ᠵᠠᠰᠠᠭ ᠤᠨ ᠨᠥᠬᠦᠪᠦᠷᠢ ᠮᠥᠩᠭᠦ ᠪᠡᠯᠡ ᠮᠥᠩᠭᠦ ᠶᠢᠨ ᠡᠵᠡᠯᠡᠬᠦ ᠬᠠᠷᠢᠴᠠᠯ ᠨᠢ 3%᠎ ᠳᠤ ᠨᠡᠶᠢᠳᠡ 10.72 ᠲᠦᠮᠡᠨ

ᠲᠥᠭᠦᠷᠢᠭ᠂ ᠬᠠᠮᠢᠶᠠᠷᠤᠯᠲᠠ ᠶᠢᠨ ᠣᠷᠣᠨ ᠤ ᠡᠳ᠋ ᠤᠨ ᠵᠠᠰᠠᠭ ᠤᠨ ᠨᠥᠬᠦᠪᠦᠷᠢ ᠪᠡᠯᠡ ᠮᠥᠩᠭᠦ ᠶᠢᠨ ᠡᠵᠡᠯᠡᠬᠦ ᠬᠠᠷᠢᠴᠠᠯ

᠎ ᠨᠢ 2%᠎ ᠳᠤ ᠨᠡᠶᠢᠳᠡ 7.15  ᠲᠦᠮᠡᠨ  ᠲᠥᠭᠦᠷᠢᠭ᠂ ᠲᠠᠷᠢᠶᠠᠴᠢᠨ ᠡᠷᠦᠬᠡ ᠶᠢᠨ ᠥᠪᠡᠷ ᠢᠶᠠᠨ ᠰᠦᠢᠳᠬᠡᠯ

ᠲᠤᠰᠢᠶᠠᠭᠰᠠᠨ ᠡᠵᠡᠯᠡᠬᠦ ᠬᠠᠷᠢᠴᠠᠯ ᠨᠢ 20%᠎ ᠳᠤ ᠨᠡᠶᠢᠳᠡ 71.48 ᠲᠦᠮᠡᠨ ᠲᠥᠭᠦᠷᠢᠭ ᠪᠣᠯᠤᠭᠰᠠᠨ ᠪᠠᠶᠢᠨ᠎ᠠ᠃

   ᠬᠤᠶᠠᠷ᠂ ᠮᠠᠯ ᠠᠵᠤ ᠠᠬᠤᠢ ᠶᠢᠨ ᠳᠠᠭᠠᠳᠬᠠᠯ ᠤᠨ ᠪᠠᠶᠢᠳᠠᠯ

   1. ᠰᠠᠭᠠᠯᠢ ᠶᠢᠨ ᠦᠨᠢᠶ᠎ᠡ ᠶᠢᠨ ᠳᠠᠭᠠᠳᠬᠠᠯ

   ᠰᠠᠭᠠᠯᠢ ᠶᠢᠨ ᠦᠨᠢᠶᠡᠨ ᠤ ᠳᠠᠭᠠᠳᠬᠠᠯ ᠤᠨ ᠲᠠᠯ᠎ᠠ ᠪᠠᠷ᠂ ᠨᠢᠭᠡᠳᠦᠭᠡᠷ ᠤᠯᠠᠷᠢᠯ ᠳᠤ ᠨᠡᠶᠢᠲᠡ 3976

ᠰᠠᠭᠠᠯᠢ ᠶᠢᠨ ᠦᠨᠢᠶ᠎ᠡ ᠶᠢ ᠳᠠᠭᠠᠳᠬᠠᠭᠤᠯᠵᠤ᠂ ᠳᠠᠭᠠᠳᠬᠠᠯ ᠤᠨ ᠶᠡᠷᠦᠩᠬᠡᠢ ᠵᠣᠭᠤᠰ ᠤᠨ ᠲᠤᠭ᠎ᠠ 159.04 ᠲᠦᠮᠡᠨ

ᠲᠥᠭᠦᠷᠢᠭ ᠲᠤ ᠬᠦᠷᠴᠡᠢ᠃ ᠡᠭᠦᠨ ᠳᠤ᠄ ᠲᠥᠪ ᠤᠨ ᠨᠥᠬᠦᠪᠦᠷᠢ ᠮᠥᠩᠭᠦ 50 %᠎ ᠶᠢ ᠡᠵᠡᠯᠡᠵᠦ᠂ ᠨᠡᠶᠢᠳᠡ 79.52

ᠲᠦᠮᠡᠨ ᠲᠥᠭᠦᠷᠢᠭ᠂ ᠥᠪᠡᠷᠲᠡᠭᠡᠨ ᠵᠠᠰᠠᠬᠤ ᠣᠷᠣᠨ ᠤ ᠨᠥᠬᠦᠪᠦᠷᠢ ᠮᠥᠩᠭᠦ 20%᠎ ᠶᠢ ᠡᠵᠡᠯᠡᠵᠦ᠂ ᠨᠡᠶᠢᠳᠡ 31.

81 ᠲᠦᠮᠡᠨ ᠲᠥᠭᠦᠷᠢᠭ᠂ ᠠᠶᠢᠮᠠᠭ ᠤᠨ ᠲᠡᠰ ᠤᠨ ᠨᠥᠬᠦᠪᠦᠷᠢ ᠮᠥᠩᠭᠦ 3%᠎ ᠤᠨ ᠡᠵᠡᠯᠡᠬᠦ ᠬᠠᠷᠢᠴᠠᠯ ᠨᠢ 4. 77

ᠲᠦᠮᠡᠨ ᠲᠥᠭᠦᠷᠢᠭ᠂ ᠬᠠᠮᠢᠶᠠᠷᠤᠯᠲᠠ ᠶᠢᠨ ᠣᠷᠣᠨ ᠤ ᠡᠳ᠋ ᠤᠨ ᠵᠠᠰᠠᠭ ᠤᠨ ᠨᠥᠬᠦᠪᠦᠷᠢ ᠮᠥᠩᠭᠦ ᠶᠢᠨ ᠡᠵᠡᠯᠡᠬᠦ

ᠬᠠᠷᠢᠴᠠᠯ ᠨᠢ 7%᠎ ᠳᠤ ᠨᠡᠶᠢᠳᠡ 11.13 ᠲᠦᠮᠡᠨ ᠲᠥᠭᠦᠷᠢᠭ᠂ ᠮᠠᠯᠴᠢᠨ ᠡᠷᠦᠬᠡ ᠶᠢᠨ ᠥᠪᠡᠷ ᠢᠶᠠᠨ ᠰᠦᠢᠳᠬᠡᠯ

ᠲᠤᠰᠢᠶᠠᠭᠰᠠᠨ ᠡᠵᠡᠯᠡᠬᠦ ᠬᠠᠷᠢᠴᠠᠯ ᠨᠢ 20%᠎ ᠳᠤ ᠬᠦᠷᠦᠭᠰᠡᠨ ᠪᠠᠶᠢᠨ᠎ᠠ᠃

   ᠬᠤᠶᠠᠳᠤᠭᠠᠷ ᠤᠯᠠᠷᠢᠯ ᠳᠤ ᠶᠡᠷᠦᠩᠬᠡᠢ ᠳᠠᠭᠠᠳᠬᠠᠭᠤᠯᠤᠭᠰᠠᠨ ᠰᠠᠭᠠᠯᠢ ᠶᠢᠨ ᠦᠨᠢᠶᠡᠨ ᠤ ᠲᠤᠭ᠎ᠠ ᠨᠡᠮᠡᠭᠳᠡᠭᠡᠳ

5046 ᠪᠣᠯᠵᠤ᠂ ᠳᠠᠭᠠᠳᠬᠠᠯ ᠤᠨ ᠶᠡᠷᠦᠩᠬᠡᠢ ᠵᠣᠭᠤᠰ ᠤᠨ ᠲᠤᠭ᠎ᠠ ᠨᠢ 162.91 ᠲᠦᠮᠡᠨ ᠲᠥᠭᠦᠷᠢᠭ ᠪᠣᠯᠪᠠ᠃

   ᠭᠤᠷᠪᠠ᠂ ᠠᠯᠠᠰᠢᠨ ᠬᠤᠨᠢᠨ ᠤ ᠴᠠᠭ ᠠᠭᠤᠷ ᠤᠨ ᠵᠢᠭᠠᠯᠲᠠ ᠲᠤᠭ᠎ᠠ ᠶᠢᠨ ᠳᠠᠭᠠᠳᠬᠠᠯ ᠤᠨ ᠲᠥᠯᠥᠪᠦᠷᠢ

   ᠠᠯᠠᠰᠢᠨ ᠬᠤᠨᠢᠨ ᠤ ᠴᠠᠭ ᠠᠭᠤᠷ ᠤᠨ ᠵᠢᠭᠠᠯᠲᠠ ᠲᠤᠭ᠎ᠠ ᠶᠢᠨ ᠳᠠᠭᠠᠳᠬᠠᠯ ᠤᠨ ᠳᠠᠭᠠᠳᠬᠠᠯ ᠳᠠᠭᠠᠭᠠᠴᠢᠯᠠᠭᠰᠠᠨ

ᠣᠷᠣᠨ ᠪᠦᠰᠡ ᠪᠣᠯ ᠬᠠᠯᠠᠭᠠᠶᠢᠲᠤ ᠲᠠᠷᠢᠶᠠᠯᠠᠩ ᠮᠠᠯᠵᠢᠯ ᠤᠨ ᠲᠠᠯᠠᠪᠠᠢ ᠵᠢᠴᠢ ᠪᠠᠶᠠᠨᠬᠤᠰᠢᠭᠤ ᠪᠠᠯᠭᠠᠰᠤ ᠪᠣᠯᠣᠨ᠎ᠠ᠂

ᠳᠠᠭᠠᠳᠬᠠᠯ ᠳᠤ ᠣᠷᠣᠯᠴᠠᠭᠰᠠᠨ ᠠᠯᠠᠰᠢᠨ ᠬᠤᠨᠢᠨ ᠤ ᠲᠤᠭ᠎ᠠ ᠨᠡᠶᠢᠲᠡ 2 ᠲᠦᠮᠡ ᠪᠠᠶᠢᠵᠤ᠂ 53 ᠡᠷᠦᠬᠡ ︵ᠤᠳᠠᠭ᠎ᠠ︶

᠂ ᠶᠡᠷᠦᠩᠬᠡᠢ ᠳᠠᠭᠠᠳᠬᠠᠯ ᠤᠨ ᠵᠠᠷᠤᠳᠠᠯ 30 ᠲᠦᠮᠡᠨ ᠲᠥᠭᠦᠷᠢᠭ ᠪᠣᠯᠣᠨ᠎ᠠ᠃ ᠡᠭᠦᠨ ᠳᠤ᠄ ᠮᠤᠵᠢ ᠶᠢᠨ ᠱᠠᠲᠤᠨ ᠤ

ᠨᠥᠬᠦᠪᠦᠷᠢ ᠪᠡᠯᠡ ᠮᠥᠩᠭᠦᠨ ᠤ ᠡᠵᠡᠯᠡᠬᠦ ᠬᠠᠷᠢᠴᠠᠯ ᠨᠢ 40%᠂ ᠨᠡᠶᠢᠳᠡ 12 ᠲᠦᠮᠡᠨ ᠲᠥᠭᠦᠷᠢᠭ ᠢ ᠡᠵᠡᠯᠡᠵᠦ᠂

ᠠᠶᠢᠮᠠᠭ ᠤᠨ ᠲᠡᠰ ᠤᠨ ᠨᠥᠬᠦᠪᠦᠷᠢ ᠪᠡᠯᠡ ᠮᠥᠩᠭᠦᠨ ᠤ ᠡᠵᠡᠯᠡᠬᠦ ᠬᠠᠷᠢᠴᠠᠯ ᠨᠢ 20%᠎ ᠲᠤ ᠬᠦᠷᠴᠦ᠂

ᠬᠠᠮᠢᠶᠠᠷᠤᠯᠲᠠ ᠶᠢᠨ ᠣᠷᠣᠨ ᠤ ᠨᠥᠬᠦᠪᠦᠷᠢ ᠮᠥᠩᠭᠦ 20%᠎ ᠤᠨ ᠡᠵᠡᠯᠡᠬᠦ ᠬᠠᠷᠢᠴᠠᠯ ᠨᠢ 20%᠎ ᠲᠤ ᠬᠦᠷᠴᠦ᠂

ᠮᠠᠯᠴᠢᠨ ᠡᠷᠦᠬᠡ ᠶᠢᠨ ᠥᠪᠡᠷ ᠢᠶᠠᠨ ᠲᠤᠰᠢᠶᠠᠬᠤ ᠰᠦᠢᠳᠬᠡᠯ ᠤᠨ ᠡᠵᠡᠯᠡᠬᠦ ᠬᠠᠷᠢᠴᠠᠯ ᠨᠢ 20%᠎ ᠲᠤ ᠬᠦᠷᠴᠦ᠂

ᠨᠡᠶᠢᠳᠡ 6 ᠲᠦᠮᠡᠨ ᠲᠥᠭᠦᠷᠢᠭ ᠬᠦᠷᠦᠭᠰᠡᠨ ᠪᠠᠶᠢᠨ᠎ᠠ᠃

   ᠣᠳᠣᠬᠠᠨ ᠪᠣᠯᠲᠠᠯ᠎ᠠ ᠠᠯᠠᠰᠢᠨ ᠬᠤᠨᠢᠨ ᠤ ᠴᠠᠭ ᠠᠭᠤᠷ ᠤᠨ ᠵᠢᠭᠠᠯᠲᠠ ᠲᠤᠭ᠎ᠠ ᠴᠠᠰᠤᠨ ᠭᠠᠮᠰᠢᠭ ᠤᠨ

ᠳᠠᠭᠠᠳᠬᠠᠯ ᠳᠤ 53 ᠡᠷᠦᠬᠡ ᠤᠳᠠᠭ᠎ᠠ ᠲᠥᠯᠥᠪᠦᠷᠢ ᠥᠭᠴᠦ᠂25.5 ᠲᠦᠮᠡᠨ ᠲᠥᠭᠦᠷᠢᠭ ᠤᠨ ᠲᠥᠯᠥᠪᠦᠷᠢ ᠥᠭᠴᠦ᠂

ᠲᠥᠯᠥᠪᠦᠷᠢ ᠶᠢᠨ ᠨᠣᠷᠮ᠎ᠠ ᠨᠢ 100% ᠬᠦᠷᠪᠡ᠃

   ᠳᠥᠷᠪᠡ᠂ ᠳ᠋ᠦᠩᠨᠡᠯᠲᠡ

   ᠲᠥᠷᠥ ᠶᠢᠨ ᠪᠣᠳᠣᠯᠭ᠎ᠠ ᠶᠢᠨ ᠴᠢᠨᠠᠷᠲᠠᠢ ᠲᠠᠷᠢᠶᠠᠯᠠᠩ ᠤᠨ ᠳᠠᠭᠠᠳᠬᠠᠯ ᠢ ᠬᠡᠷᠡᠭᠵᠢᠭᠦᠯᠬᠦ ᠪᠠᠷ ᠳᠠᠮᠵᠢᠭᠤᠯᠤᠨ᠂

ᠪᠠᠶᠢᠭᠠᠯᠢ ᠶᠢᠨ ᠭᠠᠮᠰᠢᠭ ᠤᠨ ᠤᠯᠠᠭᠠᠢ ᠬᠠᠮᠢᠶᠠᠷᠤᠯᠲᠠ ᠶᠢᠨ ᠣᠷᠣᠨ ᠤ ᠲᠠᠷᠢᠶᠠᠯᠠᠩ ᠮᠠᠯ ᠠᠵᠤ ᠠᠬᠤᠢ ᠳᠤ

ᠦᠵᠡᠭᠦᠯᠬᠦ ᠨᠥᠯᠥᠭᠡ ᠶᠢ ᠪᠦᠲᠦᠮᠵᠢᠲᠡᠶ ᠪᠠᠭᠤᠷᠠᠭᠤᠯᠬᠤ ᠶᠢᠨ ᠬᠠᠮᠲᠤ ᠳᠠᠭᠠᠳᠬᠠᠯ ᠤᠨ ᠬᠠᠮᠤᠷᠬᠤ ᠬᠡᠪᠴᠢᠶ᠎ᠡ  

ᠲᠠᠰᠤᠷᠠᠯᠲᠠ  ᠤᠶᠢᠭᠡᠢ  ᠥᠷᠭᠡᠳᠴᠦ᠂ ᠲᠠᠷᠢᠶᠠᠴᠢᠨ ᠡᠷᠦᠬᠡ ᠳᠤ ᠨᠠᠩ ᠣᠯᠠᠨ ᠪᠠᠲᠤᠯᠠᠭ᠎ᠠ ᠬᠠᠩᠭᠠᠭᠰᠠᠨ ᠪᠠᠶᠢᠨ᠎ᠠ᠃

ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠲᠠᠷᠢᠶᠠᠯᠠᠩ ᠤᠨ ᠳᠠᠭᠠᠳᠬᠠᠯ ᠤᠨ ᠬᠥᠭᠵᠢᠯᠲᠡ ᠶᠢᠨ ᠬᠥᠳᠡᠯᠦᠯ

ᠪᠠᠶᠢᠳᠠᠯ ᠢ ᠦᠷᠭᠦᠯᠵᠢᠯᠡᠨ ᠠᠩᠬᠠᠷᠴᠤ᠂ ᠪᠣᠳᠠᠲᠤ ᠪᠠᠶᠢᠳᠠᠯ ᠢᠶᠠᠨ ᠦᠨᠳᠦᠰᠦᠯᠡᠨ ᠳᠠᠭᠠᠳᠬᠠᠯ ᠤᠨ ᠠᠷᠭ᠎ᠠ

ᠪᠣᠳᠣᠯᠭ᠎ᠠ ᠳᠤ ᠲᠣᠬᠢᠷᠠᠭᠤᠯᠤᠯᠲᠠ ᠬᠢᠵᠦ᠂ ᠲᠠᠷᠢᠶᠠᠯᠠᠩ ᠤᠨ ᠦᠢᠯᠡᠳᠪᠦᠷᠢᠯᠡᠯ ᠳᠤ ᠨᠡᠩ ᠰᠠᠶᠢᠲᠤᠷ ᠦᠢᠯᠡᠴᠢᠯᠡᠵᠦ᠂

ᠲᠠᠷᠢᠶᠠᠯᠠᠩ ᠤᠨ ᠦᠷᠭᠦᠯᠵᠢᠯᠡᠨ ᠬᠥᠭᠵᠢᠬᠦ ᠳᠤ ᠬᠦᠴᠦᠨ ᠲᠡᠭᠦᠯᠳᠡᠷ ᠪᠠᠲᠤᠯᠠᠭ᠎ᠠ ᠬᠠᠩᠭᠠᠬᠤ ᠬᠡᠷᠡᠭᠲᠡᠢ᠃

 
ᠢᠷᠡᠯᠲᠡ᠄ ᠤᠯᠠᠭᠠᠶ ᠬᠠᠮᠢᠶᠠᠷᠤᠯᠲᠠ ᠶᠢᠨ ᠣᠷᠣᠨ ᠤ ᠵᠠᠰᠠᠭ ᠤᠨ ᠶᠠᠪᠤᠳᠠᠯ ᠤᠨ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号