ᠤᠯᠠᠭᠠᠢ ᠬᠠᠮᠢᠶᠠᠷᠤᠯᠲᠠ ᠶᠢᠨ ᠣᠷᠣᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ 2024 ᠣᠨ ᠤ ᠶᠢᠰᠦᠳᠦᠭᠡᠷ ᠤᠳᠠᠭᠠᠨ ᠤ ᠵᠤᠷᠰᠢᠮᠠᠯ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/14

    9 ᠰᠠᠷ᠎ᠠ ᠶᠢᠨ 10 ᠤ ᠡᠳᠦᠷ᠂ ᠤᠯᠠᠭᠠᠢ ᠬᠠᠮᠢᠶᠠᠷᠤᠯᠲᠠ ᠶᠢᠨ ᠣᠷᠣᠨ ᠤ ᠨᠠᠮ ᠤᠨ ᠠᠵᠢᠯ ᠤᠨ ᠬᠤᠷᠢᠶᠠᠨ ᠤ

ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠴᠠᠩ ᠱᠧᠩ ᠬᠠᠮᠢᠶᠠᠷᠤᠯᠲᠠ ᠶᠢᠨ ᠣᠷᠣᠨ ᠤ ᠠᠶᠤᠯᠭᠦᠢ

ᠦᠢᠯᠡᠳᠪᠦᠷᠢᠯᠡᠯ ᠤᠨ ᠵᠥᠪᠯᠡᠯ ᠤᠨ 2024 ᠣᠨ ᠤ ᠶᠢᠰᠦᠳᠦᠭᠡᠷ ᠤᠳᠠᠭᠠᠨ ᠤ ᠡᠭᠡᠯᠵᠢ ᠶᠢᠨ ᠬᠤᠷᠠᠯ ᠢ ᠡᠷᠬᠢᠯᠡᠨ

ᠬᠤᠷᠠᠯᠳᠤᠭᠤᠯᠵᠤ᠂ ᠪᠦᠬᠦ ᠠᠶᠢᠮᠠᠭ ᠤᠨ ᠭᠤᠷᠪᠠᠳᠤᠭᠠᠷ ᠤᠯᠠᠷᠢᠯ ᠤᠨ ᠠᠶᠤᠯᠭᠦᠢ ᠦᠢᠯᠡᠳᠪᠦᠷᠢᠯᠡᠯ ᠤᠨ ᠬᠤᠷᠠᠯ ᠵᠢᠴᠢ

ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠪᠠ ᠣᠢ ᠰᠢᠭᠤᠢ ᠨᠤᠲᠤᠭ

ᠪᠡᠯᠴᠢᠭᠡᠷ ᠤᠨ ᠭᠠᠯ ᠢ ᠰᠡᠷᠭᠡᠶᠢᠯᠡᠬᠦ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠳᠠᠮᠵᠢᠭᠤᠯᠵᠤ᠂

ᠬᠠᠮᠢᠶᠠᠷᠤᠯᠲᠠ ᠶᠢᠨ ᠣᠷᠣᠨ ᠤ ᠲᠠᠷᠠᠭ᠎ᠠ ᠨᠢᠭᠡ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ᠂ ᠨᠠᠮᠤᠷ ᠤᠨ

ᠤᠯᠠᠷᠢᠯ ᠤᠨ ᠣᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠵᠡᠷᠭᠡ ᠠᠵᠢᠯ ᠢ ᠪᠠᠶᠢᠷᠢᠯᠠᠭᠤᠯᠪᠠ᠃

ᠬᠠᠮᠢᠶᠠᠷᠤᠯᠲᠠ ᠶᠢᠨ ᠵᠥᠪᠯᠡᠯ ᠤᠨ ᠤᠳᠤᠷᠢᠳᠤᠯᠭ᠎ᠠ ᠷᠧᠨ ᠰᠢ ᠵᠢᠶᠦ᠋ᠨ᠂ ᠪᠠᠢ ᠴᠢᠩ ᠱᠠᠨ᠂ ᠭᠤᠤ ᠲᠢᠶᠠᠨ ᠫᠧᠩ᠂ ᠸᠠᠩ

ᠰᠢᠩ ᠺᠠᠢ ᠬᠤᠷᠠᠯ ᠳᠤ ᠣᠷᠣᠯᠴᠠᠪᠠ᠃

    ᠬᠤᠷᠠᠯ ᠠᠴᠠ᠂ ᠨᠠᠢᠮᠠᠨ ᠰᠠᠷ᠎ᠠ ᠶᠢᠨ ᠲᠡᠷᠭᠡᠯ ᠪᠠᠶᠠᠷ᠂ ᠤᠯᠤᠰ ᠤᠨ ᠪᠠᠶᠠᠷ ᠤᠳᠠᠯ ᠦᠭᠡᠢ ᠬᠦᠷᠴᠦ ᠢᠷᠡᠬᠦ ᠭᠡᠵᠦ

ᠪᠠᠶᠢᠨ᠎ᠠ᠂ ᠡᠯ᠎ᠡ ᠲᠦᠷᠦᠯ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠵᠠᠩᠭᠢᠯᠠᠭ᠎ᠠ ᠶᠢᠨ ᠱᠠᠲᠤᠨ ᠳᠤ ᠣᠷᠣᠵᠤ᠂

ᠣᠳᠣᠬᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠬᠠᠷᠢᠭᠤᠴᠠᠯᠭ᠎ᠠ ᠬᠦᠨᠳᠦ ᠶᠡᠭᠡ ᠪᠠᠶᠢᠨ᠎ᠠ᠂

ᠡᠯ᠎ᠡ ᠪᠠᠯᠭᠠᠰᠤ ᠲᠠᠯᠠᠪᠠᠢ᠂ ᠡᠯ᠎ᠡ ᠰᠠᠯᠠᠭ᠎ᠠ ᠮᠥᠴᠢᠷ ᠤᠨ ᠬᠢᠨ ᠣᠳᠣᠬᠠᠨ ᠤ ᠠᠶᠤᠯᠭᠦᠢ ᠦᠢᠯᠡᠳᠪᠦᠷᠢᠯᠡᠯ ᠤᠨ

ᠠᠵᠢᠯ ᠤᠨ ᠪᠤᠳᠤᠯᠢᠶᠠᠨᠲᠤ ᠴᠢᠨᠠᠷ ᠪᠣᠯᠣᠨ ᠬᠦᠨᠳᠦ ᠨᠣᠴᠢᠲᠠᠢ ᠴᠢᠨᠠᠷ ᠢ ᠭᠦᠢᠴᠡᠳ ᠲᠠᠨᠢᠵᠤ᠂ ᠠᠶᠤᠯᠭᠦᠢ

ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠡᠮ ᠰᠣᠭᠤᠭ ᠢ ᠪᠠᠶᠢᠴᠠᠭᠠᠨ

ᠵᠠᠰᠠᠬᠤ ᠶᠢ ᠨᠠᠷᠢᠨ ᠬᠢᠨᠠᠮᠠᠭᠠᠢ ᠥᠷᠨᠢᠭᠦᠯᠵᠦ᠂ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ

ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠡᠯ᠎ᠡ ᠲᠦᠷᠦᠯ ᠤᠨ

ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ︽ᠤᠷᠢᠳᠴᠢᠯᠠᠨ

ᠰᠡᠷᠭᠡᠶᠢᠯᠡᠬᠦ ᠶᠢ ᠲᠡᠷᠢᠭᠦᠨ ᠳᠤ ᠲᠠᠯᠪᠢᠬᠤ᠂ ᠡᠷᠲᠡ ᠢᠯᠡᠷᠡᠭᠦᠯᠬᠦ᠂ ᠪᠠᠭ᠎ᠠ ᠳᠡᠭᠡᠷ᠎ᠡ ᠨᠢ ᠰᠢᠢᠳᠪᠦᠷᠢᠯᠡᠬᠦ︾ ᠪᠠᠷᠢᠮᠵᠢᠶ᠎ᠠ ᠶᠢ

ᠡᠷᠡᠰ ᠦᠢᠯᠡᠳᠦᠯᠭᠡᠵᠢᠭᠦᠯᠵᠦ᠂ ᠭᠠᠯ ᠤᠨ ᠢᠷᠡᠯᠲᠡ ᠶᠢ ᠴᠢᠩᠭ᠎ᠠ ᠡᠵᠡᠮᠳᠡᠬᠦ ᠶᠢ ᠭᠠᠯ ᠤᠨ ᠠᠶᠤᠯ ᠢ ᠰᠡᠷᠭᠡᠶᠢᠯᠡᠬᠦ

ᠲᠡᠷᠢᠭᠦᠨ ᠴᠢᠬᠤᠯᠠ ᠡᠭᠦᠷᠭᠡ ᠪᠣᠯᠭᠠᠵᠤ᠂ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ᠂ ᠬᠢᠨᠠᠨ ᠬᠡᠮᠵᠢᠵᠦ  

ᠤᠷᠢᠳᠴᠢᠯᠠᠨ ᠰᠡᠷᠡᠮᠵᠢᠯᠡᠭᠦᠯᠬᠦ᠂ ᠲᠣᠭᠤᠷᠢᠨ ᠪᠠᠶᠢᠴᠠᠭᠠᠵᠤ ᠲᠣᠭᠤᠷᠢᠨ ᠬᠠᠮᠠᠭᠠᠯᠠᠬᠤ᠂ ᠤᠬᠠᠭᠤᠯᠭ᠎ᠠ ᠬᠥᠮᠦᠵᠢᠯ ᠬᠢᠬᠦ

ᠵᠡᠷᠭᠡ ᠠᠵᠢᠯ ᠢᠶᠠᠨ ᠴᠢᠩᠭᠠᠳᠬᠠᠵᠤ᠂ ᠣᠢ ᠰᠢᠭᠤᠢ ᠨᠤᠲᠤᠭ ᠪᠡᠯᠴᠢᠭᠡᠷ ᠤᠨ ᠭᠠᠯ ᠤᠨᠲᠠᠷᠠᠭᠠᠬᠤ ᠪᠠᠴᠢᠮ ᠪᠠᠶᠢᠳᠠᠯ ᠢ

ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠬᠠᠮᠢᠶᠠᠷᠤᠯᠲᠠ ᠶᠢᠨ ᠣᠷᠣᠨ ᠤ ᠨᠠᠮᠤᠷ ᠤᠨ

ᠤᠯᠠᠷᠢᠯ ᠤᠨ ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠲᠣᠭᠲᠠᠭᠤᠨ ᠪᠠᠶᠢᠬᠤ ᠶᠢ

ᠪᠠᠲᠤᠯᠠᠬᠤ ᠬᠡᠷᠡᠭᠲᠡᠢ᠃ ᠵᠢᠵᠢᠭᠦᠷᠯᠡᠨ ᠰᠠᠬᠢᠬᠤ ᠪᠠᠨ ᠴᠢᠩᠭᠠᠳᠬᠠᠵᠤ᠂ 24 ᠴᠠᠭ ᠢᠶᠠᠷ ᠵᠢᠵᠢᠭᠦᠷᠯᠡᠬᠦ᠂ ᠤᠳᠤᠷᠢᠳᠤᠯᠭ᠎ᠠ

ᠡᠭᠡᠯᠵᠢ ᠳᠠᠭᠠᠭᠤᠯᠬᠤ ᠳᠦᠷᠢᠮ ᠪᠠ ᠭᠠᠯ ᠤᠨ ᠭᠠᠮᠰᠢᠭ ᠤᠨ ᠮᠡᠳᠡᠭᠡ ᠵᠠᠩᠭᠢ ᠶᠢ ᠨᠢᠭᠡᠳᠦᠯᠲᠡᠢ ᠰᠢᠰᠲ᠋ᠧᠮᠵᠢᠭᠦᠯᠦᠨ

ᠳᠡᠭᠡᠭᠰᠢ ᠮᠡᠳᠡᠭᠦᠯᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠮᠡᠳᠡᠭᠦᠯᠬᠦ ᠦᠭᠡᠢ ᠨᠢᠭᠤᠬᠤ᠂ ᠣᠷᠬᠢᠭᠳᠠᠭᠤᠯᠤᠨ

ᠮᠡᠳᠡᠭᠦᠯᠬᠦ᠂ ᠤᠳᠠᠭᠠᠰᠢᠷᠠᠭᠤᠯᠤᠨ ᠮᠡᠳᠡᠭᠦᠯᠬᠦ ᠪᠤᠶᠤ ᠣᠯᠠᠨ ᠲᠠᠯ᠎ᠠ ᠠᠴᠠ ᠳᠡᠭᠡᠭᠰᠢ ᠮᠡᠳᠡᠭᠦᠯᠬᠦ ᠶᠢ ᠡᠷᠡᠰ ᠬᠤᠷᠢᠭᠯᠠᠵᠤ᠂

ᠴᠠᠭ ᠢᠮᠠᠭᠲᠠ ᠵᠠᠰᠠᠭ ᠤᠨ ᠵᠠᠷᠯᠢᠭ ᠤᠨ ᠮᠡᠳᠡᠭᠡ ᠵᠠᠩᠭᠢ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠬᠡᠷᠡᠭᠲᠡᠢ᠃

   ᠡᠯ᠎ᠡ ᠪᠠᠯᠭᠠᠰᠤ ᠲᠠᠯᠠᠪᠠᠢ᠂ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠡᠯ᠎ᠡ ᠪᠦᠷᠢᠯᠳᠦᠭᠦᠨ ᠨᠢᠭᠡᠴᠡ ᠶᠢᠨ

ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃

 
ᠢᠷᠡᠯᠲᠡ᠄ ᠲᠡᠭᠷᠢᠯᠢᠭ ᠲᠠᠯ᠎ᠠ ᠤᠯᠠᠭᠠᠢ ᠸᠢᠴᠠᠲ ᠤᠨ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号