9 ᠰᠠᠷ᠎ᠠ ᠶᠢᠨ 13 ᠤ ᠡᠳᠦᠷ᠂ ᠤᠯᠠᠭᠠᠢ ᠬᠠᠮᠢᠶᠠᠷᠤᠯᠲᠠ ᠶᠢᠨ ᠣᠷᠣᠨ ᠤ ᠣᠰᠣᠨ ᠠᠰᠢᠭᠯᠠᠯᠲᠠ ᠶᠢᠨ | ᠲᠣᠪᠴᠢᠶ᠎ᠠ ᠨᠠᠢᠮᠠ ᠰᠠᠷ᠎ᠠ ᠶᠢᠨ ᠪᠠᠶᠠᠷ᠂ ᠤᠯᠤᠰ ᠤᠨ ᠪᠠᠶᠠᠷ ᠤᠨ ︽ᠬᠤᠶᠠᠷ ᠪᠠᠶᠠᠷ︾ ᠤᠨ ᠬᠤᠭᠤᠴᠠᠭᠠᠨ ᠳᠠᠬᠢ | ᠲᠤᠰᠬᠠᠢ ᠰᠡᠳᠦᠪᠲᠦ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠵᠤ᠂ ᠣᠰᠣᠨ ᠠᠰᠢᠭᠯᠠᠯᠲᠠ ᠶᠢᠨ ᠲᠣᠪᠴᠢᠶᠠᠨ ᠤ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠮᠥᠷᠡᠨ ᠬᠤᠷᠠᠯ ᠢ ᠡᠷᠬᠢᠯᠡᠵᠣ᠂ ᠪᠦᠬᠦ | ᠺᠠᠳ᠋ᠷ ᠠᠵᠢᠯᠲᠠᠨ ᠠᠵᠢᠯᠴᠢᠨ ᠬᠤᠷᠠᠯ ᠳᠤ ᠣᠷᠣᠯᠴᠠᠪᠠ᠃ | ᠬᠤᠷᠠᠯ ᠠᠴᠠ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠴᠠᠭᠠᠨ ᠰᠢᠢᠳᠪᠦᠷᠢᠯᠡᠭᠰᠡᠨ | ᠲᠥᠪ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠵᠥᠷᠢᠴᠡᠭᠰᠡᠨ 4 ᠠᠰᠠᠭᠤᠳᠠᠯ ᠤᠨ ᠨᠡᠶᠢᠲᠡᠯᠢᠭ ᠬᠡᠷᠡᠭ ᠤᠨ | ᠵᠢᠱᠢᠶ᠎ᠡ ᠶᠢ ᠵᠠᠷᠯᠠᠨ ᠮᠡᠳᠡᠭᠳᠡᠪᠡ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠨᠠᠮ ᠤᠨ | ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ᠂ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ | ᠭᠦᠨᠵᠡᠭᠡᠢ ᠰᠤᠷᠤᠯᠴᠠᠨ ᠲᠤᠤᠱᠯᠠᠭᠤᠯᠵᠤ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ | ᠡᠭᠦᠷᠭᠡᠯᠡᠯ ᠢᠶᠠᠨ ᠴᠢᠩᠭᠠᠳᠬᠠᠵᠤ᠂ ᠨᠡᠶᠢᠲᠡᠯᠢᠭ ᠬᠡᠷᠡᠭ ᠤᠨ ᠵᠢᠱᠢᠶ᠎ᠡ ᠪᠣᠯᠣᠨ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠵᠤ᠂ ᠰᠠᠬᠢᠯᠭ᠎ᠠ ᠪᠠᠲᠤ ᠶᠢ ᠤᠯᠠᠮ ᠨᠢᠭᠡ ᠠᠯᠬᠤᠮ ᠰᠤᠷᠤᠯᠴᠠᠵᠤ᠂ | ᠰᠠᠬᠢᠯᠭ᠎ᠠ ᠪᠠᠲᠤ ᠶᠢ ᠮᠡᠳᠡᠵᠦ᠂ ᠰᠠᠬᠢᠯᠭ᠎ᠠ ᠪᠠᠲᠤ ᠶᠢ ᠰᠠᠬᠢᠵᠤ᠂ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ | ᠬᠡᠷᠡᠭᠲᠡᠢ︔ ᠬᠤᠶᠠᠷ ᠲᠤ᠂ ᠡᠯ᠎ᠡ ᠲᠠᠰᠤᠭ ᠤᠨ ᠬᠢᠨ ᠲᠤᠰ ᠲᠤᠰ ᠤᠨ ᠡᠭᠦᠷᠭᠡ ᠴᠢᠳᠠᠪᠬᠢ ᠲᠠᠢ ᠪᠠᠨ ᠤᠶᠠᠯᠳᠤᠭᠤᠯᠵᠤ᠂ | ᠪᠠᠶᠠᠷ ᠤᠨ ᠡᠳᠦᠷ ᠠᠴᠠ ᠡᠮᠦᠨ᠎ᠡ ᠪᠠᠶᠢᠭᠤᠯᠵᠤ ᠪᠠᠶᠢᠭ᠎ᠠ ᠤᠰᠤᠨ ᠠᠰᠢᠭᠯᠠᠯᠲᠠ ᠶᠢᠨ ᠢᠨᠵᠧᠨᠧᠷᠢᠩ᠂ ᠤᠰᠤᠨ | ᠴᠥᠭᠦᠷᠥᠮ᠂ ᠠᠵᠢᠯᠯᠠᠬᠤ ᠲᠠᠯᠠᠪᠤᠷ ᠤᠨ ᠤᠰᠤ ᠬᠡᠷᠡᠭᠯᠡᠬᠦ᠂ ᠴᠠᠬᠢᠯᠭᠠᠨ ᠬᠡᠷᠡᠭᠯᠡᠬᠦ ᠵᠡᠷᠭᠡ ᠭᠤᠣᠯᠳᠠᠯᠭ᠎ᠠ ᠲᠠᠢ ᠬᠡᠰᠡᠭ ᠲᠤ | ᠭᠡᠮ ᠰᠣᠭᠤᠭ ᠢ ᠵᠢᠭᠰᠠᠭᠠᠨ ᠪᠠᠶᠢᠴᠠᠭᠠᠵᠤ᠂ ᠠᠳᠡᠯ ᠭᠠᠷᠬᠤ ᠶᠢ ᠴᠢᠩᠭ᠎ᠠ ᠰᠡᠷᠭᠡᠶᠢᠯᠡᠵᠦ᠂ ︽ᠬᠤᠶᠠᠷ ᠪᠠᠶᠠᠷ︾ ᠤᠨ | ᠬᠤᠭᠤᠴᠠᠭᠠᠨ ᠳᠤ ᠠᠶᠤᠯᠭᠦᠢ ᠦᠢᠯᠡᠳᠪᠦᠷᠢᠯᠡᠯ ᠤᠨ ᠠᠵᠢᠯ ᠢ ᠲᠣᠭᠲᠠᠭᠤᠨ ᠡᠮᠬᠢ ᠵᠢᠷᠤᠮ ᠲᠠᠢ ᠠᠬᠢᠭᠤᠯᠬᠤ ᠶᠢ | ᠪᠠᠲᠤᠯᠠᠬᠤ ᠬᠡᠷᠡᠭᠲᠡᠢ︔ |