2024 ᠣᠨ ᠤ ᠲᠥᠷᠥ ᠶᠢᠨ ᠪᠣᠳᠣᠯᠭ᠎ᠠ ᠶᠢᠨ ᠴᠢᠨᠠᠷᠲᠠᠢ ᠲᠠᠷᠢᠶᠠᠯᠠᠩ ᠤᠨ ᠳᠠᠭᠠᠳᠬᠠᠯ ᠤᠨ ᠮᠡᠳᠡᠭᠦᠯᠦᠯᠲᠡ | 2024 ᠣᠨ ᠳᠤ ᠤᠯᠠᠭᠠᠢ ᠬᠠᠮᠢᠶᠠᠷᠤᠯᠲᠠ ᠶᠢᠨ ᠣᠷᠣᠨ ᠤ ᠲᠥᠷᠥ ᠶᠢᠨ ᠪᠣᠳᠣᠯᠭ᠎ᠠ ᠶᠢᠨ ᠴᠢᠨᠠᠷᠲᠠᠢ | ᠲᠠᠷᠢᠶᠠᠯᠠᠩ ᠤᠨ ᠳᠠᠭᠠᠳᠬᠠᠯ ᠤᠨ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠲᠠᠷᠢᠶᠠᠯᠠᠩ ᠤᠨ ᠦᠢᠯᠡᠳᠪᠦᠷᠢᠯᠡᠯ ᠤᠨ | ᠲᠣᠭᠲᠠᠭᠤᠨ ᠢᠶᠠᠷ ᠬᠥᠭᠵᠢᠬᠦ ᠶᠢ ᠪᠠᠲᠤᠯᠠᠵᠤ᠂ ᠪᠠᠶᠢᠭᠠᠯᠢ ᠶᠢᠨ ᠭᠠᠮᠰᠢᠭ ᠤᠨ ᠲᠠᠷᠢᠶᠠᠯᠠᠩ ᠮᠠᠯ ᠠᠵᠤ ᠠᠬᠤᠢ ᠳᠤ | ᠦᠵᠡᠭᠦᠯᠬᠦ ᠨᠥᠯᠥᠭᠡ ᠶᠢ ᠪᠠᠭᠠᠰᠬᠠᠪᠠ᠃ ᠪᠦᠬᠦ ᠵᠢᠯ ᠤᠨ ᠲᠥᠷᠥ ᠶᠢᠨ ᠪᠣᠳᠣᠯᠭ᠎ᠠ ᠶᠢᠨ ᠴᠢᠨᠠᠷᠲᠠᠢ ᠲᠠᠷᠢᠶᠠᠯᠠᠩ ᠤᠨ | ᠳᠠᠭᠠᠳᠬᠠᠯ ᠤᠨ ᠵᠠᠷᠤᠳᠠᠯ ᠨᠡᠶᠢᠲᠡ 704.87 ᠲᠦᠮᠡᠨ ᠲᠥᠭᠦᠷᠢᠭ ᠪᠣᠯᠵᠤ᠂ ᠲᠠᠷᠢᠮᠠᠯ ᠤᠨ ᠦᠢᠯᠡᠰ᠂ ᠮᠠᠯ ᠠᠵᠤ | ᠠᠬᠤᠢ ᠵᠡᠷᠭᠡ ᠣᠯᠠᠨ ᠬᠦᠷᠢᠶ᠎ᠡ ᠶᠢ ᠬᠠᠮᠤᠷᠴᠠᠢ᠃ | ᠨᠢᠭᠡ᠂ ᠲᠠᠷᠢᠮᠠᠯ ᠤᠨ ᠦᠢᠯᠡᠰ ᠤᠨ ᠳᠠᠭᠠᠳᠬᠠᠯ ᠤᠨ ᠪᠠᠶᠢᠳᠠᠯ | 2024 ᠣᠨ ᠳᠤ᠂ ᠲᠠᠷᠢᠮᠠᠯ ᠤᠨ ᠦᠢᠯᠡᠰ ᠤᠨ ᠳᠠᠭᠠᠳᠬᠠᠯ ᠤᠨ ᠳᠠᠭᠠᠭᠠᠴᠢᠯᠠᠭᠰᠠᠨ ᠲᠠᠯᠠᠪᠠᠢ 12.17 | ᠲᠦᠮᠡᠨ ᠮᠦ᠂ ᠤᠯᠤᠰ ᠤᠨ ᠥᠮᠴᠢᠯᠡᠯ ᠤᠨ 3 ᠮᠠᠯᠵᠢᠯ ᠤᠨ ᠲᠠᠯᠠᠪᠠᠢ᠂ ᠪᠠᠶᠠᠨᠬᠤᠲᠠ 8 ᠭᠠᠴᠠᠭ᠎ᠠ ᠲᠣᠰᠬᠤᠨ ᠳᠤ | ᠬᠤᠯᠪᠣᠭᠳᠠᠵᠤ᠂ ᠬᠤᠯᠪᠣᠭᠳᠠᠬᠤ ᠲᠠᠷᠢᠶᠠᠴᠢᠨ ᠡᠷᠦᠬᠡ ᠶᠢᠨ ᠲᠤᠭ᠎ᠠ ᠨᠡᠶᠢᠳᠡ 57 ᠡᠷᠦᠬᠡ︵ᠤᠳᠠᠭ᠎ᠠ︶ ᠪᠠᠶᠢᠵᠤ᠂ | ᠳᠠᠭᠠᠳᠬᠠᠯ ᠤᠨ ᠵᠠᠷᠤᠳᠠᠯ ᠤᠨ ᠶᠡᠷᠦᠩᠬᠡᠢ ᠵᠣᠭᠤᠰ ᠤᠨ ᠲᠤᠭ᠎ᠠ 357.42 ᠲᠦᠮᠡᠨ ᠲᠥᠭᠦᠷᠢᠭ ᠲᠤ ᠬᠦᠷᠴᠡᠢ᠃ | ᠡᠭᠦᠨ ᠳᠤ᠄ ᠲᠥᠪ ᠤᠨ ᠡᠳ᠋ ᠤᠨ ᠵᠠᠰᠠᠭ ᠤᠨ ᠨᠥᠬᠦᠪᠦᠷᠢ ᠮᠥᠩᠭᠦ 45% ᠶᠢ ᠡᠵᠡᠯᠡᠵᠦ᠂ ᠨᠡᠶᠢᠳᠡ 160.84 | ᠲᠦᠮᠡᠨ ᠲᠥᠭᠦᠷᠢᠭ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠨᠥᠬᠦᠪᠦᠷᠢ ᠮᠥᠩᠭᠦ 30% ᠶᠢ | ᠡᠵᠡᠯᠡᠬᠦ ᠬᠠᠷᠢᠴᠠᠯ ᠨᠢ 30% ᠳᠤ ᠨᠡᠶᠢᠳᠡ 107.23 ᠲᠦᠮᠡᠨ ᠲᠥᠭᠦᠷᠢᠭ᠂ ᠠᠶᠢᠮᠠᠭ ᠤᠨ ᠲᠡᠰ ᠤᠨ ᠡᠳ᠋ ᠤᠨ | ᠵᠠᠰᠠᠭ ᠤᠨ ᠨᠥᠬᠦᠪᠦᠷᠢ ᠮᠥᠩᠭᠦ ᠪᠡᠯᠡ ᠮᠥᠩᠭᠦ ᠶᠢᠨ ᠡᠵᠡᠯᠡᠬᠦ ᠬᠠᠷᠢᠴᠠᠯ ᠨᠢ 3% ᠳᠤ ᠨᠡᠶᠢᠳᠡ 10.72 ᠲᠦᠮᠡᠨ | ᠲᠥᠭᠦᠷᠢᠭ᠂ ᠬᠠᠮᠢᠶᠠᠷᠤᠯᠲᠠ ᠶᠢᠨ ᠣᠷᠣᠨ ᠤ ᠡᠳ᠋ ᠤᠨ ᠵᠠᠰᠠᠭ ᠤᠨ ᠨᠥᠬᠦᠪᠦᠷᠢ ᠪᠡᠯᠡ ᠮᠥᠩᠭᠦ ᠶᠢᠨ ᠡᠵᠡᠯᠡᠬᠦ ᠬᠠᠷᠢᠴᠠᠯ | ᠨᠢ 2% ᠳᠤ ᠨᠡᠶᠢᠳᠡ 7.15 ᠲᠦᠮᠡᠨ ᠲᠥᠭᠦᠷᠢᠭ᠂ ᠲᠠᠷᠢᠶᠠᠴᠢᠨ ᠡᠷᠦᠬᠡ ᠶᠢᠨ ᠥᠪᠡᠷ ᠢᠶᠠᠨ ᠰᠦᠢᠳᠬᠡᠯ | ᠲᠤᠰᠢᠶᠠᠭᠰᠠᠨ ᠡᠵᠡᠯᠡᠬᠦ ᠬᠠᠷᠢᠴᠠᠯ ᠨᠢ 20% ᠳᠤ ᠨᠡᠶᠢᠳᠡ 71.48 ᠲᠦᠮᠡᠨ ᠲᠥᠭᠦᠷᠢᠭ ᠪᠣᠯᠤᠭᠰᠠᠨ ᠪᠠᠶᠢᠨ᠎ᠠ᠃ | ᠬᠤᠶᠠᠷ᠂ ᠮᠠᠯ ᠠᠵᠤ ᠠᠬᠤᠢ ᠶᠢᠨ ᠳᠠᠭᠠᠳᠬᠠᠯ ᠤᠨ ᠪᠠᠶᠢᠳᠠᠯ | 1. ᠰᠠᠭᠠᠯᠢ ᠶᠢᠨ ᠦᠨᠢᠶ᠎ᠡ ᠶᠢᠨ ᠳᠠᠭᠠᠳᠬᠠᠯ | ᠰᠠᠭᠠᠯᠢ ᠶᠢᠨ ᠦᠨᠢᠶᠡᠨ ᠤ ᠳᠠᠭᠠᠳᠬᠠᠯ ᠤᠨ ᠲᠠᠯ᠎ᠠ ᠪᠠᠷ᠂ ᠨᠢᠭᠡᠳᠦᠭᠡᠷ ᠤᠯᠠᠷᠢᠯ ᠳᠤ ᠨᠡᠶᠢᠲᠡ 3976 | ᠰᠠᠭᠠᠯᠢ ᠶᠢᠨ ᠦᠨᠢᠶ᠎ᠡ ᠶᠢ ᠳᠠᠭᠠᠳᠬᠠᠭᠤᠯᠵᠤ᠂ ᠳᠠᠭᠠᠳᠬᠠᠯ ᠤᠨ ᠶᠡᠷᠦᠩᠬᠡᠢ ᠵᠣᠭᠤᠰ ᠤᠨ ᠲᠤᠭ᠎ᠠ 159.04 ᠲᠦᠮᠡᠨ | ᠲᠥᠭᠦᠷᠢᠭ ᠲᠤ ᠬᠦᠷᠴᠡᠢ᠃ ᠡᠭᠦᠨ ᠳᠤ᠄ ᠲᠥᠪ ᠤᠨ ᠨᠥᠬᠦᠪᠦᠷᠢ ᠮᠥᠩᠭᠦ 50 % ᠶᠢ ᠡᠵᠡᠯᠡᠵᠦ᠂ ᠨᠡᠶᠢᠳᠡ 79.52 | ᠲᠦᠮᠡᠨ ᠲᠥᠭᠦᠷᠢᠭ᠂ ᠥᠪᠡᠷᠲᠡᠭᠡᠨ ᠵᠠᠰᠠᠬᠤ ᠣᠷᠣᠨ ᠤ ᠨᠥᠬᠦᠪᠦᠷᠢ ᠮᠥᠩᠭᠦ 20% ᠶᠢ ᠡᠵᠡᠯᠡᠵᠦ᠂ ᠨᠡᠶᠢᠳᠡ 31. | 81 ᠲᠦᠮᠡᠨ ᠲᠥᠭᠦᠷᠢᠭ᠂ ᠠᠶᠢᠮᠠᠭ ᠤᠨ ᠲᠡᠰ ᠤᠨ ᠨᠥᠬᠦᠪᠦᠷᠢ ᠮᠥᠩᠭᠦ 3% ᠤᠨ ᠡᠵᠡᠯᠡᠬᠦ ᠬᠠᠷᠢᠴᠠᠯ ᠨᠢ 4. 77 | ᠲᠦᠮᠡᠨ ᠲᠥᠭᠦᠷᠢᠭ᠂ ᠬᠠᠮᠢᠶᠠᠷᠤᠯᠲᠠ ᠶᠢᠨ ᠣᠷᠣᠨ ᠤ ᠡᠳ᠋ ᠤᠨ ᠵᠠᠰᠠᠭ ᠤᠨ ᠨᠥᠬᠦᠪᠦᠷᠢ ᠮᠥᠩᠭᠦ ᠶᠢᠨ ᠡᠵᠡᠯᠡᠬᠦ | ᠬᠠᠷᠢᠴᠠᠯ ᠨᠢ 7% ᠳᠤ ᠨᠡᠶᠢᠳᠡ 11.13 ᠲᠦᠮᠡᠨ ᠲᠥᠭᠦᠷᠢᠭ᠂ ᠮᠠᠯᠴᠢᠨ ᠡᠷᠦᠬᠡ ᠶᠢᠨ ᠥᠪᠡᠷ ᠢᠶᠠᠨ ᠰᠦᠢᠳᠬᠡᠯ | ᠲᠤᠰᠢᠶᠠᠭᠰᠠᠨ ᠡᠵᠡᠯᠡᠬᠦ ᠬᠠᠷᠢᠴᠠᠯ ᠨᠢ 20% ᠳᠤ ᠬᠦᠷᠦᠭᠰᠡᠨ ᠪᠠᠶᠢᠨ᠎ᠠ᠃ | ᠬᠤᠶᠠᠳᠤᠭᠠᠷ ᠤᠯᠠᠷᠢᠯ ᠳᠤ ᠶᠡᠷᠦᠩᠬᠡᠢ ᠳᠠᠭᠠᠳᠬᠠᠭᠤᠯᠤᠭᠰᠠᠨ ᠰᠠᠭᠠᠯᠢ ᠶᠢᠨ ᠦᠨᠢᠶᠡᠨ ᠤ ᠲᠤᠭ᠎ᠠ ᠨᠡᠮᠡᠭᠳᠡᠭᠡᠳ | 5046 ᠪᠣᠯᠵᠤ᠂ ᠳᠠᠭᠠᠳᠬᠠᠯ ᠤᠨ ᠶᠡᠷᠦᠩᠬᠡᠢ ᠵᠣᠭᠤᠰ ᠤᠨ ᠲᠤᠭ᠎ᠠ ᠨᠢ 162.91 ᠲᠦᠮᠡᠨ ᠲᠥᠭᠦᠷᠢᠭ ᠪᠣᠯᠪᠠ᠃ | ᠭᠤᠷᠪᠠ᠂ ᠠᠯᠠᠰᠢᠨ ᠬᠤᠨᠢᠨ ᠤ ᠴᠠᠭ ᠠᠭᠤᠷ ᠤᠨ ᠵᠢᠭᠠᠯᠲᠠ ᠲᠤᠭ᠎ᠠ ᠶᠢᠨ ᠳᠠᠭᠠᠳᠬᠠᠯ ᠤᠨ ᠲᠥᠯᠥᠪᠦᠷᠢ | ᠠᠯᠠᠰᠢᠨ ᠬᠤᠨᠢᠨ ᠤ ᠴᠠᠭ ᠠᠭᠤᠷ ᠤᠨ ᠵᠢᠭᠠᠯᠲᠠ ᠲᠤᠭ᠎ᠠ ᠶᠢᠨ ᠳᠠᠭᠠᠳᠬᠠᠯ ᠤᠨ ᠳᠠᠭᠠᠳᠬᠠᠯ ᠳᠠᠭᠠᠭᠠᠴᠢᠯᠠᠭᠰᠠᠨ | ᠣᠷᠣᠨ ᠪᠦᠰᠡ ᠪᠣᠯ ᠬᠠᠯᠠᠭᠠᠶᠢᠲᠤ ᠲᠠᠷᠢᠶᠠᠯᠠᠩ ᠮᠠᠯᠵᠢᠯ ᠤᠨ ᠲᠠᠯᠠᠪᠠᠢ ᠵᠢᠴᠢ ᠪᠠᠶᠠᠨᠬᠤᠰᠢᠭᠤ ᠪᠠᠯᠭᠠᠰᠤ ᠪᠣᠯᠣᠨ᠎ᠠ᠂ | ᠳᠠᠭᠠᠳᠬᠠᠯ ᠳᠤ ᠣᠷᠣᠯᠴᠠᠭᠰᠠᠨ ᠠᠯᠠᠰᠢᠨ ᠬᠤᠨᠢᠨ ᠤ ᠲᠤᠭ᠎ᠠ ᠨᠡᠶᠢᠲᠡ 2 ᠲᠦᠮᠡ ᠪᠠᠶᠢᠵᠤ᠂ 53 ᠡᠷᠦᠬᠡ ︵ᠤᠳᠠᠭ᠎ᠠ︶ | ᠂ ᠶᠡᠷᠦᠩᠬᠡᠢ ᠳᠠᠭᠠᠳᠬᠠᠯ ᠤᠨ ᠵᠠᠷᠤᠳᠠᠯ 30 ᠲᠦᠮᠡᠨ ᠲᠥᠭᠦᠷᠢᠭ ᠪᠣᠯᠣᠨ᠎ᠠ᠃ ᠡᠭᠦᠨ ᠳᠤ᠄ ᠮᠤᠵᠢ ᠶᠢᠨ ᠱᠠᠲᠤᠨ ᠤ | ᠨᠥᠬᠦᠪᠦᠷᠢ ᠪᠡᠯᠡ ᠮᠥᠩᠭᠦᠨ ᠤ ᠡᠵᠡᠯᠡᠬᠦ ᠬᠠᠷᠢᠴᠠᠯ ᠨᠢ 40%᠂ ᠨᠡᠶᠢᠳᠡ 12 ᠲᠦᠮᠡᠨ ᠲᠥᠭᠦᠷᠢᠭ ᠢ ᠡᠵᠡᠯᠡᠵᠦ᠂ | ᠠᠶᠢᠮᠠᠭ ᠤᠨ ᠲᠡᠰ ᠤᠨ ᠨᠥᠬᠦᠪᠦᠷᠢ ᠪᠡᠯᠡ ᠮᠥᠩᠭᠦᠨ ᠤ ᠡᠵᠡᠯᠡᠬᠦ ᠬᠠᠷᠢᠴᠠᠯ ᠨᠢ 20% ᠲᠤ ᠬᠦᠷᠴᠦ᠂ | ᠬᠠᠮᠢᠶᠠᠷᠤᠯᠲᠠ ᠶᠢᠨ ᠣᠷᠣᠨ ᠤ ᠨᠥᠬᠦᠪᠦᠷᠢ ᠮᠥᠩᠭᠦ 20% ᠤᠨ ᠡᠵᠡᠯᠡᠬᠦ ᠬᠠᠷᠢᠴᠠᠯ ᠨᠢ 20% ᠲᠤ ᠬᠦᠷᠴᠦ᠂ | ᠮᠠᠯᠴᠢᠨ ᠡᠷᠦᠬᠡ ᠶᠢᠨ ᠥᠪᠡᠷ ᠢᠶᠠᠨ ᠲᠤᠰᠢᠶᠠᠬᠤ ᠰᠦᠢᠳᠬᠡᠯ ᠤᠨ ᠡᠵᠡᠯᠡᠬᠦ ᠬᠠᠷᠢᠴᠠᠯ ᠨᠢ 20% ᠲᠤ ᠬᠦᠷᠴᠦ᠂ | ᠨᠡᠶᠢᠳᠡ 6 ᠲᠦᠮᠡᠨ ᠲᠥᠭᠦᠷᠢᠭ ᠬᠦᠷᠦᠭᠰᠡᠨ ᠪᠠᠶᠢᠨ᠎ᠠ᠃ | ᠣᠳᠣᠬᠠᠨ ᠪᠣᠯᠲᠠᠯ᠎ᠠ ᠠᠯᠠᠰᠢᠨ ᠬᠤᠨᠢᠨ ᠤ ᠴᠠᠭ ᠠᠭᠤᠷ ᠤᠨ ᠵᠢᠭᠠᠯᠲᠠ ᠲᠤᠭ᠎ᠠ ᠴᠠᠰᠤᠨ ᠭᠠᠮᠰᠢᠭ ᠤᠨ | ᠳᠠᠭᠠᠳᠬᠠᠯ ᠳᠤ 53 ᠡᠷᠦᠬᠡ ᠤᠳᠠᠭ᠎ᠠ ᠲᠥᠯᠥᠪᠦᠷᠢ ᠥᠭᠴᠦ᠂25.5 ᠲᠦᠮᠡᠨ ᠲᠥᠭᠦᠷᠢᠭ ᠤᠨ ᠲᠥᠯᠥᠪᠦᠷᠢ ᠥᠭᠴᠦ᠂ | ᠲᠥᠯᠥᠪᠦᠷᠢ ᠶᠢᠨ ᠨᠣᠷᠮ᠎ᠠ ᠨᠢ 100% ᠬᠦᠷᠪᠡ᠃ | ᠳᠥᠷᠪᠡ᠂ ᠳ᠋ᠦᠩᠨᠡᠯᠲᠡ | ᠲᠥᠷᠥ ᠶᠢᠨ ᠪᠣᠳᠣᠯᠭ᠎ᠠ ᠶᠢᠨ ᠴᠢᠨᠠᠷᠲᠠᠢ ᠲᠠᠷᠢᠶᠠᠯᠠᠩ ᠤᠨ ᠳᠠᠭᠠᠳᠬᠠᠯ ᠢ ᠬᠡᠷᠡᠭᠵᠢᠭᠦᠯᠬᠦ ᠪᠠᠷ ᠳᠠᠮᠵᠢᠭᠤᠯᠤᠨ᠂ | ᠪᠠᠶᠢᠭᠠᠯᠢ ᠶᠢᠨ ᠭᠠᠮᠰᠢᠭ ᠤᠨ ᠤᠯᠠᠭᠠᠢ ᠬᠠᠮᠢᠶᠠᠷᠤᠯᠲᠠ ᠶᠢᠨ ᠣᠷᠣᠨ ᠤ ᠲᠠᠷᠢᠶᠠᠯᠠᠩ ᠮᠠᠯ ᠠᠵᠤ ᠠᠬᠤᠢ ᠳᠤ | ᠦᠵᠡᠭᠦᠯᠬᠦ ᠨᠥᠯᠥᠭᠡ ᠶᠢ ᠪᠦᠲᠦᠮᠵᠢᠲᠡᠶ ᠪᠠᠭᠤᠷᠠᠭᠤᠯᠬᠤ ᠶᠢᠨ ᠬᠠᠮᠲᠤ ᠳᠠᠭᠠᠳᠬᠠᠯ ᠤᠨ ᠬᠠᠮᠤᠷᠬᠤ ᠬᠡᠪᠴᠢᠶ᠎ᠡ | ᠲᠠᠰᠤᠷᠠᠯᠲᠠ ᠤᠶᠢᠭᠡᠢ ᠥᠷᠭᠡᠳᠴᠦ᠂ ᠲᠠᠷᠢᠶᠠᠴᠢᠨ ᠡᠷᠦᠬᠡ ᠳᠤ ᠨᠠᠩ ᠣᠯᠠᠨ ᠪᠠᠲᠤᠯᠠᠭ᠎ᠠ ᠬᠠᠩᠭᠠᠭᠰᠠᠨ ᠪᠠᠶᠢᠨ᠎ᠠ᠃ | ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠲᠠᠷᠢᠶᠠᠯᠠᠩ ᠤᠨ ᠳᠠᠭᠠᠳᠬᠠᠯ ᠤᠨ ᠬᠥᠭᠵᠢᠯᠲᠡ ᠶᠢᠨ ᠬᠥᠳᠡᠯᠦᠯ | ᠪᠠᠶᠢᠳᠠᠯ ᠢ ᠦᠷᠭᠦᠯᠵᠢᠯᠡᠨ ᠠᠩᠬᠠᠷᠴᠤ᠂ ᠪᠣᠳᠠᠲᠤ ᠪᠠᠶᠢᠳᠠᠯ ᠢᠶᠠᠨ ᠦᠨᠳᠦᠰᠦᠯᠡᠨ ᠳᠠᠭᠠᠳᠬᠠᠯ ᠤᠨ ᠠᠷᠭ᠎ᠠ | ᠪᠣᠳᠣᠯᠭ᠎ᠠ ᠳᠤ ᠲᠣᠬᠢᠷᠠᠭᠤᠯᠤᠯᠲᠠ ᠬᠢᠵᠦ᠂ ᠲᠠᠷᠢᠶᠠᠯᠠᠩ ᠤᠨ ᠦᠢᠯᠡᠳᠪᠦᠷᠢᠯᠡᠯ ᠳᠤ ᠨᠡᠩ ᠰᠠᠶᠢᠲᠤᠷ ᠦᠢᠯᠡᠴᠢᠯᠡᠵᠦ᠂ | ᠲᠠᠷᠢᠶᠠᠯᠠᠩ ᠤᠨ ᠦᠷᠭᠦᠯᠵᠢᠯᠡᠨ ᠬᠥᠭᠵᠢᠬᠦ ᠳᠤ ᠬᠦᠴᠦᠨ ᠲᠡᠭᠦᠯᠳᠡᠷ ᠪᠠᠲᠤᠯᠠᠭ᠎ᠠ ᠬᠠᠩᠭᠠᠬᠤ ᠬᠡᠷᠡᠭᠲᠡᠢ᠃ |